ᠥᠪᠥᠷ ᠮᠣᠩᠭᠤᠯ ᠤᠨ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ  ᠡ᠊ᠨᠳᠡᠯ ᠭᠠᠷᠤᠭᠰᠠᠨ ᠲᠤᠭ᠎ᠠ ᠪᠣᠯᠤᠨ ᠥᠬᠦᠵᠤ ᠡ᠊ᠨᠳᠡᠭᠰᠡᠨ ᠬᠥᠮᠦᠨ ᠤ ᠲᠤᠭ᠎ᠠ ᠲᠤᠰ ᠲᠣᠰ ᠪᠠᠭᠤᠷᠠᠪᠠ
ᠨᠡᠶᠢᠲᠡᠯᠡᠭᠰᠡᠨ ᠴᠠᠭ᠄
2016/4/26
     ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ᠂ ᠡ᠊ᠨᠳᠡᠯ ᠭᠠᠷᠤᠭᠰᠠᠨ ᠲᠤᠭ᠎ᠠ ᠪᠣᠯᠤᠨ ᠥᠬᠦᠵᠤ ᠡ᠊ᠨᠳᠡᠭᠰᠡᠨ ᠬᠥᠮᠦᠨ ᠤ ᠲᠤᠭ᠎ᠠ ᠲᠤᠰ ᠲᠤᠰ ᠪᠠᠭᠤᠷᠠᠪᠠ᠂ ᠡᠨᠡ ᠵᠢᠯ ᠤᠨ ᠲᠦᠷᠦᠭᠦᠦ 3 ᠰᠠᠷ᠎ᠠ ᠳᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠥᠪᠰᠢᠨ ᠤ ᠡ᠊ᠨᠳᠡᠯ ᠭᠠᠷᠤᠭᠰᠠᠨ ᠲᠤᠭ᠎ᠠ ᠪᠣᠯᠤᠨ ᠥᠬᠦᠵᠤ ᠡ᠊ᠨᠳᠡᠭᠰᠡᠨ ᠬᠥᠮᠦᠨ ᠤ ᠲᠤᠭ᠎ᠠ ᠲᠤᠰ ᠲᠤᠰ 30.72% ᠪᠠ 25.96%᠎ ᠪᠠᠷ ᠪᠠᠭᠤᠷᠠᠪᠠ᠃  ᠣᠶᠢᠯᠠᠭᠠᠭᠰᠠᠨ ᠢᠶᠠᠷ᠂ 2014 ᠣᠨ ᠠᠴᠠ ᠨᠠᠰᠢ᠂ ᠮᠠᠨ ᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠤᠯ ᠥᠭᠡᠢ ᠦᠢᠯᠡᠳᠪᠦᠷᠢᠯᠡᠯ ᠤᠨ ᠶᠡᠭᠡ ᠶᠠᠷᠢᠶᠠᠨ ᠤ ᠲᠠᠩᠬᠢᠮ ᠤᠨ ᠠᠵᠢᠯᠯᠠᠭ᠎ᠠ ᠪᠠᠷ ᠭᠠᠷᠳᠠᠴᠠ ᠪᠣᠯᠭᠠᠨ᠂ ᠠᠶᠤᠯ ᠥᠭᠡᠢ ᠮᠡᠳᠡᠯᠭᠡ ᠶᠢᠨ ᠲᠠᠶᠢᠯᠤᠮᠵᠢ᠂ ᠠᠶᠤᠯ ᠦᠭᠡᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠦᠨᠳᠦᠰᠦᠨ ᠱᠠᠲᠤ ᠂ ᠠᠵᠤ ᠠᠬᠤᠶᠢᠯᠠᠯ ᠳᠤ ᠦᠷᠭᠦᠯᠵᠢᠯᠡᠨ ᠬᠦᠷᠭᠡᠵᠦ᠂ ᠠᠶᠤᠯ ᠦᠭᠡᠢ ᠦᠢᠯᠡᠳᠪᠦᠷᠢᠯᠡᠯ ᠤᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠠᠶᠤᠯ ᠥᠭᠡᠢ ᠦᠢᠯᠡᠳᠪᠦᠷᠢᠯᠡᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠷᠢᠳ ᠬᠤᠵᠢᠳ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ 17᠎ ᠶᠢ ᠦᠢᠯᠡᠳᠪᠡ︔ ᠪᠠᠰᠠ ᠲᠦᠮᠡ ᠭᠠᠷᠤᠢ ᠰᠡᠷᠡᠮᠵᠢᠯᠡᠯ ᠤᠨ ᠰᠤᠷᠭᠠᠨ ᠬᠥᠮᠥᠵᠢᠯ ᠤᠨ ᠳ᠋ᠢᠰᠺ ᠢ ᠳᠠᠷᠤᠮᠠᠯᠯᠠᠵᠤ᠂ ᠦᠨᠳᠦᠰᠦᠨ ᠱᠠᠲᠤ ᠪᠠ ᠠᠵᠤ ᠠᠬᠤᠶᠢᠯᠠᠯ ᠳᠤ ᠰᠦᠢᠳᠬᠡᠯ ᠦᠭᠡᠢ ᠪᠠᠷ ᠬᠦᠷᠭᠡᠵᠦ᠂ ᠰᠠᠶᠢᠨ ᠰᠠᠶᠢᠬᠠᠨ ᠰᠡᠷᠡᠮᠵᠢᠯᠡᠯ ᠤᠨ ᠬᠥᠮᠦᠵᠢᠯ ᠤᠨ ᠦᠢᠯᠡᠳᠦᠯ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号