︽5.1︾ ᠤ ᠠᠮᠠᠷᠠᠯᠲᠠ ᠳᠠᠬᠢ ᠪᠥᠬᠦ ᠣᠷᠣᠨ ᠤ ᠵᠢᠭᠤᠯᠴᠢᠯᠠᠯ ᠤᠨ ᠠᠮᠤᠷ ᠲᠦᠪᠰᠢᠨ ᠪᠠ ᠵᠠᠬ᠎ᠠ | ᠳᠡᠯᠭᠡᠭᠦᠷ ᠤᠨ ᠡᠮᠬᠢ ᠵᠢᠷᠤᠮ ᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ ᠲᠤᠰᠬᠠᠶ ᠪᠠᠶᠢᠷᠢᠯᠠᠭᠤᠯᠤᠯᠲᠠ ᠬᠢᠵᠤ᠂ ᠠᠮᠤᠷ ᠲᠦᠪᠰᠢᠨ ᠤ ᠲᠤᠬᠠᠶ ᠤᠨᠤᠯᠵᠢᠬᠤᠨ ᠢ | ᠴᠢᠩᠭᠠᠳᠬᠠᠵᠤ᠂ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠶᠠᠷ ᠤᠨ ᠡᠳᠦᠷ ᠤᠨ | ᠬᠤᠭᠤᠴᠠᠭᠠᠨ ᠳᠤ᠂ ᠵᠢᠭᠤᠯᠴᠢᠯᠠᠯ ᠤᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠶᠡᠭᠡ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠬᠦᠯᠬᠦ ᠶᠢᠨ ᠬᠠᠮᠲᠤ᠂ ᠥᠷᠭᠡᠨ ᠢᠶᠠᠷ ᠤᠬᠠᠭᠤᠯᠤᠨ ᠲᠠᠶᠢᠴᠢᠯᠠᠵᠤ᠂ | ᠪᠣᠯᠪᠠᠰᠤᠨ ᠵᠢᠭᠤᠯᠴᠢᠯᠠᠯ ᠤᠨ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠵᠢᠵᠢᠭᠦᠷ ᠮᠠᠨᠠᠭᠠᠨ ᠤ ᠠᠵᠢᠯ ᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠵᠠᠭᠠᠯᠳᠤᠯᠭ᠎ᠠ ᠶᠢᠨ ᠳ᠋ᠢᠶᠠᠩᠬᠤᠸᠠ ᠪᠤᠯᠤᠨ ᠵᠠᠭᠠᠯᠳᠤᠯᠭ᠎ᠠ ᠶᠢ ᠬᠦᠯᠢᠶᠡᠨ ᠠᠪᠬᠤ ᠲᠠᠪᠴᠠᠩ ᠳᠤ ᠲᠤᠰᠬᠠᠶ ᠠᠵᠢᠯᠲᠠᠨ | ᠲᠤᠬᠢᠷᠠᠭᠤᠯᠵᠤ 24 ᠴᠠᠭ ᠲᠤ ᠳ᠋ᠢᠶᠠᠩᠬᠤᠸᠠ ᠬᠦᠯᠢᠶᠡᠠ ᠠᠪᠬᠤ ᠪᠠ ᠪᠠᠶᠢᠴᠠᠭᠠᠬᠤ ᠶᠢ ᠦᠨᠡᠨ ᠬᠦ ᠪᠠᠲᠤᠯᠠᠵᠤ᠂ | ᠳ᠋ᠢᠶᠠᠩᠬᠤᠸᠠ ᠪᠠᠷ ᠵᠠᠭᠠᠯᠳᠤᠭᠰᠠᠨ ᠪᠠ ᠢᠯᠡᠴᠢᠯᠡᠨ ᠮᠡᠳᠡᠭᠦᠯᠦᠭᠰᠡᠨ ᠬᠡᠷᠡᠭ ᠤᠳ ᠢ ᠴᠠᠭ ᠲᠤᠬᠠᠶ ᠳᠤᠨᠢ ᠰᠢᠢᠳᠪᠦᠷᠢᠯᠡᠬᠦ | ᠬᠡᠷᠡᠭᠲᠠᠢ ᠬᠡᠵᠤ ᠡᠯ᠎ᠡ ᠠᠶᠢᠮᠠᠭ ᠬᠤᠳᠠ ᠶᠢ ᠱᠠᠭᠠᠷᠳᠠᠵᠠᠢ᠃ ᠣᠨᠴᠠ ᠵᠠᠷᠢᠮ ᠦᠵᠡᠮᠵᠢ ᠶᠢᠨ ᠣᠷᠣᠨ ᠤ | ᠦᠡᠭᠭᠡᠷᠡᠭᠰᠡᠨ ᠳᠤ ᠣᠷᠣᠰᠢᠵᠤ ᠪᠠᠶᠢᠭᠰᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠬᠠᠮᠢᠶᠠᠷᠤᠯᠲᠠ ᠨᠢ ᠡᠮᠬᠢ | ᠵᠠᠮᠪᠠᠷᠠᠭ᠎ᠠ ᠦᠭᠡᠶ᠂ ᠠᠷᠢᠭᠤᠨ ᠴᠡᠪᠡᠷ ᠪᠤᠰᠤ ᠣᠷᠴᠢᠨ ᠲᠣᠭᠤᠷᠢᠨ ᠵᠢᠴᠢ ᠮᠣᠷᠢ ᠲᠡᠮᠡᠭᠡ ᠤᠨᠤᠬᠤ ᠰᠦᠢᠳᠬᠡᠯ ᠨᠢ | ᠵᠦᠢ ᠵᠤᠬᠢᠰ ᠦᠭᠡᠢ᠂ ᠮᠣᠷᠢ ᠤᠨᠤᠭᠠᠨ ᠤ ᠠᠮᠤᠷ ᠲᠦᠪᠰᠢᠨ ᠤ ᠬᠠᠮᠢᠶᠠᠷᠤᠯᠲᠠ ᠬᠦᠷᠦᠯᠴᠡᠬᠦ ᠦᠭᠡᠢ᠂ | ᠵᠢᠭᠤᠯᠴᠢᠯᠠᠭᠴᠢᠳ ᠢ ᠠᠪᠠᠴᠠᠨ ᠬᠢᠬᠠᠨ ᠬᠤᠨᠵᠢᠬᠤ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ᠂ ᠰᠢᠷᠠᠮᠥ᠋ᠷᠡᠨ᠂ | ᠤᠯᠠᠭᠠᠨ ᠪᠤᠳᠤᠩ᠂ ᠬᠦᠢᠲᠡᠨ ᠰᠢᠯᠢ ᠭᠤᠷᠪᠠᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠬᠠᠷᠢᠭᠤᠴᠠᠯᠭᠠᠲᠠᠨ ᠢ | ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠡᠭᠡ ᠲᠠᠩᠰᠠ ᠪᠠᠶᠢᠭᠤᠯᠵᠤ᠂ ᠵᠢᠭᠤᠯᠴᠢᠯᠠᠯ ᠤᠨ | ᠵᠠᠭᠠᠯᠳᠤᠯᠭ᠎ᠠ ᠶᠢᠨ ᠲᠠᠪᠴᠠᠩ ᠪᠤᠯᠤᠨ ᠵᠠᠭᠠᠯᠳᠤᠯᠭ᠎ᠠ ᠶᠢ ᠬᠦᠯᠢᠶᠡᠨ ᠠᠪᠬᠤ ᠲᠣᠭᠲᠠᠴᠠ ᠶᠢᠨ ᠰᠠᠭᠠᠳ ᠤᠢᠭᠡᠢ | ᠨᠡᠪᠲᠡᠷᠡᠬᠦ ᠶᠢ ᠦᠨᠡᠨ ᠬᠦ ᠪᠠᠲᠤᠯᠠᠵᠤ᠂ ᠥᠷᠭᠡᠨ ᠣᠯᠠᠨ ᠵᠢᠭᠤᠯᠴᠢᠯᠠᠭᠴᠢᠳ ᠲᠤ ᠪᠣᠯᠪᠠᠰᠤᠨ ᠰᠠᠶᠢᠬᠠᠨ | ᠵᠢᠭᠤᠯᠴᠢᠯᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠤ᠂ ᠮᠠᠨ ᠤ ᠣᠷᠣᠨ ᠤ ᠠᠮᠤᠷ ᠲᠦᠪᠰᠢᠨ᠂ ᠪᠣᠯᠪᠠᠰᠤᠨ᠂ | ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠳᠦᠷᠢ ᠳᠦᠷᠬᠦ ᠶᠢ ᠪᠦᠲᠦᠭᠡᠬᠦ ᠪᠤᠯᠤᠨ᠎ᠠ᠃ | |