4 ᠳ᠋ᠤᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ | ᠬᠠᠲᠤᠨ ᠭᠤᠣᠯ ᠠᠴᠠ ᠵᠢᠩᠭᠢᠨᠢ ᠪᠠᠷ ᠤᠰᠤ ᠲᠡᠳᠡᠠ ᠤᠰᠤᠯᠠᠵᠤ᠂ ᠥᠪᠥᠷ ᠮᠣᠩᠭᠤᠯ ᠤᠨ ᠬᠠᠪᠤᠷ ᠤᠨ | ᠲᠠᠷᠢᠶᠠᠯᠠᠭ᠎ᠠ ᠪᠠᠨ ᠡᠬᠢᠯᠡᠭᠦᠯᠵᠡᠢ᠃ ᠣᠳᠣᠬᠠᠨ ᠳᠤ᠂ ᠤᠰᠤᠯᠠᠯᠲᠠ ᠶᠢᠨ ᠣᠷᠣᠨ ᠤ ᠪᠤᠭᠤᠳᠠᠢ ᠶᠢ ᠲᠠᠷᠢᠵᠤ | ᠳᠠᠭᠤᠰᠬᠠᠪᠠ᠂ ᠪᠦᠬᠦ ᠬᠤᠲᠠ ᠶᠢᠨ ᠪᠤᠭᠤᠳᠠᠢ ᠲᠠᠷᠢᠭᠰᠠᠨ ᠲᠠᠯᠠᠪᠠᠢ ᠵᠢᠱᠢᠯᠲᠡ ᠪᠠᠷ 130 ᠲᠦᠮᠡᠨ ᠮᠦ ᠬᠦᠷᠴᠦ᠂ | ᠠᠳᠠᠯᠢ ᠬᠤᠭᠤᠴᠠᠭᠠᠨ ᠤ ᠬᠢ ᠠᠴᠠ 14 ᠲᠦᠮᠡᠨ ᠮᠣ᠋ ᠨᠡᠮᠡᠭᠳᠡᠪᠡ᠃ ᠡᠷᠳᠡᠨᠢ ᠰᠢᠰᠢ ᠪᠣᠯᠤᠨ ᠠᠵᠤ ᠠᠬᠤᠢ ᠶᠢᠨ | ᠲᠠᠷᠢᠮᠠᠯ ᠢ ᠴᠤ ᠵᠠᠯᠭᠠᠯᠳᠤᠭᠠᠪᠠᠷ ᠲᠠᠷᠢᠪᠠ᠃ ᠪᠠᠶᠠᠨᠨᠠᠭᠤᠷ ᠤᠢᠢᠷ᠎ᠠ ᠶᠢᠨ ᠵᠢᠯ ᠤᠳ ᠲᠤ ᠲᠠᠷᠢᠶᠠᠨ ᠭᠠᠵᠠᠷ ᠢ | ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠲᠤᠰ ᠭᠠᠵᠠᠷ ᠤᠨ ᠭᠡᠷ ᠤᠨ | ᠲᠡᠵᠢᠭᠡᠪᠦᠷᠢ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ ᠬᠡᠪᠴᠢᠶ᠎ᠡ ᠳᠤ ᠰᠠᠭᠤᠷᠢᠯᠠᠨ᠂ ᠮᠠᠯ ᠵᠢᠭᠦᠷᠲᠡᠨ ᠤ ᠡᠯᠪᠡᠭ | ᠪᠠᠶᠠᠯᠢᠭ ᠰᠢᠭᠡᠭ ᠬᠦᠷᠵᠡᠩ ᠢ ᠭᠦᠢᠴᠡᠳ ᠠᠰᠢᠭᠯᠠᠵᠤ᠂ ᠥᠷᠭᠡᠨ ᠤᠯᠠᠨ ᠲᠠᠷᠢᠶᠠᠴᠢᠳ ᠤᠨ ᠬᠥᠳᠡᠭᠡ ᠲᠣᠰᠬᠤᠨ ᠤ | ᠪᠤᠷᠳᠤᠭᠤᠷ ᠬᠡᠷᠡᠭᠯᠡᠬᠦ ᠶᠢ ᠬᠥᠲᠥᠯᠥᠨ ᠵᠢᠯᠤᠭᠤᠳᠪᠠ︔ ᠲᠠᠷᠢᠶᠠᠯᠠᠩ ᠤᠨ ᠪᠣᠬᠢᠷᠲᠤᠯ ᠦᠭᠡᠢ ᠦᠢᠯᠡᠳᠪᠦᠷᠢᠯᠡᠯ ᠢ | ᠬᠥᠭᠵᠢᠭᠦᠯᠦᠨ᠂ ︽ᠪᠤᠷᠳᠤᠭᠤᠷ ᠢ ᠡᠵᠡᠮᠳᠡᠨ ᠦᠷ᠎ᠡ ᠠᠰᠢᠭ ᠢ ᠳᠡᠭᠡᠭᠰᠢᠯᠡᠭᠦᠯᠬᠦ᠂ ᠡᠮ ᠢ ᠡᠵᠡᠮᠳᠡᠨ ᠬᠤᠣᠷ ᠢ | ᠪᠠᠭᠠᠰᠬᠠᠬᠤ᠂ ᠤᠰᠤ ᠶᠢ ᠡᠵᠡᠮᠳᠡᠨ ᠬᠤᠷᠣᠭᠳᠠᠯ ᠢ ᠪᠠᠭᠠᠰᠬᠠᠬᠤ᠂ ᠪᠥᠷᠬᠦᠪᠴᠢ ᠶᠢ ᠡᠵᠡᠮᠳᠡᠨ ᠶᠠᠰᠤ ᠴᠢᠨᠠᠷ ᠢ | ᠳᠡᠭᠡᠭᠰᠢᠯᠡᠭᠦᠯᠬᠦ︾ ᠳᠥᠷᠪᠡᠨ ᠶᠡᠭᠡ ᠠᠵᠢᠯᠯᠠᠭ᠎ᠠ ᠶᠢ ᠶᠠᠪᠤᠭᠳᠠᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ | ᠬᠡᠷᠡᠭᠯᠡᠬᠦ ᠬᠡᠮᠵᠢᠶ᠎ᠡ ᠶᠢᠨ ᠪᠠᠭ᠎ᠠ ᠥᠰᠥᠯᠲᠡ᠂ ᠲᠡᠭ ᠥᠰᠥᠯᠲᠡ ᠶᠢ ᠪᠡᠶᠡᠯᠡᠭᠦᠯᠵᠦ᠂ ᠵᠠᠳᠠᠷᠠᠵᠤ ᠳᠡᠶᠢᠯᠬᠦ ᠭᠠᠵᠠᠷ ᠤᠨ | ᠪᠥᠷᠬᠦᠪᠴᠢ ᠶᠢ ᠳᠡᠯᠭᠡᠷᠡᠭᠦᠯᠦᠨ ᠬᠡᠷᠡᠭᠯᠡᠬᠦ ᠶᠢᠨ ᠬᠠᠮᠲᠤ ᠭᠠᠵᠠᠷ ᠤᠨ ᠪᠥᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ | ᠴᠢᠩᠭᠠᠳᠬᠠᠵᠤ᠂ ᠭᠠᠵᠠᠷ ᠤᠨ ᠪᠥᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠮᠵᠢ ᠶᠢ 50% ᠳᠤ ᠬᠦᠷᠦᠭᠦᠯᠪᠡ᠃ | ᠡᠶᠢᠮᠦ ᠠᠴᠠ᠂ ᠪᠠᠶᠠᠨᠨᠠᠭᠤᠷ ᠤᠨ ᠨᠡᠷᠡᠨ ᠬᠤᠸᠠᠷ᠂ ᠲᠥᠪᠡᠳ ᠬᠠᠰᠢ ᠵᠡᠷᠭᠡ ᠭᠠᠷᠤᠯᠲᠠ ᠨᠢ ᠴᠢᠨᠠᠷ ᠰᠠᠶᠢᠲᠠᠢ ᠪᠠᠶᠢᠵᠤ᠂ | ᠭᠠᠳᠠᠭᠠᠳᠤ ᠳᠤ ᠪᠣᠷᠤᠯᠠᠭᠤᠯᠤᠭᠳᠠᠳᠠᠭ ᠶᠤᠮ᠃ |