ᠥᠪᠥᠷ ᠮᠣᠩᠭᠤᠯ ᠤᠨ ᠨᠢᠭᠡᠳᠦᠭᠡᠷ ᠤᠯᠠᠷᠢᠯ ᠤᠨ GDP 3495.54 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2016/4/26
     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠤᠨ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ 3495.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠴᠢᠭ ᠦᠨᠳᠦᠷ ᠪᠣᠯᠵᠤ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.5 ᠵᠠᠭᠤᠨ ᠤ ᠴᠢᠭ ᠲᠥᠷᠭᠡᠨ ᠪᠣᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡᠪᠡᠷ ᠤᠷᠤᠭᠰᠢᠯᠠᠪᠠ᠃      ᠠᠵᠤ ᠦᠢᠯᠡᠳᠪᠦᠷᠢ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠦᠷᠭᠡᠳᠴᠠᠢ      ᠨᠢᠭᠡᠳᠦᠭᠡᠷ ᠤᠯᠠᠷᠢᠯ ᠳᠤ᠂ ᠮᠠᠨ ᠤ ᠤᠷᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 7.9%᠎ ᠪᠠᠷ ᠨᠡᠮᠡᠭᠳᠡᠵᠦ᠂ 1 — 2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠴᠢᠭ ᠢᠶᠠᠷ ᠲᠦᠷᠭᠡᠨ ᠪᠣᠯᠵᠤ᠂ ᠪᠠᠰᠠ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.1 ᠵᠠᠭᠤᠨ ᠤ ᠴᠢᠭ ᠢᠶᠠᠷ ᠥᠨᠳᠥᠷ ᠪᠠᠶᠢᠨ᠎ᠠ᠃      ᠵᠢᠷᠭᠤᠭᠠᠨ ᠲᠤᠯᠭᠠᠭᠤᠷᠢ ᠠᠵᠤ ᠦᠢᠯᠡᠰ ᠤᠨ ᠪᠠᠶᠢᠳᠠᠯ ᠠᠴᠠ ᠦᠵᠡᠪᠡᠯ᠂ ᠡᠨᠧᠷᠭᠢ ᠶᠢᠨ ᠠᠵᠤ ᠦᠢᠯᠡᠳᠪᠦᠷᠢ ᠪᠠ ᠲᠡᠮᠦᠷᠯᠢᠭ ᠪᠣᠯᠪᠠᠰᠤᠷᠠᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠤᠪᠢ ᠨᠡᠮᠡᠷᠢ ᠶᠢᠨ ᠨᠤᠷᠮ᠎ᠠ ᠨᠢ ᠴᠦᠮ 30%᠎ ᠶᠢ ᠳᠠᠪᠠᠪᠠ᠃ ᠡᠭᠦᠨ ᠤ ᠳᠣᠲᠣᠷ᠎ᠠ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 32.14%᠎ ᠳᠤ ᠬᠦᠷᠪᠡ︔ ᠲᠡᠮᠦᠷᠯᠢᠭ ᠪᠣᠯᠪᠠᠰᠤᠷᠠᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 11.8%᠎ ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 31.01% ᠪᠣᠯᠤᠨ᠎ᠠ︔ ᠬᠠᠷᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ —1.98% ᠪᠣᠯᠤᠨ᠎ᠠ᠃ ᠰᠢᠨ᠎ᠡ ᠬᠦᠳᠡᠯᠦᠩᠭᠦᠢ ᠴᠢᠳᠠᠪᠬᠢ ᠶᠠᠭ ᠦᠰᠦᠨ ᠪᠤᠶᠢᠵᠢᠵᠤ ᠪᠠᠶᠢᠨ᠎ᠠ᠃ ᠲᠣᠨᠣᠭᠯᠠᠯ ᠦᠢᠯᠡᠳᠬᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 19.9%᠎ ᠪᠠᠷ ᠨᠡᠮᠡᠭᠳᠡᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 18.4%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠶᠢ ᠲᠤᠰ ᠪᠦᠷᠢ 1.2 ᠪᠠ 0.5 ᠵᠠᠭᠤᠨ ᠤ ᠴᠢᠭ ᠳᠠᠶᠢᠴᠢᠯᠠᠪᠠ᠃ ︽ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ︾ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠦᠬᠦ ᠣᠷᠣᠨ ᠤ ᠵᠠᠷᠢᠮ ᠦᠢᠯᠡᠳᠪᠦᠷᠢᠯᠡᠯ ᠤᠨ ᠴᠢᠳᠠᠪᠤᠷᠢ ᠬᠠᠷᠢᠴᠠᠩᠭᠤᠶ ᠪᠠᠷ ᠦᠯᠡᠭᠦᠳᠡᠬᠦ ᠦᠢᠯᠡᠳᠬᠦᠨ ᠤ ᠭᠠᠷᠤᠯᠲᠠ ᠴᠥᠮ ᠡᠳᠦᠶ ᠲᠡᠳᠦᠶ ᠪᠠᠭᠤᠷᠠᠪᠠ᠃ ᠭᠠᠷᠤᠯᠲᠠ ᠠᠴᠠ ᠦᠵᠡᠪᠡᠯ᠂ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠨᠡᠭᠦᠷᠡᠰᠦ ᠶᠢᠨ ᠭᠠᠷᠤᠯᠲᠠ ᠨᠢ 2.06 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.7%᠎ ᠪᠠᠷ ᠪᠠᠭᠤᠷᠠᠪᠠ︔ ᠱᠦᠢᠨᠢ ᠶᠢᠨ ᠭᠠᠷᠤᠯᠲᠠ ᠨᠢ 566.08 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.6%᠎ ᠪᠠᠷ ᠪᠠᠭᠤᠷᠠᠪᠠ︔ ᠪᠤᠯᠤᠳ ᠮᠠᠲ᠋ᠧᠷᠢᠶᠠᠯ ᠤᠨ ᠭᠠᠷᠤᠯᠲᠠ ᠨᠢ 438.22 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ6.5%᠎ ᠪᠠᠷ ᠪᠠᠭᠤᠷᠠᠪᠠ᠃ ᠤᠯᠠᠮᠵᠢᠯᠠᠯᠲᠤ ᠠᠵᠤ ᠦᠢᠯᠡᠰ ᠢ ᠲᠡᠰᠦᠷᠡᠯᠳᠠ ᠤᠢᠭᠡᠢ ᠦᠭᠡᠷᠡᠴᠢᠯᠡᠨ ᠳᠡᠰ ᠳᠡᠪᠰᠢᠭᠦᠯᠬᠦ᠂ ᠵᠢᠱᠢᠶᠡᠯᠡᠪᠡᠯ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ 4 ᠵᠤᠷᠪᠤᠰ 5000 ᠲᠦᠮᠡᠨ ᠺᠢᠯᠣᠸᠠᠲ ᠤᠨ ᠣᠨᠴᠠ ᠥᠨᠳᠥᠷ ᠳᠠᠷᠤᠯᠲᠠᠲᠤ ᠢᠵᠢ ᠪᠦᠷᠢᠳᠦᠭᠰᠡᠨ ᠢᠯᠴᠢ ᠶᠢᠨ ᠴᠠᠬᠢᠯᠭᠠᠨ ᠢ ᠪᠦᠲᠦᠭᠡᠨ ᠪᠠᠶᠢᠭᠤᠯᠬᠤ᠂ ᠨᠡᠭᠦᠷᠡᠰᠦᠨ ᠬᠡᠢ 280 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠭᠠᠷᠭᠠᠬᠤ᠂ ᠨᠡᠭᠦᠷᠡᠰᠦᠨ ᠲᠣᠰᠤ 700 ᠲᠦᠮᠡᠨ ᠲᠣᠨ᠂ ᠨᠡᠭᠦᠷᠡᠰᠦᠨ ᠠᠯᠺᠸᠠ 300 ᠲᠦᠮᠡᠨ ᠲᠣᠨ᠂ ᠨᠡᠭᠦᠷᠡᠰᠦᠨ ᠡᠲ᠋ᠢᠯ ᠬᠤᠶᠠᠷᠴᠢ ᠠᠯᠺᠣᠣᠯ 200 ᠲᠦᠮᠡᠨ ᠲᠣᠨ᠂ ᠬᠢᠮᠢ ᠶᠢᠨ ᠪᠤᠷᠳᠤᠭᠤᠷ 1500 ᠲᠦᠮᠡᠨ ᠲᠣᠨ ᠦᠢᠯᠡᠳᠬᠦ ᠶᠢ ᠤᠯᠤᠰ ᠠᠴᠠ ᠵᠦᠪᠰᠢᠶᠡᠷᠡᠪᠡ᠂ ᠡᠳᠡᠭᠡᠷ ᠲᠦᠷᠦᠯ ᠵᠦᠢᠯ ᠨᠢ ᠪᠦᠷᠢᠨ ᠪᠡᠶᠡᠯᠡᠭᠳᠡᠪᠡᠯ ᠵᠢᠯ ᠳᠤ 4.4 ᠳ᠋ᠦᠩᠰᠢᠭᠤᠷ ᠲᠣᠨ ᠨᠡᠭᠦᠷᠡᠰᠦ ᠤᠯᠠᠷᠢᠭᠤᠯᠵᠤ᠂ ᠥᠪᠥᠷ ᠮᠣᠩᠭᠤᠯ ᠤᠨ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠶᠢ 50%᠎ ᠠᠴᠠ ᠳᠡᠭᠡᠭᠰᠢ ᠳᠡᠭᠡᠭᠰᠢᠯᠡᠭᠦᠯᠵᠦ ᠴᠢᠳᠠᠨ᠎ᠠ᠃      ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ    500 ᠲᠦᠮᠡᠨ ᠲᠥᠭᠦᠷᠢᠭ ᠠᠴᠠ ᠳᠡᠭᠡᠭᠰᠢ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 13.4%᠎ ᠪᠠᠷ ᠨᠡᠮᠡᠭᠳᠡᠪᠡ      ᠨᠢᠭᠡᠳᠦᠭᠡᠷ ᠤᠯᠠᠷᠢᠯ ᠳᠤ᠂ ᠮᠠᠨ ᠤ ᠤᠷᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠳᠠᠬᠢ ᠪᠡᠯᠡ ᠣᠷᠣᠭᠤᠯᠤᠯᠲᠠ ᠳᠤ 568.95 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 1 — 2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 0.4 ᠵᠠᠭᠤᠨ ᠤ ᠴᠢᠭ ᠲᠦᠷᠭᠡᠳᠴᠦ᠂ ᠪᠠᠰᠠ ᠡᠨᠡ ᠵᠢᠯ ᠤᠨ ᠵᠢᠱᠢᠭᠰᠡᠨ ᠬᠠᠷᠠᠯᠲᠠ ᠶᠢᠨ ᠨᠡᠮᠡᠭᠳᠡᠯ ᠤᠨ ᠬᠤᠷᠳᠤᠴᠠ ᠠᠴᠠ 1.4 ᠵᠠᠭᠤᠨ ᠤ ᠴᠢᠭ ᠦᠨᠳᠦᠷ ᠪᠣᠯᠵᠤ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.7 ᠵᠠᠭᠤᠨ ᠤ ᠴᠢᠭ ᠦᠨᠳᠦᠷ ᠪᠣᠯᠪᠠ᠃ ᠭᠤᠷᠪᠠᠨ ᠵᠦᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ 17.71 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.5%᠎ ᠢᠶᠠᠷ ᠪᠠᠭᠤᠷᠠᠪᠠ︔ ᠬᠤᠶᠠᠳᠤᠭᠠᠷ ᠠᠵᠤ ᠦᠢᠯᠡᠰ 348.75 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.7%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ 202.5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20%᠎ ᠪᠠᠷ ᠨᠡᠮᠡᠭᠳᠡᠪᠡ᠃ ᠲᠦᠷᠦᠯ ᠵᠦᠢᠯ ᠤᠨ ᠲᠤᠭ᠎ᠠ ᠠᠴᠠ ᠦᠵᠡᠪᠡᠯ᠂ ᠰᠢᠨ᠎ᠡ ᠪᠠᠷ ᠠᠵᠢᠯ ᠡᠬᠢᠯᠡᠭᠰᠡᠨ ᠲᠦᠷᠦᠯ ᠵᠦᠢᠯ ᠤᠨ ᠲᠤᠭ᠎ᠠ ᠨᠡᠯᠢᠶᠡᠳ ᠲᠦᠷᠭᠡᠨ ᠨᠡᠮᠡᠭᠳᠡᠪᠡ᠃ ᠠᠭᠤᠷ ᠠᠮᠢᠰᠬᠤᠯ ᠤᠯᠠᠮ ᠢᠶᠠᠷ ᠳᠤᠯᠠᠭᠠᠷᠠᠬᠤ ᠶᠢ ᠳᠠᠭᠠᠯᠳᠤᠨ᠂ ᠨᠢᠭᠡ ᠠᠷᠪᠢᠨ ᠲᠦᠷᠦᠯ ᠵᠦᠢᠯ ᠵᠠᠯᠭᠠᠯᠳᠤᠭᠠᠪᠠᠷ ᠠᠵᠢᠯ ᠡᠬᠢᠯᠡᠪᠡ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ᠲᠤᠭ᠎ᠠ ᠨᠢ 1642᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12%᠎ ᠢᠶᠠᠷ ᠨᠡᠮᠡᠭᠳᠡᠪᠡ︔ ᠡᠭᠦᠨ ᠳᠤ ᠡᠨᠡ ᠵᠢᠯ ᠤᠨ ᠰᠢᠨ᠎ᠡ ᠪᠠᠷ ᠠᠵᠢᠯ ᠡᠬᠢᠯᠡᠭᠰᠡᠨ ᠲᠦᠷᠦᠯ ᠵᠦᠢᠯ ᠨᠢ 868 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 335 ᠨᠡᠮᠡᠭᠳᠡᠨ᠂ 62.9%᠎ ᠪᠠᠷ ᠨᠡᠮᠡᠭᠳᠡᠪᠡ︔ ᠨᠢᠭᠡ ᠪᠦᠯᠦᠭ ᠭᠤᠣᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠬᠤ ᠠᠬᠢᠴᠠ ᠰᠠᠶᠢᠨ ᠪᠠᠶᠢᠵᠤ᠂ ᠵᠢᠱᠢᠶᠡᠯᠡᠪᠡᠯ ᠰᠢᠯᠢ ᠶᠢᠨ ᠭᠤᠣᠯ ᠠᠶᠢᠮᠠᠭ ᠤᠨ 1000 ᠺᠢᠯᠣᠸᠣᠯᠲ ﹇kV﹈  ᠬᠦᠴᠦᠳᠡᠯ ᠥᠭᠡᠷᠡᠴᠢᠯᠡᠬᠦ ᠦᠷᠲᠡᠭᠡᠨ ᠤ ᠰᠢᠪᠠᠷ ᠰᠢᠷᠣᠶ ᠶᠢᠨ ᠪᠠᠷᠢᠯᠭ᠎ᠠ ᠶᠢ ᠦᠨᠳᠦᠰᠦᠨ ᠳᠡᠭᠡᠨ ᠪᠠᠷᠢᠵᠤ ᠳᠠᠭᠤᠰᠪᠠ᠃ ᠰᠢᠯᠢ ᠶᠢᠨ ᠭᠤᠣᠯ ᠠᠶᠢᠮᠠᠭ ᠠᠴᠠ ᠱᠠᠩᠳᠦ᠋ᠩ ᠬᠦᠷᠬᠦ ᠣᠨᠴᠠ ᠥᠨᠳᠥᠷ ᠳᠠᠷᠤᠯᠲᠠᠲᠤ ᠴᠠᠬᠢᠯᠭᠠᠨ ᠬᠦᠷᠭᠡᠬᠦ ᠪᠠᠷᠢᠯᠭ᠎ᠠ ᠶᠢᠨ ᠰᠢᠯᠢ ᠶᠢᠨ ᠭᠤᠣᠯ ᠠᠶᠢᠮᠠᠭ ᠤᠨ 1000 ᠺᠢᠯᠣᠸᠣᠯᠲ ﹇kV﹈ ᠬᠦᠴᠦᠳᠡᠯ ᠥᠭᠡᠷᠡᠴᠢᠯᠡᠬᠦ ᠦᠷᠲᠡᠭᠡᠨ ᠤ ᠪᠠᠷᠢᠯᠭ᠎ᠠ ᠨᠢ 2014 ᠣᠨ ᠤ 11 ᠳ᠋ᠦ᠋ᠭᠡᠷ ᠰᠠᠷ᠎ᠠ ᠶᠢᠨ 4᠎ ᠤ ᠡᠳᠦᠷ ᠠᠵᠢᠯ ᠡᠬᠢᠯᠡᠭᠰᠡᠨ ᠠᠴᠠ ᠨᠠᠰᠢ᠂ ᠣᠳᠣᠬᠠᠨ ᠳᠤ ᠰᠢᠪᠠᠷ ᠰᠢᠷᠣᠶ ᠶᠢᠨ ᠪᠠᠷᠢᠯᠭ᠎ᠠ ᠨᠢ ᠦᠨᠳᠦᠰᠦᠨ ᠳᠡᠭᠡᠨ ᠳᠠᠭᠤᠰᠴᠤ᠂ ᠲᠥᠬᠦᠭᠡᠷᠦᠮᠵᠢ ᠤᠭᠰᠠᠷᠠᠬᠤ ᠪᠠᠷᠢᠯᠭ᠎ᠠ ᠨᠢ ᠣᠷᠭᠢᠯ ᠤᠨ ᠬᠤᠭᠤᠴᠠᠭᠠᠨ ᠳᠠᠭᠠᠨ ᠣᠷᠣᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠰᠢᠯᠢ ᠶᠢᠨ ᠭᠤᠣᠯ ᠠᠶᠢᠮᠠᠭ᠂ ᠪᠡᠭᠡᠵᠢᠩ ᠤᠨ ᠵᠡᠭᠦᠨ ᠳᠠᠬᠢ᠂ ᠵᠢᠨᠠᠨ ᠬᠤᠲᠠ ᠶᠢᠨ ᠰᠢᠨ᠎ᠡ ᠪᠠᠷ ᠪᠠᠶᠢᠭᠤᠯᠬᠤ 3 ᠰᠠᠭᠤᠷᠢ 1000 ᠺᠢᠯᠣᠸᠣᠯᠲ ﹇kV﹈  ᠬᠦᠴᠦᠳᠡᠯ ᠥᠭᠡᠷᠡᠴᠢᠯᠡᠬᠦ ᠣᠢᠷᠲᠡᠭᠡ ᠪᠠ ᠴᠧᠩᠳᠧ  ᠬᠤᠲᠠ ᠶᠢᠨ ᠤᠭᠰᠠᠷᠠᠭ᠎ᠠ ᠨᠥᠬᠦᠪᠥᠷᠢ ᠥᠷᠲᠡᠭᠡ ᠶᠢ ᠪᠠᠭᠲᠠᠨ᠎ᠠ᠂ ᠡᠭᠦᠨ ᠳᠤ ᠰᠢᠯᠢ ᠶᠢᠨ ᠭᠤᠣᠯ ᠠᠶᠢᠮᠠᠭ ᠤᠨ 1000 ᠺᠢᠯᠣᠸᠣᠯᠲ ﹇kV﹈ ᠬᠦᠴᠣᠲᠠᠯ ᠥᠭᠡᠷᠡᠴᠢᠯᠡᠬᠦ ᠣᠢᠷᠲᠡᠭᠡ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠨᠢ ᠰᠢᠯᠢ ᠶᠢᠨ ᠭᠤᠣᠯ ᠠᠶᠢᠮᠠᠭ ᠤᠨ ᠳᠣᠯᠣᠨ ᠨᠠᠭᠤᠷ ᠰᠢᠶᠠᠨ ᠳᠤ ᠪᠠᠶᠢᠷᠢᠯᠠᠵᠤ᠂ 12.24 ᠾᠧᠺᠲ᠋ᠠᠷ ᠭᠠᠵᠠᠷ ᠡᠵᠡᠯᠡᠨ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 18 ᠳ᠋ᠦᠩᠰᠢᠭᠤᠷ ᠲᠥᠭᠦᠷᠢᠭ ᠲᠤ ᠬᠦᠷᠴᠦ᠂ ᠰᠢᠯᠢ ᠶᠢᠨ ᠭᠤᠣᠯ ᠠᠶᠢᠮᠠᠭ ᠤᠨ ᠴᠠᠬᠢᠯᠭᠠᠨ ᠡᠭᠦᠰᠭᠡᠭᠴᠢ ᠰᠠᠭᠤᠷᠢᠨ ᠭᠠᠵᠠᠷ ᠪᠦᠭᠡᠳ ᠴᠠᠬᠢᠯᠭᠠᠨ ᠡᠭᠦᠰᠭᠡᠭᠴᠢ ᠶᠢᠨ ᠪᠡᠯᠴᠢᠷ ᠮᠦᠨ᠂ ᠪᠠᠰᠠᠴᠤ ᠰᠢᠯᠢ ᠶᠢᠨ ᠭᠤᠣᠯ ᠠᠶᠢᠮᠠᠭ ᠠᠴᠠ ᠱᠠᠩᠳᠦ᠋ᠩ ᠬᠦᠷᠬᠦ ᠣᠨᠴᠠ ᠥᠨᠳᠥᠷ ᠳᠠᠷᠤᠯᠲᠠᠲᠤ ᠰᠣᠯᠢᠯᠴᠠᠭ᠎ᠠ ᠪᠠᠷᠢᠯᠭ᠎ᠠ ᠶᠢᠨ ᠡᠬᠢᠯᠡᠯᠲᠡ ᠶᠢᠨ ᠴᠢᠭ᠋ ᠤᠨ ᠲᠡᠷᠢᠭᠦᠨ ᠦᠷᠳᠡᠭᠡ ᠪᠣᠯᠵᠤ᠂ ᠭᠤᠣᠯ ᠨᠢ ᠦᠵᠦᠭᠦᠷᠯᠢᠭ ᠬᠦᠷᠭᠡᠭᠦᠯ ᠴᠠᠬᠢᠯᠭᠠᠨ ᠡᠭᠦᠰᠭᠡᠭᠴᠢ ᠶᠢ ᠡᠮᠬᠢᠳᠬᠡᠬᠦ ᠪᠠ ᠭᠠᠳᠠᠭᠰᠢ ᠬᠦᠷᠭᠡᠬᠦ ᠴᠠᠬᠢᠯᠭᠠᠨ ᠬᠦᠴᠦᠨ ᠢ ᠵᠣᠬᠢᠶᠠᠨ ᠪᠠᠶᠢᠭᠤᠯᠬᠤ ᠦᠢᠯᠡᠳᠦᠯ ᠢ ᠡᠭᠦᠷᠭᠡᠯᠡᠨ᠎ᠡ᠃      ᠠᠳᠠᠯᠢ ᠬᠤᠭᠤᠴᠠᠭᠠᠨ ᠤ ᠬᠢ ᠠᠴᠠ 13%᠎ ᠪᠠᠷ ᠨᠡᠮᠡᠭᠳᠡᠭᠰᠡᠨ ᠰᠢᠨ᠎ᠡ ᠪᠠᠷ ᠠᠵᠢᠯ ᠡᠬᠢᠯᠡᠭᠰᠡᠨ ᠪᠠ ᠰᠡᠷᠭᠦᠭᠡᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ 497 ᠪᠠᠶᠢᠨ᠎ᠠ      ᠨᠢᠭᠡᠳᠦᠭᠡᠷ ᠤᠯᠠᠷᠢᠯ ᠳᠤ᠂ ᠪᠦᠬᠦ ᠣᠷᠣᠨ ᠳᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 53 ᠵᠦᠢᠯ ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 268.44 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 17.10 ᠳ᠋ᠦᠩᠰᠢᠭᠤᠷ ᠲᠥᠭᠦᠷᠢᠭ ᠨᠡᠮᠡᠭᠳᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ 80.35%᠎ ᠢ ᠡᠵᠡᠯᠡᠪᠡ᠃ ᠡᠭᠦᠨ ᠳᠤ᠂ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢ ᠠᠵᠢᠯ ᠡᠬᠢᠯᠡᠭᠰᠡᠨ ᠪᠠ ᠰᠡᠷᠭᠦᠭᠡᠭᠰᠡᠨ ᠲᠥᠷᠥᠯ ᠵᠦᠢᠯ 381 ᠪᠠᠶᠢᠵᠤ᠂ ᠪᠥᠬᠦ ᠣᠷᠣᠨ ᠤ ᠠᠵᠢᠯ ᠡᠬᠢᠯᠡᠭᠰᠡᠨ ᠪᠠ ᠰᠡᠷᠭᠦᠭᠡᠭᠰᠡᠨ ᠲᠦᠷᠦᠯ ᠵᠦᠢᠯ ᠤᠨ 76.66%᠎ ᠶᠢ ᠡᠵᠡᠯᠡᠵᠦ᠂ 212.72 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠤᠷᠤᠨ ᠤ 79.24%᠎ ᠶᠢ ᠡᠵᠡᠯᠡᠪᠡ︔ ᠵᠡᠭᠦᠨ ᠬᠡᠰᠡᠭ ᠤᠨ ᠠᠶᠢᠮᠠᠭ ᠬᠤᠳᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠢᠯ ᠡᠬᠢᠯᠡᠭᠰᠡᠨ ᠪᠠ ᠰᠡᠷᠭᠦᠭᠡᠭᠰᠡᠨ ᠲᠥᠷᠥᠯ ᠵᠦᠢᠯ116 ᠪᠠᠶᠢᠵᠤ᠂ ᠪᠥᠬᠦ ᠣᠷᠣᠨ ᠤ ᠠᠵᠢᠯ ᠡᠬᠢᠯᠡᠭᠰᠡᠨ ᠪᠠ ᠰᠡᠷᠭᠦᠭᠡᠭᠰᠡᠨ ᠲᠦᠷᠦᠯ ᠵᠦᠢᠯ ᠤᠨ 23.34%᠎ ᠶᠢ ᠡᠵᠡᠯᠡᠵᠦ᠂55.73 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠤᠷᠤᠨ ᠤ 20.76%᠎ ᠶᠢ ᠡᠵᠡᠯᠡᠪᠡ᠃ ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠵᠠᠯᠭᠠᠯᠳᠤᠭᠠᠪᠠᠷ ᠠᠵᠢᠯ ᠡᠬᠢᠯᠡᠨ ᠰᠡᠷᠭᠦᠭᠡᠵᠡᠢ᠂ ᠡᠭᠦᠨ ᠳᠤ ᠢ ᠲᠠᠢ ᠬᠢᠮᠢ ᠶᠢᠨ ᠠᠵᠤ ᠦᠢᠯᠡᠳᠪᠦᠷᠢ ᠵᠢᠯ ᠳᠤ 120 ᠲᠦᠮᠡᠨ ᠲᠣᠨ ᠨᠠᠷᠢᠯᠢᠭ ᠬᠢᠮᠢ ᠶᠢᠨ ᠵᠦᠢᠯ ᠦᠢᠯᠡᠳᠪᠦᠷᠢᠯᠡᠬᠦ ᠲᠦᠷᠦᠯ ᠵᠦᠢᠯ᠂ ᠥᠪᠥᠷ ᠮᠣᠩᠭᠤᠯ ᠤᠨ ᠮᠸᠡᠭ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ PVA ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠬᠡᠪ ᠤᠨ ᠬᠥᠩᠭᠡᠨᠴᠠᠭᠠᠨ ᠬᠥᠩᠭᠡᠨ ᠴᠠᠭᠠᠨ ᠤ ᠤᠰᠤ ᠶᠢ ᠨᠠᠷᠢᠯᠢᠭ ᠪᠤᠯᠪᠠᠰᠤᠷᠠᠭᠤᠯᠬᠤ ᠬᠠᠪᠲᠠᠰᠤ ᠪᠦᠰᠡ ᠲᠡᠮᠦᠷᠯᠢᠭ ᠴᠠᠭᠠᠰᠤ ᠶᠢᠨ ᠲᠦᠷᠦᠯ ᠵᠦᠢᠯ᠂ ᠳ᠋ᠦᠩᠱᠧᠩ ᠲᠤᠭᠤᠷᠢᠭ ᠤᠨ ᠣᠷᠳᠣᠰ ᠶᠤᠸᠠᠨ ᠱᠧᠩ ᠭᠡᠷᠡᠯ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠥᠪᠥᠷ ᠮᠣᠩᠭᠤᠯ ᠤᠨ ᠦᠬᠠᠶ ᠶᠢᠨ ᠶᠠᠳᠦ᠋ᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠠᠹᠲ᠋ᠠᠯᠧᠨ ᠰᠢᠷᠢᠰ ᠪᠦᠲᠦᠭᠡᠭᠲᠡᠬᠦᠨ ᠤ ᠲᠦᠷᠦᠯ ᠵᠦᠢᠯ᠂ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠶᠢᠨ ᠪᠠᠯ ᠴᠢᠯᠠᠭᠤ ᠨᠠᠷᠢᠯᠢᠭ ᠪᠤᠯᠪᠠᠰᠤᠷᠠᠭᠤᠯᠬᠤ ᠳᠡᠭᠡᠳᠦ ᠰᠢᠨ᠎ᠡ ᠠᠵᠤ ᠦᠢᠯᠡᠰ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠴᠧᠨ ᠬᠤᠩ ᠯᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠣᠨᠴᠠ ᠲᠦᠷᠦᠯ ᠤᠨ ᠲᠠᠪᠠᠷᠬᠠᠢ ᠶᠢᠨ ᠲᠦᠷᠦᠯ ᠵᠦᠢᠯ᠂ ᠥᠪᠥᠷ ᠮᠣᠩᠭᠤᠯ ᠤᠨ ᠶᠡᠭᠡ ᠳᠠᠩ ᠤᠯᠠᠨ ᠤᠯᠤᠰ ᠤᠨ ᠳᠠᠬᠢᠨᠲᠠ ᠡᠭᠦᠰᠬᠦ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠬᠢᠵᠠᠭᠠᠷᠲᠤ ᠺᠣᠮᠫᠠᠨᠢ ᠶᠢᠨ ᠨᠡᠭᠦᠷᠡᠰᠦᠨ ᠦᠨᠡᠰᠦ ᠶᠢ ᠶᠡᠷᠦᠩᠬᠡᠶᠢᠯᠡᠨ ᠠᠰᠢᠭᠯᠠᠵᠤ ᠬᠥᠩᠭᠡᠨ ᠴᠠᠭᠠᠨ ᠴᠠᠬᠢᠭᠤᠷ ᠲᠢᠲ᠋ᠢᠨ ᠬᠠᠶᠢᠯᠤᠰᠢ ᠦᠭᠡᠢ ᠲᠡᠮᠦᠷᠯᠢᠭ ᠦᠢᠯᠡᠳᠪᠦᠷᠢᠯᠡᠬᠦ ᠲᠥᠷᠥᠯ ᠵᠦᠢᠯ ᠵᠡᠷᠭᠡ ᠶᠢ ᠪᠠᠭᠲᠠᠭᠠᠭᠰᠠᠨ ᠴᠢᠬᠤᠯᠠ ᠶᠡᠭᠡ ᠲᠦᠷᠦᠯ ᠵᠦᠢᠯ ᠵᠠᠯᠭᠠᠯᠳᠤᠭᠠᠪᠠᠷ ᠠᠵᠢᠯ ᠢᠶᠠᠨ ᠡᠬᠢᠯᠡᠨ ᠰᠡᠷᠭᠦᠭᠡᠨ ᠪᠠᠶᠢᠭᠤᠯᠪᠠ᠃      ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠶᠢ ᠰᠢᠨ᠎ᠡ ᠪᠠᠷ ᠡᠬᠢᠯᠡᠭᠰᠡᠨ ᠪᠠ ᠰᠡᠷᠭᠦᠭᠡᠭᠰᠡᠨ ᠠᠵᠤ ᠦᠢᠯᠡᠳᠪᠦᠷᠢ ᠶᠢᠨ ᠲᠥᠷᠥᠯ ᠵᠦᠢᠯ 497 ᠪᠠᠶᠢᠨ᠎ᠠ   ᠭᠠᠳᠠᠭᠠᠳᠤ ᠠᠷᠠᠯᠵᠢᠶ᠎ᠠ ᠶᠢᠨ ᠪᠠᠭᠤᠷᠠᠬᠤ ᠬᠡᠪᠴᠢᠶ᠎ᠡ ᠪᠠᠭᠠᠰᠪᠠ      ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠥᠷᠲᠡᠭ 179.05 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 4.7% ᠪᠠᠭᠤᠷᠠᠵᠤ᠂ 1 — 2 ᠳ᠋ᠤᠭᠠᠷ ᠰᠠᠷ᠎ᠠ ᠶᠢᠨ ᠪᠠᠭᠤᠷᠠᠯᠲᠠ ᠠᠴᠠ 6.7᠎ ᠶᠢᠨ ᠵᠠᠭᠤᠨ ᠤ ᠴᠡᠭ ᠢᠶᠠᠷ ᠪᠠᠭᠤᠷᠠᠵᠤ᠂ ᠪᠦᠬᠦ ᠤᠯᠤᠰ ᠤᠨ ᠳᠤᠮᠳᠠᠴᠢ ᠪᠠᠭᠤᠷᠠᠬᠤ ᠬᠡᠪᠴᠢᠶ᠎ᠡ ᠠᠴᠠ1.2 ᠵᠠᠭᠤᠨ ᠤ ᠴᠡᠭ ᠪᠠᠭᠤᠷᠠᠪᠠ᠃ ᠡᠭᠦᠨ ᠳᠤ᠂ ᠭᠠᠳᠠᠭᠠᠳᠤ ᠭᠠᠷᠭᠠᠯᠲᠠ74.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ︔ ᠭᠠᠳᠠᠭᠠᠳᠤ ᠤᠷᠤᠭᠤᠯᠤᠯᠲᠠ104.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4% ᠪᠠᠭᠤᠷᠠᠭᠰᠠᠨ ᠪᠠᠶᠢᠨ᠎ᠠ᠃ ᠠᠷᠠᠯᠵᠢᠶᠠᠨ ᠠᠴᠠ ᠠᠪᠴᠤ ᠦᠵᠡᠪᠡᠯ᠂ ᠮᠠᠨ ᠤ ᠤᠷᠤᠨ ᠤ ᠭᠤᠷᠪᠠᠨ ᠤᠯᠤᠰ ᠯᠤᠭ᠎ᠠ ᠶᠢᠨ ᠠᠷᠠᠯᠵᠢᠶᠠᠨ ᠤ ᠥᠷᠳᠡᠭ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠂ ᠲᠤᠰ ᠲᠤᠰ ᠣᠷᠣᠰ ︵41.78 ᠳ᠋ᠦᠩᠰᠢᠭᠤᠷ ᠲᠥᠭᠦᠷᠢᠭ︶᠂ ᠮᠣᠩᠭᠤᠯ ᠤᠯᠤᠰ ︵39.38 ᠳ᠋ᠦᠩᠰᠢᠭᠤᠷ ᠲᠥᠭᠦᠷᠢᠭ︶ ᠪᠣᠯᠤᠨ ᠠᠮᠧᠷᠢᠺᠠ ︵11.2 ᠳ᠋ᠦᠩᠰᠢᠭᠤᠷ ᠲᠥᠭᠦᠷᠢᠭ︶ ᠪᠤᠯᠤᠨ᠎ᠠ᠃ ᠠᠶᠢᠮᠠᠭ ᠬᠤᠲᠠ ᠪᠠᠷ ᠬᠤᠪᠢᠶᠠᠨ ᠦᠵᠡᠪᠡᠯ᠂ 6 ᠬᠤᠳᠠ ᠶᠢᠨ ᠭᠠᠳᠠᠭᠠᠳᠤ ᠠᠷᠠᠯᠵᠢᠶᠠᠨ ᠤ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠂ ᠲᠤᠰ ᠲᠤᠰ ᠮᠠᠨᠵᠤᠤᠷ ᠬᠤᠳᠠ ︵47.21 ᠳ᠋ᠦᠩᠰᠢᠭᠤᠷ ᠲᠥᠭᠦᠷᠢᠭ︶᠂ ᠪᠠᠶᠠᠨᠨᠠᠭᠤᠷ ᠬᠤᠳᠠ ︵37.48 ᠳ᠋ᠦᠩᠰᠢᠭᠤᠷ ᠲᠥᠭᠦᠷᠢᠭ︶᠂ ᠬᠥᠬᠡᠬᠤᠲᠠ ︵24.33 ᠳ᠋ᠦᠩᠰᠢᠭᠤᠷ ᠲᠥᠭᠦᠷᠢᠭ︶᠂ ᠪᠤᠭᠤᠲᠤ ᠬᠤᠳᠠ ︵14.12 ᠳ᠋ᠦᠩᠰᠢᠭᠤᠷ ᠲᠥᠭᠦᠷᠢᠭ︶᠂ ᠤᠯᠠᠭᠠᠨᠬᠠᠳᠠ ᠬᠤᠳᠠ ︵13.71 ᠳ᠋ᠦᠩᠰᠢᠭᠤᠷ ᠲᠥᠭᠦᠷᠢᠭ︶ ᠪᠣᠯᠤᠨ ᠣᠷᠳᠣᠰ ᠬᠤᠲᠠ ︵10.42 ᠳ᠋ᠦᠩᠰᠢᠭᠤᠷ ᠲᠥᠭᠦᠷᠢᠭ︶ ᠪᠤᠯᠤᠨ᠎ᠠ᠂ ᠡᠨᠡ 6ᠬᠤᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠮᠵᠢᠭᠳᠡᠯ ᠨᠢ ᠪᠦᠬᠦ ᠤᠷᠤᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠦᠷᠳᠡᠭ ᠤᠨ 82.3%᠎ ᠶᠢ ᠡᠵᠡᠯᠡᠪᠡ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 9 .7% ᠦᠰᠪᠡ      ᠨᠢᠭᠡᠳᠦᠭᠡᠷ ᠤᠯᠠᠷᠢᠯ ᠳᠤ᠂ ᠮᠠᠨ ᠤ ᠣᠷᠣᠨ1519.53 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 2.9 ᠵᠠᠭᠤᠨ ᠤ ᠴᠡᠭ ᠦᠨᠳᠦᠷ ᠪᠤᠯᠵᠤ᠂ 1 — 2  ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 0.6 ᠵᠠᠭᠤᠨ ᠤ ᠴᠡᠭ ᠲᠦᠷᠭᠡᠨ ᠪᠠᠶᠢᠵᠤ᠂ ᠪᠠᠰᠠ ᠪᠦᠬᠦ ᠵᠢᠯ ᠤᠨ ᠵᠢᠱᠢᠭᠰᠡᠨ ᠨᠡᠮᠡᠭᠳᠡᠯ ᠤᠨ ᠬᠠᠷᠠᠯᠲᠠ ᠠᠴᠠ 0.7 ᠵᠠᠭᠤᠨ ᠤ ᠴᠡᠭ ᠦᠨᠳᠦᠷ ᠪᠤᠯᠪᠠ᠃ ᠬᠤᠳᠠ ᠬᠦᠳᠡᠭᠡ ᠪᠠᠷ ᠬᠤᠪᠢᠶᠠᠵᠤ ᠦᠵᠡᠪᠡᠯ᠂ ᠬᠤᠲᠠ ᠪᠠᠯᠭᠠᠰᠤ ᠶᠢᠨ ᠵᠠᠬ᠎ᠠ ᠳᠡᠯᠭᠡᠭᠦᠷ1374.4 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ9.5% ᠨᠡᠮᠡᠭᠳᠡᠵᠡᠶ︔ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ145.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠵᠤ᠂ 233.3 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠦ᠂ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ1 ᠵᠠᠭᠤᠨ ᠤ ᠴᠡᠭ ᠦᠨᠳᠦᠷ ᠪᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号