ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ 1000 ᠺᠢᠯᠣᠸᠠᠲ ᠤᠨ ᠥᠨᠳᠥᠷ ᠳᠠᠷᠤᠯᠲᠠᠲᠤ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠰᠢᠪᠲᠤᠷᠭᠠᠨ ᠳᠠᠭᠠᠨ ᠣᠷᠣᠵᠠᠶ
ᠨᠡᠶᠢᠲᠡᠯᠡᠭᠰᠡᠨ ᠴᠠᠭ᠄
2016/4/25
     
           4 ᠳ᠋ᠦ᠋ᠭᠡᠷ ᠰᠠᠷ᠎ᠠ ᠶᠢᠨ 22᠎ ᠤᠨ ᠡᠳᠦᠷ᠂ ᠠᠵᠢᠯᠴᠢᠳ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ 1000 ᠺᠢᠯᠣᠸᠠᠲ ᠤᠨ ᠬᠦᠴᠦᠳᠡᠯ ᠥᠭᠡᠷᠡᠴᠢᠯᠡᠬᠦ ᠴᠠᠬᠢᠯᠭᠠᠨ ᠥᠷᠲᠡᠭᠡᠨ ᠤ ᠪᠠᠷᠢᠯᠭ᠎ᠠ ᠳᠡᠭᠡᠷ᠎ᠡ ᠠᠵᠢᠯᠯᠠᠵᠤ ᠪᠠᠶᠢᠭ᠎ᠠ ᠨᠢ
     4 ᠳ᠋ᠦ᠋ᠭᠡᠷ ᠰᠠᠷ᠎ᠠ ᠶᠢᠨ 22᠎ ᠤᠨ ᠡᠳᠦᠷ᠂ ᠠᠵᠢᠯᠴᠢᠳ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ 1000 ᠺᠢᠯᠣᠸᠠᠲ ᠤᠨ ᠬᠦᠴᠦᠳᠡᠯ ᠥᠭᠡᠷᠡᠴᠢᠯᠡᠬᠦ ᠴᠠᠬᠢᠯᠭᠠᠨ ᠥᠷᠲᠡᠭᠡᠨ ᠤ ᠪᠠᠷᠢᠯᠭ᠎ᠠ ᠳᠡᠭᠡᠷ᠎ᠡ ᠠᠵᠢᠯᠯᠠᠵᠤ ᠪᠠᠶᠢᠭ᠎ᠠ ᠨᠢ᠃            ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ 1000 ᠺᠢᠯᠣᠸᠠᠲ ᠤᠨ ᠥᠨᠳᠥᠷ ᠳᠠᠷᠤᠯᠲᠠᠲᠤ ᠬᠤᠪᠢᠰᠤᠮᠠᠯ ᠴᠠᠬᠢᠯᠭᠠᠨ ᠤ ᠬᠦᠴᠦᠳᠡᠯ ᠥᠭᠡᠷᠡᠴᠢᠯᠡᠬᠦ ᠪᠠᠷᠢᠯᠭ᠎ᠠ ᠪᠣᠯ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢᠨ 12 ᠵᠤᠷᠪᠤᠰ ᠭᠤᠣᠯᠳᠠᠯᠭ᠎ᠠ ᠲᠠᠢ ᠴᠠᠬᠢᠯᠭᠠᠨ ᠬᠦᠷᠭᠡᠬᠦ ᠵᠠᠮ ᠤᠨ ᠨᠢᠭᠡ ᠮᠥᠨ᠂ ᠲᠥᠯᠥᠪᠯᠡᠭᠡ ᠶᠣᠰᠣᠭᠠᠷ 2016 ᠣᠨ ᠤ 7 ᠳ᠋ᠤᠭᠠᠷ ᠰᠠᠷ᠎ᠠ ᠶᠢᠨ 25᠎ ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠣᠳᠣᠬᠠᠨ ᠳᠤ᠂ ᠤᠯᠤᠰ ᠤᠨ ᠰᠦᠯᠵᠢᠶᠡᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠪᠠᠶᠢᠴᠠᠭᠠᠨ ᠵᠠᠰᠠᠬᠤ ᠺᠣᠮᠫᠠᠨᠢ ᠶᠢᠨ ᠪᠠᠷᠢᠯᠭ᠎ᠠ ᠶᠢᠨ ᠠᠵᠢᠯᠳᠠᠳ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ 1000 ᠺᠢᠯᠣᠸᠠᠲ ᠤᠨ ᠬᠦᠴᠣᠲᠠᠯ ᠥᠭᠡᠷᠡᠴᠢᠯᠡᠬᠦ ᠣᠢᠷᠲᠡᠭᠡ ᠶᠢᠨ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠲᠥᠬᠦᠭᠡᠷᠦᠮᠵᠢ ᠤᠭᠰᠠᠷᠠᠬᠤ ᠪᠠ ᠲᠤᠷᠰᠢᠨ ᠲᠣᠬᠢᠷᠠᠭᠤᠯᠬᠤ ᠠᠵᠢᠯ ᠢ ᠪᠠᠴᠢᠮ ᠪᠥᠭᠡᠳ ᠡᠮᠬᠢ ᠵᠢᠷᠤᠮ ᠲᠠᠢ ᠥᠷᠨᠢᠭᠦᠯᠵᠦ ᠪᠣᠢ᠃ ᠲᠤᠰ ᠱᠤᠭᠤᠮ ᠠᠰᠢᠭᠯᠠᠯᠲᠠ ᠳᠤ ᠣᠷᠣᠭᠰᠠᠨ ᠤ ᠲᠠᠷᠠᠭ᠎ᠠ ᠪᠡᠭᠡᠵᠢᠩ ᠲᠢᠶᠠᠨᠵᠢᠨ ᠾᠧᠪᠸᠢ ᠱᠠᠨᠳᠦ᠋ᠩ ᠭᠠᠵᠠᠷ ᠣᠷᠣᠨ ᠤ ᠴᠠᠬᠢᠯᠭᠠᠨ ᠬᠦᠴᠦᠨ ᠤ ᠠᠴᠢᠶᠠᠨ ᠤ ᠨᠡᠮᠡᠭᠳᠡᠬᠦ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠵᠢᠱᠢᠬᠦ ᠪᠠᠷ ᠴᠠᠬᠢᠯᠭᠠᠨ ᠬᠦᠴᠦᠨ ᠤ ᠠᠴᠢᠶᠠᠨ ᠤ ᠭᠤᠣᠯ ᠭᠠᠵᠠᠷ ᠣᠷᠣᠨ ᠤ ᠰᠢᠲᠠᠭᠠᠬᠤ ᠨᠡᠭᠦᠷᠡᠰᠦ ᠶᠢ ᠵᠢᠯ ᠪᠦᠷᠢ 3180 ᠲᠦᠮᠡᠨ ᠲᠣᠨ ᠪᠠᠭᠠᠰᠬᠠᠵᠤ᠂ ᠤᠲᠤᠭ᠎ᠠ ᠤᠨᠢᠶᠠᠷ ᠢ ᠭᠠᠳᠠᠭᠰᠢᠯᠠᠭᠤᠯᠬᠤ ᠬᠡᠮᠵᠢᠶ᠎ᠡ ᠶᠢ ᠵᠢᠯ ᠪᠦᠷᠢ 450 ᠲᠦᠮᠡᠨ ᠲᠣᠨ ᠪᠠᠭᠠᠰᠬᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号