ᠥᠪᠥᠷ ᠮᠣᠩᠭᠤᠯ᠄ ᠠᠭᠤᠷᠬᠠᠶ ᠶᠢᠨ ᠭᠠᠷᠤᠯᠲᠠ ᠨᠡᠬᠡᠬᠡᠨ ᠬᠥᠭᠵᠢᠭᠦᠯᠬᠦ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ ᠲᠠᠪᠤᠨ ᠲᠠᠯ᠎ᠠ ᠶᠢ ᠭᠤᠣᠯᠴᠢᠯᠠᠨ ᠠᠩᠬᠠᠷᠤᠨ᠎ᠠ
ᠨᠡᠶᠢᠲᠡᠯᠡᠭᠰᠡᠨ ᠴᠠᠭ᠄
2016/4/25
     4 ᠳ᠋ᠤᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠮᠠᠨ ᠤ ᠣᠷᠣᠨ ᠪᠦᠬᠦ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ 3 ᠰᠠᠷ᠎ᠠ ᠥᠷᠨᠢᠭᠦᠯᠦᠨ᠎ᠡ᠃ ᠲᠤᠰ ᠠᠵᠢᠯᠯᠠᠭ᠎ᠠ ᠶᠢᠨ ᠵᠣᠷᠢᠯᠲᠠ ᠨᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠦᠨᠡᠨ ᠬᠦ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠦᠭᠡ ᠶᠤᠮ᠃      ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠤᠣᠯᠳᠠᠭᠤ ᠳᠣᠣᠷᠠᠬᠢ 5 ᠵᠦᠢᠯ ᠤᠨ ᠪᠠᠶᠢᠳᠠᠯ ᠳᠤ ᠬᠠᠨᠳᠤᠭᠤᠯᠤᠨ᠎ᠠ᠄ ᠨᠢᠭᠡ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠸᠤᠯᠬᠢ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ ᠬᠠᠮᠠᠭᠠᠯᠠᠯᠲᠠ ᠶᠢᠨ ᠣᠷᠣᠨ ᠪᠠ ᠤᠰᠤᠨ ᠤ ᠡᠬᠢ ᠰᠤᠷᠪᠤᠯᠵᠢ ᠶᠢᠨ ᠭᠠᠵᠠᠷ ᠲᠣᠬᠢᠷᠠᠭᠤᠯᠤᠭᠰᠠᠨ ᠠᠭᠤᠷᠬᠠᠶ ᠬᠠᠶᠢᠬᠤ ᠡᠷᠬᠡ ᠪᠣᠯᠣᠨ ᠠᠭᠤᠷᠬᠠᠶ ᠮᠠᠯᠲᠠᠬᠤ ᠡᠷᠬᠡ᠃ ᠬᠤᠶᠠᠷ ᠲᠤ ᠬᠠᠶᠢᠨ ᠰᠢᠨᠵᠢᠯᠡᠯᠲᠡ ᠶᠢᠨ ᠵᠥᠪᠰᠢᠶᠡᠷᠡᠯ ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠬᠠᠶᠢᠨ ᠰᠢᠨᠵᠢᠵᠦ ᠨᠡᠭᠡᠭᠡᠨ ᠮᠠᠯᠲᠠᠭᠰᠠᠨ᠂ ᠬᠡᠮᠵᠢᠶ᠎ᠡ ᠠᠴᠠ ᠬᠡᠲᠦᠷᠡᠭᠦᠯᠦᠨ ᠮᠠᠯᠲᠠᠭᠰᠠᠨ ᠠᠵᠤ ᠠᠬᠤᠶᠢᠯᠠᠯ᠂ ᠨᠢᠭᠡᠴᠡ ᠵᠢᠴᠢ ᠪᠠᠶᠢᠭᠠᠯᠢ ᠶᠢᠨ ᠬᠥᠮᠦᠨ ᠪᠣᠯᠣᠨ ᠠᠭᠤᠷᠬᠠᠶ ᠮᠠᠯᠳᠠᠬᠤ ᠪᠠᠷ ᠬᠠᠶᠢᠨ ᠰᠢᠨᠵᠢᠯᠡᠬᠦ ᠶᠢ ᠣᠷᠤᠯᠠᠭᠤᠯᠤᠭᠰᠠᠨ ᠠᠭᠤᠷᠬᠠᠢ ᠬᠠᠶᠢᠬᠤ ᠡᠷᠬᠡᠲᠡᠨ᠃ ᠭᠤᠷᠪᠠ ᠳᠤ ᠵᠥᠪᠰᠢᠶᠡᠷᠡᠭᠦᠯᠦᠭᠰᠡᠨ ᠨᠡᠭᠡᠭᠡᠨ ᠠᠰᠢᠭᠯᠠᠬᠤ ᠲᠥᠰᠦᠯ ᠶᠣᠰᠣᠭᠠᠷ ᠨᠡᠭᠡᠭᠡᠨ ᠮᠠᠯᠲᠠᠭᠰᠠᠨ ᠦᠭᠡᠢ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠤᠶᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠡᠪᠳᠡᠭᠰᠡᠨ ᠠᠭᠤᠷᠬᠠᠶ᠃ ᠲᠦᠷᠪᠡ ᠳᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠦᠭᠡᠢ ᠪᠠ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠᠲᠤᠯᠠᠭ᠎ᠠ ᠶᠢᠨ ᠮᠥᠩᠭᠦ ᠪᠠᠨ ᠲᠣᠭᠲᠠᠭᠠᠯ ᠶᠣᠰᠣᠭᠠᠷ ᠲᠤᠰᠢᠶᠠᠨ ᠬᠠᠳᠠᠭᠠᠯᠠᠭᠰᠠᠨ ᠦᠭᠡᠢ ᠪᠣᠯᠣᠨ ᠳᠤᠲᠠᠭᠤ ᠲᠤᠰᠢᠶᠠᠨ ᠬᠠᠳᠠᠭᠠᠯᠠᠭᠰᠠᠨ ᠠᠭᠤᠷᠬᠠᠶ︔ ᠵᠠᠰᠠᠬᠤ ᠲᠥᠰᠦᠯ ᠶᠣᠰᠣᠭᠠᠷ ᠬᠤᠭᠤᠴᠠᠭ᠎ᠠ ᠬᠤᠪᠢᠶᠠᠨ ᠵᠠᠰᠠᠭᠰᠠᠨ ᠦᠭᠡᠢ ᠡᠰᠡᠬᠦᠯ᠎ᠡ ᠵᠠᠰᠠᠭᠰᠠᠨ ᠢᠨᠵᠧᠨᠧᠷᠢᠩ ᠨᠢ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠠᠭᠤᠷᠬᠠᠶ᠃ ᠲᠠᠪᠤ ᠳᠤ ᠠᠭᠤᠷᠬᠠᠶ ᠶᠢᠨ ᠦᠢᠯᠡᠰ ᠤᠨ ᠡᠷᠭᠡᠲᠡᠨ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠭᠰᠡᠨ ᠦᠭᠡᠢ᠂ ᠠᠭᠤᠷᠬᠠᠶ ᠶᠢᠨ ᠦᠢᠯᠡᠰ ᠤᠨ ᠡᠷᠬᠡ ᠶᠢ ᠬᠡᠷᠡᠭᠯᠡᠬᠦ ᠵᠠᠷᠤᠳᠠᠯ᠂ ᠦᠨ᠎ᠡ ᠶᠢᠨ ᠵᠣᠭᠤᠰ ᠪᠣᠯᠣᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠥᠬᠦᠪᠥᠷᠢ ᠵᠠᠷᠤᠳᠠᠯ ᠵᠡᠷᠭᠡ ᠶᠢ ᠲᠤᠰᠢᠶᠠᠭᠰᠠᠨ ᠦᠭᠡᠢ ᠪᠤᠶᠤ ᠳᠤᠲᠠᠭᠤ ᠲᠤᠰᠢᠶᠠᠭᠰᠠᠨ ᠦᠢᠯᠡ ᠠᠵᠢᠯᠯᠠᠭ᠎ᠠ᠃      ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠨᠡᠶᠢᠳᠡ 3 ᠱᠡᠳᠦ ᠬᠤᠪᠢᠶᠠᠨ ᠶᠠᠪᠤᠭᠳᠠᠭᠤᠯᠤᠨ᠎ᠠ᠂ ᠲᠤᠬᠠᠶᠢᠯᠠᠪᠠᠯ ᠬᠤᠰᠢᠭᠤ ᠰᠢᠶᠠᠨ ︵ᠬᠤᠳᠠ᠂ ᠲᠣᠭᠤᠷᠢᠭ︶ ᠥᠪᠡᠷ ᠢᠶᠠᠨ ᠪᠠᠶᠢᠴᠠᠭᠠᠵᠤ ᠰᠢᠢᠳᠪᠦᠷᠢᠯᠡᠬᠦ ᠱᠠᠲᠤ᠂ ᠠᠶᠢᠮᠠᠭ ᠬᠤᠲᠠ ᠬᠠᠷᠭᠤᠭᠤᠯᠤᠨ ᠪᠠᠶᠢᠴᠠᠭᠠᠵᠤ ᠬᠢᠨᠠᠨ ᠵᠢᠯᠣᠭᠤᠳᠬᠤ ᠱᠠᠳᠤ ᠪᠣᠯᠤᠨ ᠥᠪᠡᠷᠲᠡᠭᠡᠨ ᠵᠠᠰᠠᠬᠤ ᠣᠷᠣᠨ ᠰᠢᠮᠳᠠᠭᠤᠯᠤᠨ ᠪᠠᠶᠢᠴᠠᠭᠠᠵᠤ ᠳ᠋ᠦᠩᠨᠡᠬᠦ ᠱᠠᠲᠤ ᠪᠣᠯᠣᠨ᠎ᠠ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠥᠲᠦᠭᠡᠯ ᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠴᠡᠭᠴᠡᠯᠡᠨ ᠵᠠᠰᠠᠬᠤ ᠬᠡᠪᠴᠢᠶ᠎ᠡ᠂ ᠠᠵᠢᠯ ᠤᠨ ᠠᠯᠬᠤᠮ ᠲᠠᠷᠠᠭ᠎ᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠣᠯᠣᠨ ᠠᠵᠢᠯ ᠤᠨ ᠱᠠᠭᠠᠷᠳᠠᠯᠭ᠎ᠠ ᠳᠤ ᠪᠣᠳᠠᠲᠠᠶ ᠲᠣᠭᠲᠠᠭᠠᠯ ᠭᠠᠷᠭᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号