ᠥᠪᠥᠷ ᠮᠣᠩᠭᠤᠯ 15 ᠤᠷᠤᠨ ᠢ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠤᠯᠤᠨ ᠵᠠᠰᠠᠬᠤ ᠣᠷᠣᠨ ᠢᠶᠠᠷ ᠲᠤᠭᠲᠠᠭᠠᠪᠠ
ᠨᠡᠶᠢᠲᠡᠯᠡᠭᠰᠡᠨ ᠴᠠᠭ᠄
2016/4/26
     4 ᠳ᠋ᠤᠭᠡᠷ ᠰᠠᠷ᠎ᠠ ᠶᠢᠨ 19᠎ ᠤ ᠡᠳᠦᠷ᠂ ᠬᠥᠷᠥᠰᠥ ᠰᠢᠷᠣᠶ ᠶᠢᠨ ᠢᠳᠡᠭᠳᠡᠯ ᠢ ᠪᠦᠲᠦᠮᠵᠢᠲᠠᠢ ᠤᠷᠢᠳᠴᠢᠯᠠᠨ ᠰᠡᠷᠭᠡᠶᠢᠯᠡᠬᠦ ᠪᠠ ᠵᠠᠰᠠᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠶ ᠠᠰᠢᠭᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠪᠠ ᠭᠤᠣᠯᠳᠠᠯᠭ᠎ᠠ ᠲᠠᠢ ᠵᠠᠰᠠᠬᠤ ᠣᠷᠣᠨ ᠢ ᠵᠠᠭᠠᠭᠯᠠᠨ ᠲᠤᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ︾᠎ ᠶᠢ ᠲᠠᠷᠬᠠᠭᠠᠵᠤ᠂ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ 8 ᠣᠷᠣᠨ᠂ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ 7 ᠣᠷᠣᠨ ᠢ ᠲᠤᠭᠲᠠᠭᠠᠭᠰᠠᠨ ᠪᠠᠶᠢᠨ᠎ᠠ᠃      ᠨᠡᠪᠲᠡᠷᠡᠭᠦᠯᠭᠡ ᠳᠤ ᠳᠤᠷᠠᠳᠤᠭᠰᠠᠨ ᠨᠢ᠂ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠨᠡᠶᠢᠲᠡ 8 ᠪᠠᠶᠢᠨ᠎ᠠ᠂ ᠲᠤᠬᠠᠶᠢᠯᠠᠪᠠᠯ ᠶᠡᠭᠡ ᠪᠠᠭ᠎ᠠ ᠬᠢᠩᠭᠠᠨ ᠳᠠᠪᠠᠭ᠎ᠠ᠂ ᠬᠥᠯᠥᠨ ᠪᠤᠶᠢᠷ᠂ ᠶᠠᠨ ᠱᠠᠨ᠂ ᠮᠤᠨᠢ ᠠᠭᠤᠯᠠ ᠶᠢᠨ ᠠᠷᠤ ᠬᠤᠷᠮᠣᠶ᠂ ᠴᠢ ᠯᠢᠶᠠᠨ ᠱᠠᠨ ᠠᠭᠤᠯᠠ — ᠡᠾᠸᠢ ᠡᠾᠧ ᠭᠤᠤᠯ ᠵᠡᠷᠭᠡ 5 ᠤᠯᠤᠰ ᠤᠨ ᠳᠡᠰ ᠤᠨ ᠤᠷᠤᠨ ᠪᠤᠯᠤᠨ᠎ᠠ︔ ᠪᠠᠷᠠᠭᠤᠨ ᠯᠢᠶᠣᠤᠾᠧ ᠭᠤᠣᠯ᠂ ᠮᠤᠨᠢ ᠠᠭᠤᠯᠠ ᠶᠢᠨ ᠠᠷᠤ ᠬᠤᠷᠮᠣᠶ — ᠪᠣᠷᠣᠲᠣᠬᠤᠶ ᠶᠢᠨ ᠲᠠᠯ᠎ᠠ ᠭᠠᠵᠠᠷ᠂ ᠠᠯᠠᠱᠠ ᠥᠨᠳᠦᠷᠯᠢᠭ ᠵᠡᠷᠭᠡ 3 ᠥᠪᠡᠷᠲᠡᠭᠡᠨ ᠵᠠᠰᠠᠬᠤ ᠣᠷᠣᠨ ᠤ ᠳᠡᠰ ᠤᠨ ᠤᠷᠤᠨ ᠪᠠᠶᠢᠨ᠎ᠠ᠃ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠤᠷᠢᠳᠴᠢᠯᠠᠨ ᠰᠡᠷᠭᠡᠶᠢᠯᠡᠬᠦ ᠣᠷᠣᠨ ᠳᠤ ᠬᠤᠯᠪᠤᠭᠳᠠᠵᠤ ᠪᠠᠶᠢᠭ᠎ᠠ 37 ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ︽ᠰᠡᠷᠭᠡᠶᠢᠯᠡᠬᠦ ᠪᠠᠷ ᠭᠤᠣᠯ ᠪᠤᠯᠭᠠᠨ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠪᠠᠷᠢᠮᠲᠠᠯᠠᠵᠤ᠂ ᠪᠠᠶᠢᠭᠠᠯᠢ ᠶᠢᠨ ᠭᠠᠵᠠᠷ ᠳᠡᠭᠡᠷᠡᠬᠢ ᠬᠤᠴᠢᠯᠭ᠎ᠠ᠂ ᠤᠢ ᠮᠣᠳᠣ ᠡᠪᠡᠰᠦ ᠤᠷᠭᠤᠮᠠᠯ ᠤᠨ ᠬᠤᠴᠢᠯᠭ᠎ᠠ ᠶᠢ ᠪᠦᠲᠦᠮᠵᠢᠲᠠᠢ ᠬᠠᠮᠠᠭᠠᠯᠠᠬᠤ ᠬᠡᠷᠡᠭᠲᠠᠢ︔ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ᠂ ᠠᠶᠠᠨᠳᠠᠭᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠡᠰᠡᠭ ᠬᠥᠷᠥᠰᠥ ᠰᠢᠷᠣᠶ ᠬᠦᠨᠳᠦ ᠰᠦᠷᠡᠬᠡᠶ ᠢᠳᠡᠭᠳᠡᠭᠰᠡᠨ ᠭᠠᠵᠠᠷ ᠣᠷᠣᠨ ᠢ ᠪᠦᠬᠦ ᠲᠠᠯ᠎ᠠ ᠪᠠᠷ ᠵᠠᠰᠠᠬᠤ ᠬᠡᠷᠡᠭᠲᠠᠢ︔ ᠬᠥᠷᠥᠰᠥ ᠰᠢᠷᠣᠶ ᠶᠢᠨ ᠢᠳᠡᠭᠳᠡᠯ ᠢ ᠪᠤᠢ ᠪᠣᠯᠭᠠᠵᠤ ᠮᠡᠳᠡᠬᠦ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠢᠵᠠᠭᠠᠷᠯᠠᠬᠤ ᠪᠤᠶᠤ ᠴᠠᠭᠠᠵᠠᠯᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂  ᠬᠦᠮᠦᠨ ᠤ ᠤᠷᠰᠢᠭ ᠢᠶᠠᠷ ᠬᠥᠷᠥᠰᠥ ᠰᠢᠷᠣᠶ ᠶᠢᠨ ᠢᠳᠡᠭᠳᠡᠯ ᠢ ᠪᠤᠢ ᠪᠤᠯᠭᠠᠬᠤ ᠠᠴᠠ ᠪᠦᠲᠦᠮᠵᠢᠲᠠᠢ ᠵᠠᠶᠢᠯᠠᠰᠬᠢᠬᠤ ᠬᠡᠷᠡᠭᠲᠠᠢ᠃      ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ ᠣᠷᠣᠨ ᠨᠡᠶᠢᠲᠡ 7 ᠪᠠᠶᠢᠨ᠎ᠠ᠂ ᠲᠤᠬᠠᠶᠢᠯᠠᠪᠠᠯ ᠶᠡᠭᠡ ᠬᠢᠩᠭᠠᠨ ᠳᠠᠪᠠᠭ᠎ᠠ ᠶᠢᠨ ᠵᠡᠭᠦᠨ ᠬᠤᠷᠮᠣᠶ᠂ ᠪᠠᠷᠠᠭᠤᠨ ᠯᠢᠶᠣᠤᠾᠧ ᠭᠤᠣᠯ ᠤᠨ ᠳ᠋ᠠ ᠯᠢᠨ ᠡᠾᠧ ᠭᠤᠤᠯ ᠤᠨ ᠳᠤᠮᠳᠠᠳᠤ ᠳᠡᠭᠡᠳᠦ ᠤᠷᠤᠰᠬᠠᠯ᠂ ᠶᠦᠡᠭ ᠳ᠋ᠢᠩ ᠡᠾᠧ ᠭᠤᠤᠯ ᠤᠨ ᠳᠡᠭᠡᠳᠦ ᠤᠷᠤᠰᠬᠠᠯ᠂ ᠬᠠᠲᠤᠨ ᠭᠤᠣᠯ ᠤᠨ ᠶᠡᠭᠡ ᠡᠯᠡᠰᠦᠷᠭᠡᠭ ᠣᠷᠣᠨ ᠵᠡᠷᠭᠡ 4 ᠤᠯᠤᠰ ᠤᠨ ᠲᠡᠰ ᠤᠨ ᠤᠷᠤᠨ ᠪᠤᠯᠤᠨ᠎ᠠ︔  ᠪᠠᠷᠠᠭᠤᠨ ᠯᠢᠶᠣᠤᠾᠧ ᠭᠤᠣᠯ᠂ ᠮᠤᠨᠢ ᠠᠭᠤᠯᠠ ᠶᠢᠨ ᠵᠡᠭᠦᠨ ᠡᠮᠦᠨᠡᠲᠦ ᠬᠡᠰᠡᠭ᠂ ᠬᠠᠲᠤᠨ ᠭᠤᠣᠯ ᠵᠡᠷᠭᠡ 3 ᠥᠪᠡᠷᠲᠡᠭᠡᠨ ᠵᠠᠰᠠᠬᠤ ᠣᠷᠣᠨ ᠤ ᠳᠡᠰ ᠤᠨ ᠤᠷᠤᠨ ᠪᠠᠶᠢᠨ᠎ᠠ᠃ ᠬᠥᠷᠥᠰᠥ ᠰᠢᠷᠣᠶ ᠶᠢᠨ ᠢᠳᠡᠭᠳᠡᠯ ᠢ ᠭᠤᠣᠯᠳᠠᠯᠭ᠎ᠠ ᠲᠠᠢ ᠵᠠᠰᠠᠬᠤ ᠣᠷᠣᠨ ᠳᠤ ᠬᠤᠯᠪᠤᠭᠳᠠᠵᠤ ᠪᠠᠶᠢᠭ᠎ᠠ 66 ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠪᠠᠭ᠎ᠠ ᠰᠠᠪᠡ ᠭᠠᠵᠠᠷ ᠢᠶᠠᠷ ᠨᠢᠭᠡᠴᠢ ᠪᠤᠯᠭᠠᠭᠰᠠᠨ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠪᠣᠯᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠠᠢ︔ ᠨᠢᠭᠡᠴᠡ ᠪᠤᠯᠤᠨ ᠬᠤᠪᠢ ᠬᠥᠮᠦᠨ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠳᠤ ᠣᠷᠣᠯᠴᠠᠬᠤ ᠶᠢ ᠵᠤᠷᠢᠭᠵᠢᠭᠤᠯᠬᠤ ᠬᠡᠷᠡᠭᠲᠠᠢ︔ ᠬᠠᠮᠢᠶᠠᠷᠴᠤ ᠬᠠᠮᠠᠭᠠᠯᠠᠬᠤ ᠪᠠᠨ ᠴᠢᠩᠭᠠᠳᠬᠠᠵᠤ᠂ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠬᠦᠯᠬᠦ ᠬᠡᠷᠡᠭᠲᠠᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号