ᠥᠪᠥᠷ  ᠮᠣᠩᠭᠤᠯ ᠤᠨ ᠤᠯᠤᠰ ᠲᠦᠷᠦ ᠶᠢᠨ ᠵᠦᠪᠯᠡᠯᠬᠡᠨ ᠲᠠᠷᠢᠬᠦᠯᠡᠭᠴᠢᠳ ᠤᠨ ᠬᠤᠷᠠᠯ ᠬᠢᠵᠦ ᠣᠶᠢᠷ᠎ᠠ ᠶᠢᠨ ᠬᠤᠭᠤᠴᠠᠭᠠᠨ ᠤ ᠠᠵᠢᠯ ᠢ ᠰᠤᠳᠤᠯᠤᠨ ᠪᠠᠶᠢᠷᠢᠯᠠᠭᠤᠯᠪᠠ  ᠷᠧᠨ ᠶᠠ ᠫᠢᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/4/26
      4 ᠳ᠋ᠦ᠋ᠭᠡᠷ ᠰᠠᠷ ᠎ᠠ ᠶᠢᠨ 25᠎ ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠎ ᠶᠢᠨ ᠵᠦᠪᠯᠡᠯᠭᠡᠨ 50 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2016 ᠣᠨ ᠤ ᠨᠢᠬᠡᠳᠦᠭᠡᠷ ᠤᠯᠠᠷᠢᠯ ᠤᠨ ᠪᠦᠬᠦ ᠤᠷᠤᠨ ᠎ ᠤ ᠠᠵᠦ ᠠᠬᠤᠢ ᠶᠢᠨ ᠪᠠᠶᠢᠳᠠᠯ ᠢ ᠰᠤᠳᠤᠯᠬᠤ ᠬᠤᠷᠠᠯ ᠤᠨ ᠭᠤᠤᠯ ᠵᠤᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠣ᠂ ︽ᠪᠦᠬᠦ ᠤᠷᠤᠨ ᠤ ᠢᠳᠡᠭᠡᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠲᠠ ᠪᠤᠯᠤᠨ ᠬᠠᠥᠯᠢ ᠬᠡᠷᠡᠭᠵᠢᠬᠦᠯᠦᠯᠳᠡ ᠶᠢ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ︾᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠠᠪᠣᠳᠣᠭᠠᠷ ᠬᠤᠷᠠᠯ ᠢ ᠪᠡᠯᠡᠳᠭᠡᠬᠦ ᠲᠦᠰᠦᠯ ᠪᠤᠯᠤᠨ ᠬᠤᠷᠠᠯ ᠤᠨ ᠵᠦᠪᠯᠡᠬᠦ ᠵᠦᠢᠯ ︵ᠲᠦᠰᠦᠯ︶᠂ ᠡᠳᠦᠷ ᠤᠨ ᠳᠠᠷᠠᠭᠠᠯᠠᠯ ︵ᠲᠦᠰᠦᠯ︶᠎ ᠢ ᠰᠤᠳᠤᠯᠵᠦ᠂ ᠦᠪᠡᠷᠲᠡᠭᠡᠨ ᠵᠠᠰᠠᠬᠤ ᠤᠷᠤᠨ ᠤ ᠣᠯᠣᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠤᠰᠬᠠᠢ ᠵᠦᠪᠯᠡᠯ ᠤᠨ ᠳᠡᠳ᠋ ᠡᠷᠬᠢᠯᠡᠭᠴᠢ᠂ ᠲᠤᠰᠬᠠᠢ ᠵᠦᠪᠯᠡᠯ ᠤᠨ ᠭᠡᠰᠢᠬᠦᠨ ᠢᠶᠠᠷ ᠨᠡᠮᠡᠵᠦ ᠨᠦᠬᠦᠪᠦᠷᠢᠯᠡᠬᠦ ᠬᠦᠮᠦᠰ ᠤᠨ ᠨᠡᠷᠡᠰ ᠢ ᠶᠠᠷᠢᠯᠴᠠᠵᠠᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠢᠢᠯᠠᠩ ᠎ ᠤᠨ ᠱᠦᠵᠢ᠂ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠴᠧᠨ ᠢᠥᠢ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠴᠠᠩ ᠬᠠᠢ᠂ ᠯᠢᠶᠠᠩ ᠲᠢᠶ᠋ᠨ᠋ᠧ ᠴᠧᠩ᠂ ᠯᠦᠸᠧ ᡁᠢ ᠬᠤ᠋ ᠪᠤᠯᠤᠨ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠡᠨᠡ ᠵᠢᠯ ᠤᠨ ᠲᠦᠷᠦᠭᠦᠦ ᠤᠯᠠᠷᠢᠯ ᠳᠤ᠂ ᠪᠦᠬᠦ ᠤᠷᠤᠨ ᠤ ᠠᠵᠦ ᠠᠬᠤᠢ ᠶᠢᠨ ᠡᠷᠬᠢᠯᠲᠡ ᠶᠢᠨ ᠪᠠᠶᠢᠳᠠᠯ ᠨᠡᠯᠢᠶᠡᠳ ᠰᠠᠶᠢᠨ ᠪᠣᠯᠵᠣ᠂ ᠲᠦᠷᠦᠬᠦᠦ ᠤᠯᠠᠷᠢᠯ ᠤᠨ ᠠᠰᠤᠷᠤ ᠰᠠᠶᠢᠨ ᠪᠠᠶᠢᠳᠠᠯ ᠢ ᠪᠡᠶᠡᠯᠡᠬᠦᠯᠵᠠᠢ᠂ ᠡᠨᠡᠬᠦ ᠠᠮᠵᠢᠯᠳᠠ ᠨᠢ ᠬᠢᠯᠪᠠᠷ ᠪᠣᠰᠣ ᠢᠷᠡᠯᠳᠡ ᠲᠠᠢ᠃ ᠡᠨᠡ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠪᠦᠬᠦ ᠤᠷᠤᠨ ᠢᠶᠠᠷ ᠢᠶᠠᠨ ︽ᠲᠠᠪᠤᠨ ᠶᠡᠭᠡ ᠬᠦᠭᠵᠢᠯᠲᠡ ᠶᠢᠨ ᠣᠨᠣᠯᠵᠢᠬᠤᠨ︾᠎ ᠢ ᠪᠠᠳᠣ ᠪᠠᠬᠢ ᠪᠤᠢ ᠪᠤᠯᠭᠠᠵᠦ᠂ ᠠᠵᠦ ᠠᠬᠤᠢ ᠶᠢᠨ ᠭᠦᠭᠵᠢᠯᠲᠡ ᠎ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠎ ᠶᠢᠨ ᠴᠢᠨᠠᠷᠲᠠᠢ ᠦᠭᠡᠷᠡᠴᠢᠯᠡᠯᠲᠡ ᠶᠢ ᠬᠦᠴᠦᠯᠡᠨ ᠴᠢᠩᠭᠠᠳᠬᠠᠬᠰᠠᠨ ᠤ ᠦᠷ᠎ᠡ ᠳ᠋ᠦᠩ ᠪᠤᠯᠤᠨ᠎ᠠ᠃ ᠤᠯᠤᠰ ᠲᠦᠷᠦ ᠎ ᠶᠢᠨ ᠵᠦᠪᠯᠡᠯᠭᠡᠨ ᠤ ᠠᠵᠢᠯᠲᠠᠨ ᠪᠤᠯᠤᠨ ᠦᠷᠭᠡᠨ ᠤᠯᠠᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠠᠶᠢᠳᠠᠯ ᠢ ᠤᠢᠢᠯᠠᠭᠠᠨ ᠲᠦᠷᠦ ᠶᠢ ᠤᠬᠠᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠣ᠂ ᠦᠪᠡᠷᠲᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠢᠯ ᠭᠤᠤᠯᠳᠠᠯᠭ᠎ᠠ ᠲᠠᠢ ᠲᠦᠷᠦᠯ ᠵᠦᠢᠯ ᠢ ᠬᠠᠪᠰᠤᠷᠤᠨ ᠠᠬᠢᠭᠤᠯᠵᠦ᠂ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠬᠦ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠳᠡᠢ ᠭᠡᠵᠡᠢ᠃      ᠤᠯᠤᠰ ᠲᠦᠷᠦ ᠶᠢᠨ ᠵᠦᠪᠯᠡᠯᠭᠡᠨ ᠤ ᠠᠵᠢᠯ ᠢ ᠰᠤᠳᠤᠯᠬᠤ ᠦᠶ᠎ᠡ ᠳᠤ᠂ ᠷᠧᠨ ᠶᠠ ᠫᠢᠩ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠲᠠᠪᠤᠳᠤᠭᠠᠷ ᠬᠤᠷᠠᠯ ᠠᠴᠠ ᠬᠤᠰᠢᠭᠤ ᠰᠢᠶᠠᠨ ᠎ ᠤ ᠱᠠᠳᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠰᠣᠩᠭᠤᠨ ᠵᠦᠪᠯᠡᠬᠦ ᠰᠡᠳᠦᠪ ᠪᠤᠯᠭᠠᠬᠰᠠᠨ ᠨᠢ ᠮᠠᠰᠢ ᠴᠢᠬᠤᠯᠠ ᠠᠴᠢ ᠬᠤᠯᠪᠤᠬᠳᠠᠯ ᠲᠠᠢ᠂ ᠳᠣᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠠᠷᠠᠳ ᠤᠨ ᠠᠮᠢᠳᠤᠷᠠᠯ ᠲᠠᠢ ᠰᠢᠭᠤᠳ ᠬᠤᠯᠪᠤᠬᠳᠠᠵᠦ ᠪᠣᠢ᠂ ᠭᠦᠨᠵᠡᠭᠡᠢ ᠪᠠᠶᠢᠴᠠᠭᠠᠨ ᠰᠣᠳᠣᠯᠵᠣ᠂ ᠬᠤᠷᠠᠯ ᠢ ᠬᠢᠨᠠᠮᠠᠭᠠᠢ ᠪᠡᠯᠡᠳᠭᠡᠵᠦ᠂ ᠵᠦᠪᠯᠡᠬᠦ ᠪᠣᠳᠠᠳᠣ ᠦᠷ᠎ᠡ ᠪᠦᠳᠦᠮᠵᠢ ᠶᠢ ᠦᠨᠡᠨᠬᠦ ᠪᠠᠳᠣᠯᠠᠵᠣ᠂ ᠪᠦᠬᠦ ᠤᠷᠤᠨ ᠤ ᠬᠤᠰᠢᠭᠤ ᠰᠢᠶᠠᠨ ᠤ ᠱᠠᠳᠣᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠠᠬᠢᠭᠤᠯᠬᠤ ᠳᠤ ᠠᠷᠭ᠎ᠠ ᠣᠬᠠᠭᠠᠨ ᠢᠶᠠᠨ ᠳᠡᠪᠰᠢᠭᠦᠯᠵᠦ ᠬᠦᠴᠦᠨ ᠴᠢᠳᠠᠯ ᠢᠶᠠᠨ ᠡᠷᠭᠦᠬᠦ ᠬᠡᠷᠡᠭᠳᠡᠢ᠃      ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠡᠯ᠎ᠡ ᠲᠤᠰᠬᠠᠢ ᠵᠦᠪᠯᠡᠯ ᠤᠨ ᠨᠡᠮᠡᠵᠦ ᠨᠦᠬᠦᠪᠦᠷᠢᠯᠡᠬᠦ ᠪᠠᠷ ᠨᠡᠷ᠎ᠡ ᠳᠣᠷᠠᠳᠣᠭᠰᠠᠨ ᠲᠤᠰᠢᠶᠠᠯ ᠬᠠᠪᠰᠤᠷᠭᠠᠬᠰᠠᠨ ᠳᠡᠳ᠋ ᠡᠷᠬᠢᠯᠡᠭᠴᠢ ᠪᠤᠯᠤᠨ ᠭᠡᠰᠢᠬᠦᠨ ᠪᠦᠬᠦ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠤ ᠬᠠᠭᠠᠰ ᠰᠢᠬᠠᠮ ᠢ ᠡᠵᠡᠯᠡᠵᠦ ᠪᠠᠶᠢᠨ᠎ᠠ᠂ ᠡᠨᠡᠬᠦ ᠡᠩᠨᠡᠭᠡ ᠶᠢᠨ ᠢᠳᠡᠪᠬᠢᠵᠢᠯ ᠢ ᠰᠠᠶᠢᠳᠣᠷ ᠳᠠᠶᠢᠴᠢᠯᠠᠨ᠂ ᠲᠤᠰᠬᠠᠢ ᠵᠦᠪᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠳᠣᠰᠬᠠᠢ ᠵᠦᠪᠯᠡᠯ ᠤᠨ ᠰᠠᠭᠤᠷᠢ ᠴᠢᠨᠠᠷᠲᠠᠢ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠲᠡᠢ᠃ ᠲᠦᠷᠦᠭᠦᠬᠡᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠨᠠᠮ ᠤᠨ ᠤᠳᠤᠷᠢᠳᠬᠤ ᠳᠤᠭᠤᠢᠢᠯᠠᠩ ᠤᠨ ︵ᠦᠷᠭᠡᠳᠭᠡᠭᠰᠡᠨ ︶ ᠬᠤᠷᠠᠯ ᠬᠢᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯ ᠢ ᠪᠠᠶᠢᠷᠢᠯᠠᠭᠤᠯᠵᠦ᠂ ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠪᠤᠯᠤᠨ ᠪᠠᠶᠢᠭᠤᠯᠤᠯᠭ᠎ᠠ ᠬᠤᠶᠠᠷ ᠱᠠᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ︽ᠪᠠᠶᠢᠭᠤᠯᠭ᠎ᠠ ᠶᠢᠨ ᠨᠠᠮ ᠎ ᠤᠨ ᠭᠡᠰᠢᠭᠦᠳ ᠤᠨ ᠳᠣᠮᠳᠠ ︿ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ﹀ ᠰᠤᠷᠤᠯᠴᠠᠯᠭ᠎ᠠ ᠬᠦᠮᠦᠵᠢᠯ ᠢ ᠦᠷᠨᠢᠭᠦᠯᠬᠦ ᠬᠡᠷᠡᠭᠵᠢᠬᠦᠯᠬᠦ ᠲᠦᠰᠦᠯ︾᠎ ᠢ ᠳᠠᠷᠤᠮᠠᠯᠯᠠᠨ ᠲᠠᠷᠬᠠᠭᠠᠵᠦ᠂ ᠪᠠᠶᠢᠭᠤᠯᠤᠯᠭ᠎ᠠ ᠎ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠪᠤᠲᠠᠲᠠᠢ ᠪᠠᠶᠢᠷᠢᠯᠠᠭᠤᠯᠵᠠᠢ᠃ ᠤᠯᠤᠰ ᠲᠦᠷᠦ ᠶᠢᠨ ᠵᠦᠪᠯᠡᠯᠬᠡᠨ ᠎ ᠤ ᠪᠠᠶᠢᠭᠤᠯᠤᠯᠭ᠎ᠠ ᠶᠢᠨ ᠺᠠᠳ᠋ᠷᠴᠣᠳ ᠤᠨ ᠳᠤᠮᠳᠠ ᠨᠠᠮ ᠤᠨ ᠭᠡᠰᠢᠬᠦᠨ ᠤ ᠬᠠᠷᠢᠴᠠᠯ ᠨᠡᠯᠢᠶᠡᠳ ᠦᠨᠳᠦᠷ᠂ ᠬᠤᠶᠠᠷ ᠱᠠᠳᠣᠨ ᠤ ᠨᠠᠮ ᠤᠨ ᠤᠳᠤᠷᠢᠳᠬᠤ ᠳᠤᠭᠤᠢᠢᠯᠠᠩ᠂ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠪᠤᠯᠤᠨ ᠡᠯ᠎ᠡ ᠨᠠᠮ ᠤᠨ ᠡᠭᠦᠷ ᠦᠪᠡᠷ ᠦᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠬᠦᠨ ᠢ ᠬᠢᠨᠠᠮᠠᠭᠠᠢ ᠵᠤᠬᠢᠶᠠᠨ ᠪᠠᠶᠢᠭᠤᠯᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠰᠠᠶᠢᠲᠤᠷ ᠦᠷᠨᠢᠬᠦᠯᠵᠦ᠂ ᠪᠤᠳᠠᠳᠦ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号