| | ᠥᠪᠥᠷ ᠮᠣᠩᠭᠤᠯ ᠤᠨ ᠨᠥᠬᠦᠷᠯᠡᠯ ᠤᠨ ᠨᠡᠶᠢᠭᠡᠮᠯᠢᠭ ᠪᠠᠶᠢᠭᠤᠯᠤᠭᠳᠠᠭᠰᠠᠨ ᠵᠢᠴᠢ ᠠᠩᠬᠠᠳᠤᠭᠠᠷ | ᠬᠤᠭᠤᠴᠠᠭᠠᠨ ᠤ ᠬᠡᠷᠡᠭ ᠬᠢᠨᠠᠭᠴᠢᠳ ᠤᠨ ᠲᠤᠰᠢᠶᠠᠯ ᠬᠦᠯᠢᠶᠡᠬᠦ ᠶᠣᠰᠣᠯᠠᠯ 4 ᠳ᠋ᠦ᠋ᠭᠡᠷ ᠰᠠᠷ᠎ᠠ ᠶᠢᠨ 15 ᠤ ᠡᠳᠦᠷ | ᠶᠠᠪᠤᠭᠳᠠᠵᠤ᠂ ᠨᠡᠶᠢᠭᠡᠮᠯᠢᠭ ᠤᠨ ᠳᠠᠷᠤᠭ᠎ᠠ ᠲᠠᠨ ᠪᠥᠸᠧ ᠶᠧ ᠬᠡᠯᠡᠭᠰᠡᠨ ᠨᠢ᠂ ᠨᠥᠬᠦᠷᠯᠡᠯ ᠤᠨ ᠨᠡᠶᠢᠭᠡᠮᠯᠢᠭ ᠤᠨ | ᠲᠠᠪᠴᠠᠩ ᠢᠶᠠᠷ ᠳᠠᠮᠵᠢᠨ᠂ ᠬᠤᠶᠠᠷ ᠭᠠᠵᠠᠷ ᠤᠨ ᠠᠵᠤ ᠠᠬᠤᠶ᠂ ᠵᠢᠭᠤᠯᠴᠢᠯᠠᠯ᠂ ᠰᠣᠶᠣᠯ ᠪᠣᠯᠪᠠᠰᠤᠷᠠᠯ᠂ ᠰᠤᠷᠭᠠᠨ | ᠬᠥᠮᠦᠵᠢᠯ ᠪᠠ ᠦᠢᠯᠡᠳᠪᠦᠷᠢ ᠬᠤᠳᠠᠯᠳᠤᠭᠠᠨ ᠤ ᠰᠣᠯᠢᠯᠴᠠᠭ᠎ᠠ ᠵᠢᠴᠢ ᠬᠠᠮᠲᠤᠷᠠᠯᠴᠠᠭ᠎ᠠ ᠶᠢ ᠢᠳᠡᠪᠬᠢᠲᠡᠶ ᠪᠠᠷ ᠲᠦᠯᠬᠢᠨ | ᠠᠬᠢᠭᠤᠯᠬᠤ ᠪᠠ ᠪᠦᠯᠬᠦᠮᠳᠡᠭᠦᠯᠵᠦ᠂ ᠬᠤᠶᠠᠷ ᠭᠠᠵᠠᠷ ᠤᠨ ᠬᠥᠭᠵᠢᠯᠲᠡ ᠳᠤ ᠬᠠᠮᠲᠤᠪᠡᠷ ᠬᠤᠪᠢ ᠨᠡᠮᠡᠷᠢ ᠪᠠᠨ | ᠦᠵᠡᠭᠦᠯᠦᠨ᠎ᠡ᠃ ᠠᠵᠤ ᠠᠬᠤᠶ ᠡᠳ᠋ ᠤᠨ ᠵᠠᠰᠠᠭ ᠤᠨ ᠵᠤᠷᠭᠠᠨ ᠤ ᠳᠠᠷᠤᠭ᠎ᠠ ᠯᠢᠶᠠᠩ ᠸᠧᠶ ᠲᠧ ᠠᠴᠠ | CEPA ᠶᠢᠨ ᠪᠣᠷᠣ ᠲᠦᠯᠦᠪ ᠤᠨ ᠬᠡᠷᠡᠭᠵᠢᠭᠦᠯᠦᠯᠲᠡ ᠳᠣᠣᠷ᠎ᠠ᠂ ᠣᠣᠮᠧᠨ ᠪᠣᠯᠤᠨ ᠥᠪᠥᠷ ᠮᠣᠩᠭᠤᠯ ᠤᠨ ᠠᠵᠤ | ᠦᠢᠯᠡᠰ ᠤᠨ ᠵᠤᠯᠭᠠᠭᠤᠯᠬᠤ ᠬᠠᠮᠲᠤᠷᠠᠯᠴᠠᠭ᠎ᠠ ᠶᠢ ᠴᠢᠩᠭᠠᠷᠠᠭᠤᠯᠤᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠲᠤᠰᠢᠶᠠᠯ ᠬᠦᠯᠢᠶᠡᠬᠦ ᠶᠣᠰᠣᠯᠠᠯ ᠨᠢ ᠥᠴᠥᠭᠡᠳᠦᠷ ᠰᠦᠨᠢ ᠶᠢᠨ ᠳᠣᠯᠣᠭᠠᠨ ᠴᠠᠭ ᠲᠤ ᠵᠢᠶᠡ ᠢᠤᠢ ᠷᠧᠨ | ᠭᠠᠷᠠᠮ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠂ ᠶᠣᠰᠣᠯᠠᠯ ᠳᠤ ᠵᠠᠰᠠᠭ ᠵᠠᠬᠢᠷᠭᠠᠨ ᠤ ᠳᠠᠷᠤᠭ᠎ᠠ | ᠼᠦᠢ ᠱᠢ ᠠᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ | ᠂ ᠲᠥᠪ ᠤᠨ ᠠᠷᠠᠳ ᠤᠨ ᠵᠠᠰᠠᠭ ᠤᠨ ᠣᠷᠳᠣᠨ ᠤ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠳᠤ | ᠰᠠᠭᠤᠭ᠎ᠠ ᠬᠤᠯᠪᠣᠭ᠎ᠠ ᠠᠪᠬᠤ ᠠᠯᠪᠠᠨ ᠭᠡᠷ ᠤᠨ ᠳᠡᠳ᠋ ᠡᠷᠬᠢᠯᠡᠭᠴᠢ ᠴᠧᠨ ᠰᠧ ᠰᠢ᠂ ᠬᠠᠤᠯᠢ ᠲᠣᠭᠲᠠᠭᠠᠬᠤ | ᠬᠤᠷᠠᠯ ᠤᠨ ᠲᠡᠷᠢᠭᠦᠯᠡᠭᠴᠢ ᠾᠧ ᠢ ᠴᠧᠩ᠂ ᠠᠵᠤ ᠠᠬᠤᠶ ᠡᠳ᠋ ᠤᠨ ᠵᠠᠰᠠᠭ ᠤᠨ ᠵᠤᠷᠭᠠᠨ ᠤ ᠳᠠᠷᠤᠭ᠎ᠠ ᠯᠢᠶᠠᠩ ᠸᠧᠶ | ᠲᠧ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠰᠢᠶᠠᠩ | ᠳ᠋ᠦᠩ ᠵᠡᠷᠭᠡ ᠤᠷᠤᠯᠴᠠᠪᠠ᠃ ᠲᠤᠰᠢᠶᠠᠯ ᠬᠦᠯᠢᠶᠡᠬᠦ ᠶᠣᠰᠣᠯᠠᠯ ᠳᠡᠭᠡᠷ᠎ᠡ ᠯᠢᠶᠠᠩ ᠸᠧᠶ ᠲᠧ ᠤᠨ ᠬᠢᠨᠠᠯᠲᠠ ᠳᠣᠣᠷ᠎ᠠ᠂ | ᠲᠠᠨ ᠪᠥᠸᠧ ᠶᠧ ᠶᠢᠨ ᠳᠠᠭᠠᠭᠤᠯᠤᠯᠤᠭᠠ ᠪᠠᠷ᠂ ᠠᠩᠬᠠᠳᠤᠭᠠᠷ ᠬᠤᠭᠤᠴᠠᠭᠠᠨ ᠤ ᠬᠡᠷᠡᠭ ᠬᠢᠨᠠᠭᠴᠢᠳ ᠲᠠᠩᠭᠠᠷᠢᠭᠯᠠᠵᠤ | ᠲᠤᠰᠢᠶᠠᠯ ᠳᠤ ᠪᠠᠨ ᠭᠠᠷᠪᠠ᠃ | ᠲᠠᠨ ᠪᠦᠸᠧ ᠶᠧ ᠠᠴᠠ ᠥᠪᠥᠷ ᠮᠣᠩᠭᠤᠯ᠂ ᠣᠣᠮᠧᠨ ᠤ ᠣᠳᠣᠬᠢ ᠬᠥᠭᠵᠢᠯᠲᠡ ᠶᠢᠨ ᠪᠠᠶᠢᠳᠠᠯ ᠢ | ᠲᠠᠨᠢᠯᠴᠠᠭᠤᠯᠪᠠ᠃ ᠪᠠᠰᠠ ᠬᠤᠶᠠᠷ ᠭᠠᠵᠠᠷ ᠤᠨ ᠠᠷᠠᠳ ᠲᠦᠮᠡᠨ ᠤ ᠰᠡᠳᠬᠢᠯ ᠳᠤ ᠲᠦᠰᠢᠭᠯᠡᠨ᠂ ᠠᠵᠠ ᠲᠣᠬᠢᠶᠠᠯ ᠢ | ᠡᠵᠡᠮᠳᠡᠨ ᠤᠯᠤᠰ ᠤᠷᠤᠨ ᠤ ᠬᠥᠭᠵᠢᠯᠲᠡ ᠳᠤ ᠠᠭᠤᠰᠬᠠᠵᠤ᠂ ᠳᠣᠲᠣᠷ ᠭᠠᠵᠠᠷ ᠬᠢᠭᠡᠳ ᠣᠣᠮᠧᠨ ᠤ ᠠᠵᠤ | ᠠᠬᠤᠶᠢᠯᠠᠯ ᠲᠤᠰ ᠲᠤᠰ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠶᠢ ᠢᠲᠡᠭᠡᠵᠦ ᠪᠠᠶᠢᠨ᠎ᠠ ᠭᠡᠪᠡ᠃ | ᠯᠢᠶᠠᠩ ᠸᠧᠶ ᠲᠧ ᠬᠡᠯᠡᠭᠰᠡᠨ ᠨᠢ᠂ ᠣᠣᠮᠧᠨ ᠬᠢᠭᠡᠳ ᠥᠪᠥᠷ ᠮᠣᠩᠭᠤᠯ ᠬᠡᠳᠦ᠋ᠢᠪᠡᠷ ᠠᠯᠤᠰ ᠵᠠᠶᠢᠲᠠᠶ | ᠪᠣᠯᠪᠠᠴᠤ᠂ ᠨᠢᠭᠡ ᠪᠦᠯᠦᠭ ᠣᠣᠮᠧᠨ ᠪᠣᠯᠤᠨ ᠦᠪᠦᠷ ᠮᠣᠩᠭᠤᠯ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠳᠤ | ᠬᠠᠯᠠᠭᠤᠨ ᠰᠡᠳᠬᠢᠯ ᠲᠠᠢ ᠭᠠᠷᠮᠠᠭᠠᠶ ᠬᠤᠳᠠᠯᠳᠤᠭᠠᠴᠢᠨ ᠪᠠ ᠨᠡᠶᠢᠭᠡᠮ ᠤᠨ ᠤᠬᠢ ᠰᠣᠳᠤᠨ ᠢᠶᠠᠷ ᠪᠦᠷᠢᠯᠳᠦᠭᠰᠡᠨ | ᠣᠣᠮᠧᠨ ᠪᠣᠯᠤᠨ ᠮᠣᠩᠭᠤᠯ ᠤᠨ ᠨᠥᠬᠦᠷᠯᠡᠯ ᠤᠨ ᠨᠡᠶᠢᠭᠡᠮᠯᠢᠭ ᠨᠢ᠂ ᠣᠣᠮᠧᠨ ᠪᠣᠯᠤᠨ ᠦᠪᠦᠷ ᠮᠣᠩᠭᠤᠯ ᠤᠨ | ᠰᠣᠯᠢᠯᠴᠠᠭ᠎ᠠ ᠪᠠ ᠬᠠᠮᠲᠤᠷᠠᠯᠴᠠᠭ᠎ᠠ ᠶᠢᠨ ᠬᠦᠭᠵᠢᠯᠲᠡ ᠶᠢ ᠠᠬᠢᠭᠤᠯᠬᠤ ᠨᠢ ᠯᠠᠪᠲᠠᠶ ᠭᠡᠳᠡᠭ ᠢ ᠢᠲᠡᠭᠡᠵᠦ ᠪᠠᠶᠢᠨ᠎ᠠ᠃ | ᠥᠪᠥᠷ ᠮᠣᠩᠭᠤᠯ ᠣᠳᠣ ᠶᠠᠭ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠵᠤ᠂ ᠣᠣᠮᠧᠨ ᠴᠦ ᠮᠦᠨ ᠠᠵᠤ ᠠᠬᠤᠶ ᠪᠠᠨ ᠵᠣᠬᠢᠴᠠᠩᠭᠤᠢ ᠪᠠᠷ ᠤᠯᠠᠨ ᠡᠰᠢᠵᠢᠭᠦᠯᠬᠦ ᠶᠢ | ᠠᠬᠢᠭᠤᠯᠵᠤ ᠪᠠᠶᠢᠨ᠎ᠠ᠃ ᠴᠤᠭ ᠪᠠᠳᠠᠷᠠᠩᠭᠤᠶ ᠤᠷᠤᠭᠰᠢᠯᠠᠨ ᠦᠭᠡᠳᠡᠯᠡᠬᠦ ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠬᠢᠭᠡᠳ ᠨᠡᠭᠡᠭᠡᠯᠲᠡᠲᠡᠶ ᠪᠠᠭᠲᠠᠭᠠᠮᠵᠢᠲᠠᠶ ᠣᠣᠮᠧᠨ ᠤ ᠳᠠᠯᠠᠢ ᠲᠠᠩᠭᠢᠰ ᠤᠨ ᠰᠣᠶᠣᠯ ᠨᠢ ᠲᠤᠰ ᠲᠤᠰ ᠤᠨ ᠢᠶᠠᠨ | ᠳᠠᠪᠠᠭᠤᠯᠢᠭ ᠲᠠᠢ ᠪᠠᠶᠢᠵᠤ᠂ ᠬᠠᠮᠲᠤᠷᠠᠯᠴᠠᠭᠠᠨ ᠤ ᠣᠷᠣᠨ ᠵᠠᠶ ᠶᠢ ᠯᠤᠲᠤ ᠶᠡᠭᠡ ᠪᠠᠶᠢᠨ᠎ᠠ᠃ CEPA ᠶᠢᠨ ᠪᠣᠷᠣ | ᠲᠦᠯᠦᠪ ᠤᠨ ᠬᠡᠷᠡᠭᠵᠢᠭᠦᠯᠦᠯᠲᠡ ᠳᠣᠣᠷ᠎ᠠ᠂ ᠣᠣᠮᠧᠨ ᠪᠣᠯᠤᠨ ᠥᠪᠥᠷ ᠮᠣᠩᠭᠤᠯ ᠤᠨ ᠠᠵᠤ ᠦᠢᠯᠡᠰ ᠢ ᠵᠤᠯᠭᠠᠭᠤᠯᠬᠤ | ᠬᠠᠮᠲᠤᠷᠠᠯᠴᠠᠭ᠎ᠠ ᠶᠢ ᠴᠢᠩᠭᠠᠷᠠᠭᠤᠯᠤᠨ ᠠᠬᠢᠭᠤᠯᠵᠤ᠂ ᠬᠤᠶᠠᠷ ᠭᠠᠵᠠᠷ ᠤᠨ ᠬᠠᠮ ᠦᠵᠡᠰᠬᠦᠯᠡᠩ᠂ ᠮᠥᠩᠭᠦᠨ | ᠭᠦᠢᠯᠭᠡᠭᠡ᠂ ᠵᠢᠭᠤᠯᠴᠢᠯᠠᠯ᠂ ᠰᠣᠶᠣᠯ ᠵᠡᠷᠭᠡ ᠬᠦᠷᠢᠶᠡᠨ ᠳᠠᠬᠢ ᠭᠦᠨᠵᠡᠭᠡᠶᠢᠷᠡᠭᠰᠡᠨ ᠬᠠᠮᠲᠤᠷᠠᠯᠴᠠᠭ᠎ᠠ ᠶᠢ ᠪᠦᠬᠦ | ᠲᠠᠯ᠎ᠠ ᠪᠠᠷ ᠠᠬᠢᠭᠤᠯᠤᠨ᠂ ᠢᠯᠠᠩᠭᠤᠶ᠎ᠠ ᠬᠤᠶᠠᠷ ᠲᠠᠯ᠎ᠠ ᠶᠢᠨ ᠳᠠᠪᠠᠭᠤᠯᠢᠭ ᠢ ᠤᠶᠠᠯᠳᠤᠭᠤᠯᠵᠤ᠂ ᠭᠠᠷ ᠢᠶᠠᠨ ᠬᠤᠯᠪᠤᠨ | ︽ᠭᠠᠳᠠᠭᠰᠢ ᠭᠠᠷᠴᠤ︾᠂ ᠳᠡᠯᠡᠬᠡᠶ ᠶᠢᠨ ᠵᠠᠬ᠎ᠠ ᠳᠡᠯᠭᠡᠭᠦᠷ ᠢ ᠨᠡᠬᠡᠬᠡᠬᠦ ᠶᠢ ᠬᠦᠰᠡᠵᠦ ᠪᠠᠶᠢᠨ᠎ᠠ᠃ ᠣᠨᠴᠠᠭᠠᠢ | ᠣᠷᠣᠨ ᠤ ᠵᠠᠰᠠᠭ ᠤᠨ ᠣᠷᠳᠣᠨ ᠠᠴᠠ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠣᠣᠮᠧᠨ ᠪᠣᠯᠤᠨ ᠦᠪᠦᠷ | ᠮᠣᠩᠭᠤᠯ ᠤᠨ ᠬᠠᠮᠲᠤᠷᠠᠯᠴᠠᠭ᠎ᠠ ᠶᠢ ᠳᠡᠮᠵᠢᠨ ᠬᠠᠪᠰᠤᠷᠤᠨ᠎ᠠ ᠭᠡᠪᠡ᠃ | ᠰᠢᠶᠠᠩ ᠳ᠋ᠦᠩ ᠬᠡᠯᠡᠭᠰᠡᠨ ᠨᠢ᠂ ᠲᠤᠰ ᠨᠡᠶᠢᠭᠡᠮᠯᠢᠭ ᠢ ᠪᠠᠶᠢᠭᠤᠯᠤᠭᠰᠠᠨ ᠨᠢ ᠣᠣᠮᠧᠨ ᠬᠢᠭᠡᠳ ᠥᠪᠥᠷ | ᠮᠣᠩᠭᠤᠯ ᠤᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠬᠤ ᠳᠤ ᠬᠥᠭᠦᠷᠭᠡ ᠲᠠᠯᠪᠢᠨ᠂ ᠬᠠᠮᠲᠤᠷᠠᠯᠴᠠᠭ᠎ᠠ | ᠰᠣᠯᠢᠯᠴᠠᠭᠠᠨ ᠤ ᠲᠠᠪᠴᠠᠩ ᠢ ᠪᠦᠲᠦᠭᠡᠨ ᠪᠠᠶᠢᠭᠤᠯᠵᠤ᠂ ᠦᠪᠦᠷ ᠮᠣᠩᠭᠤᠯ ᠪᠣᠯᠤᠨ ᠣᠣᠮᠧᠨ ᠤ ᠰᠣᠯᠢᠯᠴᠠᠭ᠎ᠠ | ᠬᠠᠮᠲᠤᠷᠠᠯᠴᠠᠭ᠎ᠠ ᠶᠢ ᠨᠡᠮᠡᠭᠳᠡᠭᠦᠯᠦᠨ᠂ ᠬᠠᠷᠢᠯᠴᠠᠨ ᠨᠡᠪᠲᠡᠷᠡᠯᠴᠡᠨ ᠠᠭᠤᠰᠤᠯᠴᠠᠵᠤ᠂ ᠢᠳᠡᠪᠬᠢᠲᠡᠶ ᠪᠠᠷ ᠲᠦᠯᠬᠢᠨ | ᠠᠬᠢᠭᠤᠯᠬᠤ ᠦᠢᠯᠡᠳᠦᠯ ᠲᠠᠢ ᠶᠤᠮ᠂ ᠬᠤᠶᠢᠰᠢᠳᠠ ᠶᠢᠨ ᠬᠤᠶᠠᠷ ᠭᠠᠵᠠᠷ ᠤᠨ ᠬᠢᠨ ᠰᠠᠶᠢᠨ ᠲᠠᠢ ᠲᠠᠯ᠎ᠠ ᠪᠠᠨ ᠠᠪᠴᠤ | ᠰᠠᠭᠠᠷᠠᠤ ᠲᠠᠯ᠎ᠠ ᠪᠠᠨ ᠨᠥᠬᠦᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠨ᠎ᠡ ᠭᠡᠪᠡ᠃ | ᠬᠤᠷᠠᠯ ᠳᠡᠭᠡᠷ᠎ᠡ᠂ ᠲᠤᠰ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠰᠢᠦᠢ ᠸᠧᠨ ᠴᠢᠤᠢ ᠠᠴᠠ | ᠲᠠᠯᠠᠷᠬᠠᠯ ᠤᠨ ᠦᠭᠡ ᠪᠠ ᠬᠡᠷᠡᠭ ᠡᠷᠬᠢᠯᠡᠭᠴᠢᠳ ᠤᠨ ᠳᠠᠷᠤᠭ᠎ᠠ ᠬᠤ᠋ ᠵᠢᠩ ᠭᠤᠸᠠᠩ ᠠᠴᠠ ᠠᠷᠢᠬᠢ ᠵᠠᠰᠠᠬᠤ ᠦᠭᠡ | ᠬᠡᠯᠡᠪᠡ᠃ |