ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ | ᠵᠠᠷᠤᠳᠠᠯ ᠢ ᠪᠠᠲᠤᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ 2.3 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠤᠯᠠᠨ ᠲᠠᠯ᠎ᠠ ᠪᠠᠷ ᠬᠤᠷᠠᠮᠳᠤᠭᠤᠯᠵᠤ᠂ ᠢᠳᠡᠭᠡᠨ ᠤ ᠠᠶᠣᠯᠭᠦᠢ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢᠨ ᠲᠡᠭᠦᠯᠳᠡᠷᠵᠢᠯᠲᠡ ᠶᠢ ᠲᠡᠮᠵᠢᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠲᠥᠰᠦᠪ ᠲᠤ 5968 ᠲᠦᠮᠡᠨ ᠲᠥᠭᠦᠷᠢᠭ ᠲᠣᠬᠢᠷᠠᠭᠤᠯᠵᠤ᠂ ᠲᠥᠪ ᠠᠴᠠ 1 ᠳ᠋ᠦᠩᠰᠢᠭᠤᠷ ᠲᠥᠭᠦᠷᠢᠭ ᠤᠨ | ᠲᠤᠰᠠᠯᠠᠮᠵᠢ ᠣᠯᠵᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠢᠳᠡᠭᠡᠨ ᠤ | ᠠᠶᠣᠯᠭᠦᠢ ᠶᠢ ᠡᠭᠦᠳᠦᠨ ᠪᠠᠶᠢᠭᠤᠯᠬᠤ᠂ ᠰᠢᠯᠭᠠᠨ ᠬᠡᠮᠵᠢᠬᠦ᠂ ᠮᠡᠷᠭᠡᠵᠢᠯ ᠤᠨ ᠲᠤᠯᠭᠠᠭᠤᠷᠢᠯᠠᠬᠤ᠂ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ᠂ ᠪᠡᠯᠡᠳᠬᠡᠮᠵᠢ ᠬᠤᠳᠠᠯᠳᠤᠨ ᠠᠪᠬᠤ᠂ ᠰᠢᠯᠭᠠᠨ ᠬᠡᠮᠵᠢᠬᠦ ᠪᠠᠶᠢᠭᠤᠯᠤᠮᠵᠢ ᠶᠢᠨ | ᠴᠢᠳᠠᠪᠤᠷᠢ ᠶᠢᠨ ᠪᠠᠶᠢᠭᠤᠯᠤᠯᠲᠠ ᠵᠢᠴᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠤ ᠲᠦᠷᠭᠡᠨ ᠪᠠᠶᠢᠴᠠᠭᠠᠬᠤ | ᠲᠥᠬᠦᠭᠡᠷᠦᠮᠵᠢ ᠲᠣᠬᠢᠷᠠᠭᠤᠯᠤᠠ ᠥᠭᠬᠦ ᠶᠢ ᠳᠡᠮᠵᠢᠪᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠲᠥᠰᠦᠪ ᠠᠴᠠ 1850 ᠲᠦᠮᠡᠨ ᠲᠥᠭᠦᠷᠢᠭ ᠲᠣᠬᠢᠷᠠᠭᠤᠯᠵᠤ᠂ ᠲᠥᠪ ᠠᠴᠠ 3000 ᠲᠦᠮᠡᠨ ᠲᠥᠭᠦᠷᠢᠭ ᠤᠨ | ᠲᠤᠰᠠᠯᠠᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠣᠯᠭᠦᠢ ᠶᠢᠨ ᠬᠢᠨᠠᠯᠲᠠ | ᠬᠠᠮᠢᠶᠠᠷᠤᠯᠲᠠ ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠥᠭᠰᠥᠨ ᠮᠥᠷᠳᠡᠬᠦ ᠰᠢᠰᠲ᠋ᠧᠮᠵᠢ ᠵᠢᠴᠢ ᠭᠡᠷᠡᠴᠢᠯᠡᠭᠡ ᠬᠢᠬᠦ | ᠬᠢᠨᠠᠯᠲᠠ ᠬᠠᠮᠢᠶᠠᠷᠤᠯᠲᠠ ᠪᠣᠯᠤᠨ ᠬᠤᠰᠢᠭᠤ ᠰᠢᠶᠠᠨ ᠤ ᠬᠤᠯᠪᠣᠭᠳᠠᠯ ᠪᠦᠬᠦᠢ ᠪᠠᠶᠢᠭᠤᠯᠤᠮᠵᠢ ᠳᠤ ᠲᠦᠷᠭᠡᠨ | ᠪᠠᠶᠢᠴᠠᠭᠠᠬᠤ ᠲᠥᠬᠦᠭᠡᠷᠦᠮᠵᠢ ᠲᠣᠬᠢᠷᠠᠭᠤᠯᠬᠤ ᠶᠢ ᠳᠡᠮᠵᠢᠪᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠲᠥᠰᠦᠪ ᠲᠤ 1500 ᠲᠦᠮᠡᠨ ᠲᠥᠭᠦᠷᠢᠭ ᠲᠣᠬᠢᠷᠠᠭᠤᠯᠵᠤ ᠶᠠᠰᠤ ᠴᠢᠨᠠᠷ ᠢ ᠪᠠᠶᠢᠴᠠᠭᠠᠬᠤ | ᠰᠠᠯᠠᠭ᠎ᠠ ᠮᠥᠴᠢᠷ ᠤᠨ ᠢᠳᠡᠭᠡᠨ ᠤ ᠠᠶᠤᠯᠭᠦᠶ ᠶᠢ ᠰᠢᠯᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ᠂ ᠠᠶᠤᠯ | ᠲᠦᠭᠰᠢᠭᠦᠷᠢ ᠶᠢ ᠬᠢᠨᠠᠨ ᠡᠵᠡᠮᠳᠡᠬᠦ ᠪᠠ ᠬᠢᠨᠠᠯᠲᠠ ᠲᠠᠯᠪᠢᠵᠤ ᠰᠤᠭᠤᠴᠡᠠ ᠪᠠᠶᠢᠴᠠᠭᠠᠬᠤ ᠵᠡᠷᠭᠡ ᠠᠵᠢᠯ ᠢ ᠥᠷᠨᠢᠭᠦᠯᠬᠦ | ᠶᠢ ᠳᠡᠮᠵᠢᠪᠡ᠃ |