ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠵᠦ  ᠥᠪᠥᠷ ᠮᠣᠩᠭᠤᠯ ᠨᠢᠰᠬᠡᠯ ᠤᠨ ᠪᠠᠭᠤᠳᠠᠯ ᠢ ᠠᠶᠢᠮᠠᠭ ᠬᠤᠳᠠ ᠳᠤ ᠪᠥᠬᠦᠨ ᠢ ᠬᠠᠮᠤᠷᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/4/26
     4 ᠳ᠋ᠦ᠋ᠭᠡᠷ ᠰᠠᠷ᠎ᠠ ᠶᠢᠨ 25᠎ ᠤ ᠡᠳᠦᠷ ᠤᠨ 10 ᠴᠠᠭ 15 ᠮᠢᠨᠦ᠋ᠲ ᠲᠤ᠂ ᠨᠢᠭᠡ ᠠᠶᠠᠨᠴᠢᠨ ᠲᠢᠶᠠᠨᠵᠢᠨ ᠬᠦᠷᠬᠦ ᠡᠭᠡᠯᠵᠢ ᠶᠢᠨ ᠨᠢᠰᠬᠡᠯ ᠳᠤ ᠭᠠᠷᠬᠤ ᠶᠢᠨ ᠬᠠᠮᠲᠤ ᠨᠢᠰᠬᠡᠯ ᠤᠨ ᠪᠠᠭᠤᠳᠠᠯ ᠤᠨ ᠠᠵᠢᠯᠳᠠᠨ ᠵᠦᠭ ᠭᠠᠷ ᠳᠠᠯᠠᠯᠤᠨ ᠰᠠᠯᠬᠤ ᠶᠣᠰᠣ ᠭᠦᠢᠴᠡᠳᠬᠡᠵᠦ ᠪᠠᠶᠢᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂ ᠬᠤᠸᠠᠰᠢᠶᠠ ᠨᠡᠷᠡᠮᠵᠢᠲᠦ ᠠᠭᠠᠷ ᠤᠨ ᠠᠶᠠᠯᠠᠯ ᠤᠨ G52745 ᠡᠭᠡᠯᠵᠢ ᠶᠢᠨ ᠨᠢᠰᠬᠡᠯ ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠳᠤ ᠯᠠᠪᠳᠠᠭᠤᠨ ᠪᠠᠭᠤᠬᠤ ᠶᠢ ᠳᠠᠭᠠᠯᠳᠤᠨ᠂ ᠲᠤᠰ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠭᠰᠡᠨ ᠢ ᠬᠠᠷᠠᠭᠤᠯᠪᠠ᠃      4 ᠳ᠋ᠦ᠋ᠭᠡᠷ ᠰᠠᠷ᠎ᠠ ᠶᠢᠨ 25᠎ ᠤ ᠡᠳᠦᠷ᠂ ᠲᠢᠶᠠᠨᠵᠢᠨ ᠠᠴᠠ ᠤᠯᠠᠭᠠᠨᠴᠠᠪ ᠬᠤᠲᠠ ᠬᠦᠷᠬᠦ G52745 ᠡᠭᠡᠯᠵᠢ ᠶᠢᠨ ᠨᠢᠰᠬᠡᠯ ᠤᠨ ᠯᠠᠪᠳᠠᠭᠤᠨ ᠪᠠᠭᠤᠬᠤ ᠶᠢ ᠳᠠᠭᠠᠯᠳᠤᠨ᠂ ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠪᠡ᠃ ᠡᠭᠦᠨ ᠠᠴᠠ ᠡᠬᠢᠯᠡᠨ᠂ ᠤᠯᠠᠭᠠᠨᠴᠠᠪ ᠬᠤᠳᠠ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠪᠠᠶᠢᠬᠤ ᠦᠭᠡᠢ ᠲᠡᠤᠬᠡ ᠠᠴᠠ ᠰᠠᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 12 ᠠᠶᠢᠮᠠᠭ ᠬᠤᠲᠠ ᠳᠤ ᠪᠥᠬᠦᠨ ᠢ ᠬᠠᠮᠤᠷᠬᠤ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠤᠯᠠᠭᠠᠨᠴᠠᠪ ᠤᠨ ᠵᠢᠨᠢᠩ ᠨᠢᠰᠬᠡᠯ ᠤᠨ ᠪᠠᠭᠤᠳᠠᠯ ᠪᠣᠯ ︽ᠥᠪᠥᠷ ᠮᠣᠩᠭᠤᠯ ᠤᠨ ᠠᠵᠤ ᠠᠬᠤᠢ ᠶᠢᠨ ᠰᠠᠶᠢᠨ ᠪᠥᠭᠡᠳ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾᠂ ︽ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢᠨ ᠲᠥᠯᠥᠪᠵᠢᠭᠦᠯᠭᠡ ︵2010 - 2015 ᠤᠨ︶︾᠂ ︽ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾᠎ ᠶᠢᠨ ᠠᠷᠠᠳ ᠤᠨ ᠬᠡᠷᠡᠭᠯᠡᠭᠡᠨ ᠤ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ ᠳᠤ ᠤᠷᠤᠵᠤ᠂ ᠮᠥᠨ ᠴᠦ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠳᠡᠪᠰᠢᠭᠦᠯᠬᠦ ᠢᠨᠵᠧᠨᠧᠷᠢᠩ ᠪᠤᠯᠤᠨ᠎ᠠ᠃      ᠤᠯᠠᠭᠠᠨᠴᠠᠪ ᠤᠨ ᠵᠢᠨᠢᠩ ᠨᠢᠰᠭᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠨᠢ ᠵᠤᠬᠢᠰᠲᠠᠢ ᠤᠷᠢᠳᠴᠢᠯᠠᠵᠤ᠂ ᠲᠣᠮᠣ ᠬᠡᠯᠪᠡᠷᠢ ᠶᠢᠨ ᠪᠠᠷᠠᠭᠠᠨ ᠤ ᠲᠡᠭᠡᠭᠡᠪᠦᠷᠢ ᠶᠢᠨ ᠨᠢᠰᠭᠡᠯ ᠳᠠᠭᠠᠴᠢᠯᠠᠬᠤ ᠶᠢ ᠵᠣᠬᠢᠴᠠᠭᠤᠯᠬᠤ᠂ ᠤᠯᠤᠰ ᠤᠨ ᠬᠤᠭᠤᠷᠣᠨᠳᠣᠬᠢ ᠠᠶᠠᠯᠠᠯ ᠤᠨ ᠵᠠᠮ ᠢ ᠨᠡᠪᠲᠡᠷᠡᠭᠦᠯᠬᠦ ᠪᠠᠷ ᠵᠠᠷᠴᠢᠮ ᠪᠤᠯᠭᠠᠬᠤ ᠶᠢ ᠪᠠᠷᠢᠮᠲᠠᠯᠠᠵᠤ᠂ 2040 ᠤᠨ ᠳᠤ ᠠᠶᠠᠨᠴᠢᠳ ᠵᠦᠭᠡᠭᠡᠪᠦᠷᠢᠯᠡᠬᠦ ᠬᠡᠮᠵᠢᠶ᠎ᠡ ᠶᠢ 100 ᠲᠦᠮᠡᠨ ᠬᠦᠮᠦᠨ ᠤᠳᠠᠭ᠎ᠠ᠂ ᠪᠠᠷᠠᠭ᠎ᠠ ᠪᠠ ᠰᠢᠤᠳᠠᠨ ᠤ ᠵᠦᠢᠯ ᠢ ᠲᠡᠭᠡᠭᠡᠪᠦᠷᠢᠯᠡᠬᠦ ᠬᠡᠮᠵᠢᠶ᠎ᠡ ᠶᠢ 9000 ᠲᠦᠮᠡᠨ ᠲᠣᠨ ᠳᠤ ᠬᠦᠷᠦᠭᠦᠯᠬᠦ ᠱᠠᠭᠠᠷᠳᠠᠯᠭ᠎ᠠ ᠶᠤᠰᠤᠭᠠᠷ ᠵᠢᠷᠤᠵᠤ ᠲᠦᠯᠦᠪᠯᠡᠭᠰᠡᠨ ᠪᠠᠶᠢᠨ᠎ᠠ᠃ 3.57 ᠲᠦᠮᠡᠨ ᠲᠡᠭᠰᠢ ᠳᠥᠷᠪᠡᠯᠵᠢᠨ ᠮᠧᠲᠷ ᠤᠨ ᠨᠢᠰᠬᠡᠯ ᠤᠨ ᠪᠠᠭᠤᠳᠠᠯ ᠤᠨ ᠠᠶᠠᠨᠴᠢᠳ ᠤᠨ ᠠᠰᠠᠷ᠂ 2.4 ᠲᠦᠮᠡ ᠲᠡᠭᠰᠢ ᠳᠥᠷᠪᠡᠯᠵᠢᠨ ᠮᠧᠲᠷ ᠤᠨ ᠨᠢᠰᠬᠡᠯ ᠤᠨ ᠪᠠᠭᠤᠳᠠᠯ ᠤᠨ ᠲᠡᠷᠭᠡ ᠵᠣᠭᠰᠣᠬᠤ ᠲᠠᠯᠠᠪᠠᠢ᠂ 122 ᠲᠡᠭᠰᠢ ᠳᠦᠷᠪᠡᠯᠵᠢᠨ ᠮᠧᠲᠷ ᠤᠨ ᠠᠶᠠᠯᠠᠯ ᠤᠨ ᠬᠠᠮᠢᠶᠠᠷᠤᠯᠲᠠ ᠶᠢᠨ ᠠᠰᠠᠷ᠂ 2.4 ᠲᠦᠮᠡᠨ ᠲᠡᠭᠰᠢ ᠳᠥᠷᠪᠡᠯᠵᠢᠨ ᠮᠧᠲᠷ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠢ ᠰᠢᠨ᠎ᠡ ᠪᠠᠷ ᠪᠠᠶᠢᠭᠤᠯᠪᠠ᠃ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠵᠠᠮ ᠤᠨ ᠣᠷᠳᠣ ᠨᠢ 3200 ᠮᠧᠲᠷ᠂ ᠥᠷᠭᠡᠨ ᠨᠢ 45 ᠮᠧᠲᠷ ᠪᠠᠶᠢᠵᠤ᠂ ᠥᠷᠲᠡᠭᠡᠨ ᠤ ᠡᠵᠡᠯᠡᠬᠦ ᠲᠠᠯᠠᠪᠠᠶ ᠨᠢ 7.3 ᠲᠦᠮᠡᠨ ᠲᠡᠭᠰᠢ ᠳᠥᠷᠪᠡᠯᠵᠢᠨ ᠮᠧᠲᠷ᠂ 7 ᠤᠶᠢᠷ᠎ᠠ ᠵᠤᠭᠰᠤᠭᠠᠯ ᠪᠠ 2 ᠬᠤᠯᠠ ᠵᠤᠭᠰᠤᠭᠠᠯ ᠭᠠᠷᠭᠠᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ A320᠂ B737 ᠨᠢᠰᠭᠡᠯ ᠨᠦᠭᠦᠳ ᠪᠠ ᠤᠯᠤᠰ ᠤᠨ ᠳᠣᠲᠣᠭᠠᠳᠤ ᠶᠢᠨ ᠡᠯ᠎ᠡ ᠲᠦᠷᠦᠯ ᠤᠨ ᠰᠠᠯᠪᠤᠷᠢ ᠱᠤᠭᠤᠮ ᠤᠨ ᠨᠢᠰᠬᠡᠯ ᠪᠦᠷ ᠨᠢᠰᠴᠦ ᠪᠠᠭᠤᠵᠤ ᠪᠤᠯᠤᠨ᠎ᠠ᠃ ᠠᠶᠠᠯᠠᠯ ᠨᠡᠪᠲᠡᠷᠡᠭᠰᠡᠨ ᠲᠤᠰ ᠡᠳᠦᠷ᠂ ᠬᠤᠸᠠᠰᠢᠶᠠ ᠨᠡᠷᠡᠮᠵᠢᠲᠦ ᠠᠭᠠᠷ ᠤᠨ ᠠᠶᠠᠯᠠᠯ ᠎ ᠨᠢ ᠤᠯᠠᠭᠠᠨᠴᠠᠪ ᠠᠴᠠ ᠰᠢᠭᠤᠳ ᠲᠢᠶᠠᠨᠵᠢᠨ ᠳᠤ ᠬᠦᠷᠴᠦ ᠪᠤᠴᠠᠬᠤ ᠡᠭᠡᠯᠵᠢ ᠶᠢᠨ ᠠᠶᠠᠯᠠᠯ ᠨᠡᠪᠲᠡᠷᠡᠭᠦᠯᠵᠦ᠂ ᠭᠠᠷᠠᠭ ᠪᠦᠷᠢ ᠶᠢᠨ ᠨᠢᠭᠡᠨ᠂ ᠭᠤᠷᠪᠠᠨ᠂ ᠲᠠᠪᠤᠨ᠂ ᠡᠳᠦᠷ ᠲᠤ ᠨᠢᠰᠴᠦ᠂ ᠠᠶᠠᠨᠴᠢᠳ ᠤᠨ ᠶᠠᠪᠤᠵᠤ ᠰᠠᠭᠤᠬᠤ ᠳᠤ ᠲᠦᠬᠦᠮ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号