ᠥᠪᠥᠷ ᠮᠣᠩᠭᠤᠯ ᠤᠨ 17 ᠲᠦᠮᠡ ᠭᠠᠷᠤᠢ ᠬᠥᠮᠦᠨ  ︽ᠠᠯᠪᠠᠲᠠᠨ ᠤ ᠰᠢᠯᠭᠠᠯᠲᠠ︾᠎ ᠳᠤ ᠣᠷᠣᠯᠴᠠᠵᠤ  ᠥᠷᠢᠰᠥᠯᠳᠦᠬᠦ ᠬᠠᠷᠢᠴᠠᠯ ᠨᠢ 47.5:1᠎ ᠳᠤ ᠬᠦᠷᠪᠡ
ᠨᠡᠶᠢᠲᠡᠯᠡᠭᠰᠡᠨ ᠴᠠᠭ᠄
2016/4/25
     ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠯᠠᠨ ᠲᠦᠮᠡᠨ ᠤ ᠪᠠᠶᠢᠭᠤᠯᠭ᠎ᠠ ᠪᠣᠯᠣᠨ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠡ ᠶᠢᠨ 2016 ᠣᠨ ᠤ ᠪᠢᠷ ᠤᠨ ᠰᠢᠯᠭᠠᠯᠲᠠ ᠡᠬᠢᠯᠡᠪᠡ᠃ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ ᠤᠨ ᠪᠦᠷᠢᠳᠬᠡᠯ ᠢ ᠦᠨᠳᠦᠰᠦᠯᠡᠪᠡᠯ᠂ ᠡᠨᠡ ᠤᠳᠠᠭᠠᠨ ᠤ ︽ᠠᠯᠪᠠᠲᠠᠨ ᠤ ᠰᠢᠯᠭᠠᠯᠲᠠ︾᠎ ᠳᠤ ᠨᠡᠶᠢᠲᠡ 3613 ᠬᠥᠮᠦᠨ  ᠡᠯᠰᠡᠨ᠂ ᠨᠢᠳᠤᠨᠤᠨ ᠤ 3832 ᠬᠥᠮᠦᠨ ᠠᠴᠠ 219 ᠬᠥᠮᠦᠨ ᠬᠠᠰᠤᠭᠳᠠᠵᠤ᠂ 171508 ᠬᠥᠮᠥᠨ ᠰᠢᠯᠭᠠᠯᠲᠠ ᠳᠤ ᠣᠷᠣᠯᠴᠠᠬᠤ ᠶᠢ ᠨᠣᠲᠠᠯᠠᠵᠤ᠂ ᠥᠷᠢᠰᠥᠯᠳᠦᠬᠦ ᠬᠠᠷᠢᠴᠠᠯ ᠨᠢ ᠪᠠᠷᠤᠭ 47.5:1 ᠪᠣᠯᠣᠨ᠎ᠠ᠃ ᠪᠢᠷ ᠤᠨ ᠰᠢᠯᠭᠠᠯᠲᠠ ᠶᠢᠨ ᠭᠠᠵᠠᠷ ᠨᠢ ᠪᠦᠬᠦ ᠣᠷᠣᠨ ᠤ 12 ᠠᠶᠢᠮᠠᠭ ᠬᠤᠳᠠ ᠪᠠᠷ ᠲᠠᠷᠬᠠᠵᠤ᠂  ᠭᠠᠭᠴᠠᠬᠠᠨ ᠬᠦᠬᠡᠬᠤᠲᠠ ᠳᠤ ᠳᠠᠷᠤᠢ 36 ᠰᠢᠯᠭᠠᠯᠲᠠ ᠶᠢᠨ ᠭᠠᠵᠠᠷ ᠲᠣᠬᠢᠷᠠᠭᠤᠯᠪᠠ᠃      ᠡᠨᠡ ᠵᠢᠯ᠂ ᠮᠠᠨ ᠤ ᠣᠷᠣᠨ ᠤ ︽ᠠᠯᠪᠠᠲᠠᠨ ᠤ ᠰᠢᠯᠭᠠᠯᠲᠠ︾᠎ ᠶᠢᠨ ᠵᠠᠰᠠᠭ ᠵᠠᠬᠢᠷᠭᠠᠨ ᠤ ᠰᠢᠯᠭᠠᠯᠲᠠ ᠨᠢ ᠮᠦᠨ ᠬᠦ 120 ᠰᠡᠳᠦᠪ ᠲᠠᠢ ᠪᠠᠶᠢᠵᠤ᠂ ᠶᠡᠷᠦ ᠶᠢᠨ ᠮᠡᠳᠡᠯᠭᠡ ᠶᠢᠨ ᠮᠠᠭᠠᠳᠯᠠᠯ᠂ ᠬᠡᠯᠡ ᠶᠠᠷᠢᠶᠠᠨ ᠤ ᠣᠶᠢᠯᠠᠭᠠᠯᠲᠠ ᠬᠢᠭᠡᠳ ᠢᠯᠡᠳᠬᠡᠯᠲᠡ᠂ ᠲᠤᠭ᠎ᠠ ᠬᠡᠮᠵᠢᠶ᠎ᠡ ᠶᠢᠨ ᠬᠠᠷᠢᠴᠠᠭ᠎ᠠ᠂ ᠮᠠᠭᠠᠳᠯᠠᠯ ᠵᠦᠢᠴᠢᠯᠡᠯ᠂ ᠮᠠᠲ᠋ᠧᠷᠢᠶᠠᠯ ᠵᠠᠳᠠᠯᠤᠯᠲᠠ ᠵᠡᠷᠭᠡ ᠳᠤ ᠬᠤᠯᠪᠣᠭᠳᠠᠬᠤ ᠲᠠᠪᠤᠨ ᠶᠡᠭᠡ ᠰᠡᠳᠦᠪ ᠤᠨ ᠬᠡᠯᠪᠡᠷᠢ ᠶᠢ ᠠᠪᠴᠠᠢ᠃ ᠲᠤᠰᠬᠠᠶ ᠮᠡᠷᠭᠡᠵᠢᠯᠲᠡᠨ ᠬᠡᠯᠡᠬᠦ ᠳᠡᠭᠡᠨ᠂ ᠰᠢᠯᠭᠠᠯᠲᠠ ᠶᠢᠨ ᠰᠡᠳᠦᠪ ᠤᠨ ᠬᠡᠯᠪᠡᠷᠢ ᠶᠢᠨ ᠲᠠᠯ᠎ᠠ ᠠᠴᠠ ᠠᠪᠴᠤ ᠦᠵᠡᠪᠡᠯ᠂ 2016 ᠣᠨ ᠤ ᠠᠰᠠᠭᠤᠯᠲᠠ ᠶᠢᠨ ᠠᠷᠭ᠎ᠠ ᠬᠡᠯᠪᠡᠷᠢ ᠨᠢ ᠨᠡᠩ ᠰᠢᠨ᠎ᠡ ᠰᠡᠪᠡᠭᠦᠨ᠂ ᠰᠢᠯᠭᠠᠨ ᠪᠠᠶᠢᠴᠠᠭᠠᠬᠤ ᠠᠭᠤᠯᠭ᠎ᠠ ᠨᠢ ᠨᠡᠩ ᠠᠮᠢᠳᠤᠯᠢᠭ᠂ ᠬᠦᠴᠢᠷ ᠤᠨ ᠬᠡᠮᠵᠢᠶ᠎ᠡ ᠨᠢ ᠴᠦ ᠵᠣᠬᠢᠴᠠᠩᠭᠤᠶ ᠪᠠᠷ ᠨᠡᠮᠡᠭᠳᠡᠭᠰᠡᠨ ᠪᠠᠶᠢᠨ᠎ᠠ᠃ ᠥᠭᠦᠯᠡᠬᠦᠢ ᠶᠢᠨ ᠰᠡᠳᠦᠪ ᠨᠢ ︽ᠬᠤᠶᠠᠷ ᠢ ᠡᠭᠦᠳᠬᠦ︾ ᠭᠡᠬᠦ ᠭᠤᠣᠯ ᠰᠡᠳᠦᠪ ᠲᠤ ᠲᠥᠪᠯᠡᠷᠡᠵᠦ᠂ ︽ᠢᠨᠲ᠋ᠧᠷ ᠰᠦᠯᠵᠢᠶ᠎ᠡ +᠂ ᠤᠯᠠᠨ ᠤ ᠬᠤᠷᠠᠮᠳᠤᠭᠤᠯᠤᠯ︾ ᠵᠡᠷᠭᠡ ᠠᠯᠢ ᠣᠯᠠᠨ ᠶᠠᠷᠢᠶᠠᠨ ᠤ  ᠮᠠᠲ᠋ᠧᠷᠢᠶᠠᠯ ᠢᠶᠠᠷ ᠰᠡᠳᠦᠪᠯᠡᠨ ᠵᠣᠬᠢᠶᠠᠪᠠ᠃ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠡᠨᠡ ᠵᠢᠯ ᠤᠨ ᠦᠭᠦᠯᠡᠬᠦᠢ ᠶᠢᠨ ᠰᠡᠳᠦᠪ ᠨᠢ ᠮᠠᠲ᠋ᠧᠷᠢᠶᠠᠯ ᠰᠣᠩᠭᠤᠬᠤ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠲᠠᠭᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠴᠢᠩᠭ᠎ᠠ ᠳᠠᠭᠠᠪᠠ︔ ᠰᠡᠳᠦᠪ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠰᠡᠳᠦᠪ ᠤᠨ ᠲᠤᠭ᠎ᠠ ᠬᠡᠮᠵᠢᠶ᠎ᠡ ᠰᠡᠳᠦᠪ ᠤᠨ ᠬᠡᠯᠪᠡᠷᠢ ᠨᠦᠭᠦᠳ ᠨᠢ ᠨᠡᠯᠢᠶᠡᠳ ᠲᠣᠭᠲᠠᠪᠤᠷᠢᠵᠢᠵᠤ᠂ ᠨᠡᠶᠢᠳᠡ ᠭᠤᠷᠪᠠᠨ ᠬᠡᠯᠪᠡᠷᠢ ᠶᠢᠨ 4 ᠰᠡᠳᠦᠪ ᠭᠠᠷᠪᠠ᠃ ᠦᠭᠦᠯᠡᠬᠦᠢ ᠶᠢᠨ ᠰᠡᠳᠦᠪ ᠨᠢ ᠠᠳᠠᠯ ᠦᠢᠯᠡᠰ ᠴᠣᠭᠴᠠᠯᠠᠬᠤ ᠪᠠᠷ ᠰᠡᠳᠦᠪᠯᠡᠵᠦ᠂ ᠥᠭᠭᠦᠭᠳᠡᠭᠰᠡᠨ ᠮᠠᠲ᠋ᠧᠷᠢᠶᠠᠯ ᠳᠤ  ︽ᠶᠡᠭᠡ ᠰᠤᠷᠭᠠᠭᠤᠯᠢ ᠶᠢᠨ ᠤᠶᠤᠲᠠᠳ ᠤᠨ ᠠᠳᠠᠯ ᠦᠢᠯᠡᠰ ᠴᠣᠭᠴᠠᠯᠠᠬᠤ ᠤᠷᠤᠯᠳᠤᠭᠠᠨ︾᠂ ︽ᠴᠤᠭ ᠲᠠᠭᠠᠨ ᠳᠠᠭᠤᠯᠠᠶ᠎ᠠ APP︾᠂ ︽ᠪᠢᠳ᠋ᠸᠤ ᠺᠣᠹᠧ ᠶᠢᠨ ᠮᠣᠬᠤᠯᠠᠭ︾ ᠵᠡᠷᠭᠡ ᠵᠢᠱᠢᠶ᠎ᠡ ᠬᠤᠯᠪᠣᠭᠳᠠᠵᠤ᠂ ᠡᠨᠡ ᠪᠣᠯ ᠣᠳᠣᠬᠠᠨ ᠤ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠴᠠᠭ ᠦᠶ᠎ᠡ ᠶᠢᠨ ᠬᠤᠷᠢᠶᠠᠩᠭᠤᠶ ᠳᠦᠷᠰᠦ ᠪᠣᠯᠣᠨ᠎ᠠ᠃       ᠪᠢᠷ ᠤᠨ ᠰᠢᠯᠭᠠᠯᠲᠠ ᠳᠠᠭᠤᠰᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠢᠷᠢ ᠲᠡᠩᠴᠡᠭᠦ ᠬᠠᠮᠤᠭ ᠤᠨ ᠳᠣᠣᠷ᠎ᠠ ᠬᠤᠪᠢ ᠶᠢᠨ ᠱᠤᠭᠤᠮ ᠢ ᠰᠤᠳᠤᠯᠤᠨ ᠲᠣᠭᠲᠠᠭᠠᠨ᠎ᠠ᠃ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠣᠷᠣᠨ ᠤ ᠲᠤᠰᠢᠶᠠᠯ ᠤᠨ ᠪᠠᠶᠢᠷᠢ᠂ ᠦᠨᠳᠦᠰᠦᠨ ᠱᠠᠲᠤᠨ ᠤ ᠲᠤᠰᠢᠶᠠᠯ ᠪᠣᠯᠣᠨ ᠣᠨᠴᠠᠭᠠᠶ ᠮᠡᠷᠭᠡᠵᠢᠯ ᠤᠨ ᠲᠤᠰᠢᠶᠠᠯ ᠤᠨ ᠪᠠᠶᠢᠷᠢ ᠵᠡᠷᠭᠡ ᠶᠢᠨ ᠬᠢᠷᠢ ᠲᠡᠩᠴᠡᠭᠦ ᠬᠤᠪᠢ ᠶᠢᠨ ᠱᠤᠭᠤᠮ ᠢ ᠲᠣᠭᠲᠠᠭᠠᠬᠤ ᠳᠤ ᠲᠦᠷᠦ ᠶᠢᠨ ᠪᠤᠳᠤᠯᠭ᠎ᠠ ᠶᠢᠨ ᠬᠡᠯᠪᠠᠶᠢᠯᠭᠡᠯᠲᠡ ᠥᠭᠴᠡᠢ᠃ ᠰᠢᠯᠭᠠᠭᠤᠯᠤᠭᠴᠢᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠣᠯᠤᠨ ᠬᠢᠷᠢ ᠲᠡᠩᠴᠡᠭᠦ ᠬᠠᠮᠤᠭ ᠤᠨ ᠳᠣᠣᠷ᠎ᠠ ᠱᠤᠭᠤᠮ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠨᠡᠶᠢᠲᠡᠯᠡᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号