| ᠤᠯᠠᠭᠠᠨᠬᠤᠲᠠ ᠶᠢᠨ ᠰᠢᠨ ᠮᠢᠨ ᠭᠠᠴᠠᠭ᠎ᠠ ᠶᠢᠨ ᠰᠤᠷᠤᠭᠴᠢᠳ ᠰᠤᠷᠤᠭᠴᠢ ᠵᠥᠭᠡᠭᠡᠪᠦᠷᠢᠯᠡᠬᠦ ᠰᠢᠨ᠎ᠡ | ᠲᠡᠷᠭᠡᠨ ᠳᠤ ᠰᠠᠭᠤᠪᠠ᠃ | ᠡᠳᠦᠷ ᠪᠦᠷᠢ ᠶᠢᠨ ᠦᠳᠡ ᠶᠢᠨ ᠬᠤᠶᠢᠨᠠᠬᠢ ᠰᠤᠷᠭᠠᠭᠤᠯᠢ ᠲᠠᠷᠬᠠᠬᠤ ᠴᠠᠭ ᠲᠤ᠂ ᠬᠢᠩᠭᠠᠨ ᠠᠶᠢᠮᠠᠭ ᠤᠨ | ᠤᠯᠠᠭᠠᠨᠬᠤᠲᠠ ᠶᠢᠨ ᠤᠯᠠᠭᠠᠨᠬᠠᠳᠠ ᠲᠥᠪ ᠰᠤᠷᠭᠠᠭᠤᠯᠢ ᠶᠢᠨ ᠲᠠᠯᠠᠪᠠᠢ ᠳᠡᠭᠡᠷ᠎ᠡ᠂ ᠰᠢᠷ᠎ᠠ ᠥᠩᠭᠡ ᠲᠠᠢ ︽ᠶᠡᠭᠡ | ᠬᠠᠮᠠᠷᠲᠤ︾ ᠰᠤᠷᠤᠭᠴᠢ ᠵᠥᠭᠡᠭᠡᠪᠦᠷᠢᠯᠡᠬᠦ 6 ᠲᠡᠷᠭᠡ ᠡᠩᠨᠡᠷᠡᠨ ᠵᠣᠭᠰᠣᠵᠤ᠂ 100 ᠭᠠᠷᠤᠶ ᠪᠠᠭ᠎ᠠ ᠰᠤᠷᠭᠠᠭᠤᠯᠢ ᠶᠢᠨ | ᠰᠤᠷᠤᠭᠴᠢᠳ ᠳᠡᠷᠢ ᠲᠡᠭᠰᠢᠬᠡᠨ ᠮᠥᠷᠯᠡᠨ ᠠᠳᠠᠯᠢ ᠪᠣᠰᠤ ᠶᠢᠨ ᠵᠠᠮ ᠱᠤᠭᠤᠮ ᠤᠨ ᠰᠤᠷᠤᠭᠴᠢ ᠵᠥᠭᠡᠭᠡᠪᠦᠷᠢᠯᠡᠬᠦ | ᠲᠡᠷᠭᠡᠨ ᠳᠤ ᠭᠠᠷᠳᠠᠭ ᠪᠣᠯᠪᠠ᠃ | ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠲᠣᠲᠤᠷᠠᠬᠢ ᠨᠢ ᠴᠡᠪᠡᠷ ᠲᠡᠭᠰᠢ᠂ ᠠᠮᠤᠷ ᠲᠦᠪᠰᠢᠨ ᠤ ᠠᠯᠤᠬ᠎ᠠ᠂ | ᠠᠮᠤᠷ ᠲᠦᠪᠰᠢᠨ ᠡᠭᠦᠳᠡ᠂ ᠠᠮᠤᠷ ᠲᠥᠪᠰᠢᠨ ᠤ ᠪᠦᠰᠡ᠂ ᠬᠢᠨᠠᠨ ᠡᠵᠡᠮᠳᠡᠬᠦ ᠬᠠᠶᠢᠭᠤᠷ ᠵᠡᠷᠭᠡ ᠠᠮᠤᠷ ᠲᠦᠪᠰᠢᠨ ᠤ | ᠲᠦᠬᠦᠭᠡᠷᠦᠮᠵᠢ ᠪᠦᠷᠢᠨ ᠪᠠᠶᠢᠨ᠎ᠠ᠃ ᠰᠤᠷᠤᠭᠴᠢ ᠵᠥᠭᠡᠭᠡᠪᠦᠷᠢᠯᠡᠬᠦ ᠲᠡᠷᠭᠡ ᠬᠥᠳᠡᠯᠦᠭᠰᠡᠭᠡᠷ᠂ ᠲᠡᠷᠭᠡᠨ ᠳᠣᠲᠤᠷᠠᠬᠢ | ᠬᠢᠨᠠᠨ ᠡᠵᠡᠮᠳᠡᠬᠦ ᠰᠢᠰᠲ᠋ᠧᠮ ᠪᠠ GPS ᠣᠷᠣᠨ ᠪᠠᠶᠢᠷᠢ ᠲᠣᠭᠲᠠᠭᠠᠬᠤ ᠰᠢᠰᠲ᠋ᠧᠮ ᠨᠢ ᠳᠠᠷᠤᠶ ᠠᠦ᠋ᠲ᠋ᠣ᠋ ᠠᠵᠢᠯᠯᠠᠨ᠎ᠠ᠃ | ᠰᠤᠷᠤᠭᠴᠢ ᠵᠥᠭᠡᠭᠡᠪᠦᠷᠢᠯᠡᠬᠦ ᠲᠡᠷᠭᠡᠨ ᠳᠡᠭᠡᠷ᠎ᠡ ᠪᠠᠰᠠ ᠨᠢᠭᠡᠨ ᠢᠵᠢ ᠺᠠᠷᠲ ᠱᠦᠷᠭᠦᠭᠡᠬᠦ ᠲᠥᠬᠦᠭᠡᠷᠦᠮᠵᠢ ᠪᠣᠢ᠂ ᠡᠨᠡ | ᠨᠢ ᠰᠤᠷᠤᠭᠴᠢᠳ ᠤᠨ ᠭᠡᠷ ᠤᠨ ᠠᠬᠠᠮᠠᠳ ᠤᠨ ᠭᠠᠷ ᠤᠲᠠᠰᠤ ᠲᠠᠢ ᠬᠤᠯᠪᠤᠯᠴᠠᠵᠤ ᠪᠠᠶᠢᠳᠠᠭ᠃ ᠰᠤᠷᠤᠭᠴᠢᠳ | ᠲᠡᠷᠭᠡᠨ ᠳᠤ ᠭᠠᠷᠬᠤ ᠪᠣᠶᠤ ᠪᠠᠭᠤᠬᠤ ᠳᠠᠭᠠᠨ ᠺᠠᠷᠲ ᠢᠶᠠᠨ ᠱᠦᠷᠭᠦᠭᠡᠪᠡᠯ᠂ ᠰᠤᠷᠤᠭᠴᠢ ᠶᠢᠨ ᠭᠡᠷ ᠤᠨ ᠠᠬᠠᠮᠠᠳ ᠤᠨ | ᠭᠠᠷ ᠤᠲᠠᠰᠤ ᠨᠢ ᠬᠡᠦᠬᠡᠳ ᠤᠨ ᠬᠡᠳᠦᠨ ᠴᠠᠭ ᠬᠡᠳᠦᠨ ᠮᠢᠨᠦ᠋ᠲ ᠳᠤ ᠰᠤᠷᠤᠭᠴᠢ ᠵᠦᠭᠡᠭᠡᠪᠦᠷᠢᠯᠡᠬᠦ ᠲᠡᠷᠭᠡᠨ ᠳᠤ | ᠰᠠᠭᠤᠭᠰᠠᠨ ᠪᠣᠶᠤ ᠬᠡᠦᠬᠡᠳ ᠤᠨ ᠬᠡᠳᠦᠨ ᠴᠠᠭ ᠬᠡᠳᠦᠨ ᠮᠢᠨᠦ᠋ᠲ ᠳᠤ ᠰᠤᠷᠤᠭᠴᠢ ᠵᠥᠭᠡᠭᠡᠪᠦᠷᠢᠯᠡᠬᠦ ᠲᠡᠷᠭᠡᠨ ᠠᠴᠠ | ᠪᠠᠭᠤᠭᠰᠠᠨ ᠰᠠᠨᠠᠭᠤᠯᠤᠮᠵᠢ ᠶᠢᠨ ᠣᠬᠤᠷ ᠴᠢᠮᠡᠭᠡ ᠶᠢ ᠣᠯᠳᠠᠭ ᠪᠠᠶᠢᠨ᠎ᠠ᠃ | | ᠠᠷᠤᠨ ᠬᠤᠰᠢᠭᠤ ᠶᠢᠨ ᠬᠥᠳᠡᠭᠡ ᠲᠣᠰᠬᠤᠨ ᠤ ᠰᠤᠷᠤᠭᠴᠢ ᠵᠥᠭᠡᠭᠡᠪᠦᠷᠢᠯᠡᠬᠦ ᠲᠡᠷᠭᠡ ᠨᠢ ᠬᠡᠦᠬᠡᠳ ᠤᠨ | ᠭᠡᠷ ᠲᠡᠭᠡᠨ ᠬᠠᠷᠢᠬᠤ ᠵᠠᠮ ᠢ ᠨᠡᠩ ᠠᠮᠤᠷ ᠲᠦᠪᠰᠢᠨ ᠪᠦᠭᠡᠳ ᠲᠠᠭᠠᠯᠠᠮᠵᠢᠲᠠᠶ ᠪᠣᠯᠭᠠᠪᠠ᠃ | 2012 ᠣᠨ ᠤ 4 ᠳ᠋ᠦ᠋ᠭᠡᠷ ᠰᠠᠷ᠎ᠠ ᠳᠤ ᠮᠠᠨ ᠤ ᠤᠯᠤᠰ ᠤᠨ ᠠᠩᠬᠠᠳᠠᠭᠴᠢ ︽ᠰᠤᠷᠤᠭᠴᠢ ᠵᠥᠭᠡᠭᠡᠪᠦᠷᠢᠯᠡᠬᠦ | ᠲᠡᠷᠭᠡ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠭᠰᠡᠨ ᠠᠴᠠ ᠨᠠᠰᠢ᠂ ᠰᠤᠷᠤᠭᠴᠢ | ᠵᠥᠭᠡᠭᠡᠪᠦᠷᠢᠯᠡᠬᠦ ᠲᠡᠷᠭᠡ ᠶᠢᠨ ᠪᠠᠷᠢᠮᠵᠢᠶ᠎ᠠ ᠵᠡᠷᠭᠡ ᠳᠤ ᠪᠣᠳᠠᠲᠠᠶ ᠲᠣᠭᠲᠠᠭᠠᠯ ᠭᠠᠷᠭᠠᠭᠰᠠᠨ ᠤ ᠳᠠᠷᠠᠭ᠎ᠠ᠂ ᠨᠢᠭᠡᠨ ᠠᠮᠤᠷ | ᠲᠦᠪᠰᠢᠨ ᠪᠦᠭᠡᠳ ᠲᠠᠭᠠᠯᠠᠮᠵᠢᠲᠠᠶ᠂ ᠪᠠᠷᠢᠮᠵᠢᠶ᠎ᠠ ᠳᠤ ᠨᠡᠶᠢᠴᠡᠭᠰᠡᠨ ᠰᠤᠷᠤᠭᠴᠢ ᠵᠥᠭᠡᠭᠡᠪᠦᠷᠢᠯᠡᠬᠦ ᠲᠡᠷᠭᠡ ᠪᠠᠷ | ᠬᠡᠦᠬᠡᠳ ᠢ ᠲᠤᠰᠴᠤ ᠬᠦᠷᠭᠡᠬᠦ ᠨᠢ᠂ ᠮᠠᠰᠢ ᠤᠯᠠᠨ ᠭᠡᠷ ᠤᠨ ᠠᠬᠠᠮᠠᠳ ᠤᠨ ᠬᠦᠰᠡᠯ ᠡᠷᠡᠮᠡᠯᠵᠡᠯ ᠪᠣᠯᠪᠠ᠃ | ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ ᠠᠴᠠ ᠤᠶᠢᠯᠭᠠᠭᠰᠠᠨ ᠢᠶᠠᠷ᠂ | ᠳᠡᠭᠡᠷ᠎ᠡ ᠵᠢᠯ ᠮᠠᠨ ᠤ ᠣᠷᠣᠨ ᠤ ᠦᠢᠯᠡᠴᠢᠯᠡᠭᠡᠨ ᠤ ᠡᠵᠡᠩᠨᠡᠯᠲᠡ ᠳᠤ ᠣᠷᠤᠭᠤᠯᠤᠭᠰᠠᠨ ᠪᠠᠷᠢᠮᠵᠢᠶ᠎ᠠ ᠬᠡᠯᠪᠡᠷᠢᠲᠦ | ᠰᠤᠷᠤᠭᠴᠢ ᠵᠥᠭᠡᠭᠡᠪᠦᠷᠢᠯᠡᠬᠦ ᠲᠡᠷᠭᠡ 795 ᠪᠠᠶᠢᠵᠤ᠂ ᠪᠦᠬᠦ ᠣᠷᠣᠨ ᠤ 11 ᠠᠶᠢᠮᠠᠭ ᠬᠤᠳᠠ 26 ᠬᠤᠰᠢᠭᠤ | ᠰᠢᠶᠠᠨ ᠲᠣᠭᠤᠷᠢᠭ ᠲᠤ ᠨᠡᠶᠢᠳᠡᠮ ᠲᠠᠷᠬᠠᠵᠤ᠂ ᠨᠡᠪᠲᠡᠷᠡᠭᠦᠯᠦᠭᠰᠡᠨ ᠵᠠᠮ ᠱᠤᠭᠤᠮ ᠨᠢ 487 ᠵᠤᠷᠪᠤᠰ᠂ 187 | ᠰᠤᠮᠤ ᠪᠠᠯᠭᠠᠰᠤ᠂ 420 ᠳᠤᠮᠳᠠᠳᠤ ᠪᠠᠭ᠎ᠠ ᠰᠤᠷᠭᠠᠭᠤᠯᠢ ᠶᠢ ᠪᠦᠷᠬᠦᠵᠦ᠂ ᠠᠰᠢᠭ ᠬᠦᠷᠲᠡᠵᠦ ᠪᠠᠶᠢᠭ᠎ᠠ | ᠰᠤᠷᠤᠭᠴᠢᠳ ᠨᠢ 8 ᠲᠦᠮᠡ ᠰᠢᠬᠠᠮ ᠪᠠᠶᠢᠨ᠎ᠠ᠃ | | ᠪᠤᠭᠤᠲᠤ ᠬᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠰᠤᠷᠤᠭᠴᠢ ᠵᠥᠭᠡᠭᠡᠪᠦᠷᠢᠯᠡᠬᠦ ᠲᠡᠷᠭᠡᠨ ᠳᠤ | ᠠᠮᠤᠷ ᠲᠥᠪᠰᠢᠨ ᠤ ᠪᠠᠶᠢᠴᠠᠭᠠᠯᠲᠠ ᠬᠢᠵᠦ ᠪᠣᠢ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠠᠩ ᠪᠦᠸᠧ ᠲᠠᠨᠢᠯᠴᠠᠭᠤᠯᠤᠭᠰᠠᠨ ᠨᠢ᠂ ᠣᠳᠣᠬᠠᠨ ᠳᠤ᠂ | ᠪᠦᠬᠦ ᠣᠷᠣᠨ ᠳᠤ ᠰᠤᠷᠤᠭᠴᠢ ᠵᠦᠭᠡᠭᠡᠪᠦᠷᠢᠯᠡᠬᠦ ᠲᠡᠷᠭᠡᠨ ᠳᠤ ᠰᠠᠭᠤᠬᠤ ᠴᠢᠬᠤᠯᠠᠲᠠᠢ ᠰᠤᠷᠤᠭᠴᠢ ᠪᠠᠷᠤᠭ 30 | ᠲᠦᠮᠡᠨ ᠬᠥᠮᠦᠨ ᠪᠠᠶᠢᠵᠤ᠂ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ 2014 ᠣᠨ ᠠᠴᠠ ᠨᠠᠰᠢ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠯᠢ ᠤᠯᠠᠨ ᠪᠢᠴᠢᠭ ᠮᠠᠲ᠋ᠧᠷᠢᠶᠠᠯ ᠪᠠᠭᠤᠯᠭᠠᠵᠤ᠂ ᠰᠤᠷᠤᠭᠴᠢ | ᠵᠦᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠣᠳᠣᠷᠬᠠᠶ | ᠱᠠᠭᠠᠷᠳᠠᠯᠭ᠎ᠠ ᠳᠤᠷᠠᠳᠴᠠᠶ᠃ 2015 ᠣᠨ ᠳᠤ ᠪᠦᠬᠦ ᠣᠷᠣᠨ ᠤ ᠰᠤᠷᠤᠭᠴᠢ ᠵᠥᠭᠡᠭᠡᠪᠦᠷᠢᠯᠡᠬᠦ ᠲᠡᠷᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ | ᠬᠤᠷᠳᠤᠴᠠ ᠠᠴᠠ ᠬᠡᠳᠦᠷᠡᠭᠦᠯᠬᠦ᠂ ᠲᠣᠭᠲᠠᠭᠰᠠᠨ ᠬᠥᠮᠦᠨ ᠤ ᠲᠤᠭ᠎ᠠ ᠠᠴᠠ ᠬᠡᠲᠦᠷᠡᠭᠦᠯᠬᠦ᠂ ᠳᠠᠭᠠᠭᠠᠴᠠ ᠠᠴᠠ | ᠬᠡᠲᠦᠷᠡᠭᠦᠯᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠦᠨᠡᠮᠯᠡᠯ ᠦᠭᠡᠶ ᠪᠠᠷ ᠲᠡᠷᠭᠡ ᠵᠢᠯᠤᠭᠤᠳᠬᠤ | ᠂ ᠬᠠᠤᠯᠢ ᠶᠢ ᠵᠥᠷᠢᠴᠡᠵᠦ ᠬᠥᠮᠦᠨ ᠰᠠᠭᠤᠯᠭᠠᠭᠰᠠᠨ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠪᠡ᠃ ᠡᠯ᠎ᠡ ᠭᠠᠵᠠᠷ ᠤᠨ ᠰᠤᠷᠭᠠᠨ ᠬᠥᠮᠦᠵᠢᠯ᠂ ᠠᠮᠤᠷ | ᠲᠦᠪᠰᠢᠨ ᠤ ᠬᠢᠨᠠᠯᠲᠠ ᠲᠠᠯᠪᠢᠬᠤ᠂ ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ ᠵᠡᠷᠭᠡ ᠰᠠᠯᠠᠭ᠎ᠠ ᠮᠥᠴᠢᠷ | ᠬᠠᠷᠢᠶ᠎ᠠ ᠣᠷᠣᠨ ᠤ ᠪᠠᠨ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠭᠴᠢ | ᠵᠥᠭᠡᠭᠡᠪᠦᠷᠢᠯᠡᠬᠦ ᠲᠡᠷᠭᠡ ᠶᠢ ᠬᠢᠨᠠᠮᠠᠭᠠᠶ ᠪᠠᠶᠢᠴᠠᠭᠠᠵᠤ᠂ ᠰᠤᠷᠤᠭᠴᠢ ᠵᠥᠭᠡᠭᠡᠪᠦᠷᠢᠯᠡᠬᠦ ᠲᠡᠷᠭᠡ ᠶᠢ ᠬᠠᠤᠯᠢ ᠪᠤᠰᠤ | ᠬᠠᠤᠯᠢ ᠠᠴᠠ ᠵᠥᠷᠢᠴᠡᠨ ᠡᠵᠡᠩᠨᠡᠬᠦ ᠶᠢ ᠲᠦᠢᠯᠪᠤᠷᠢᠲᠠᠶ ᠴᠠᠭᠠᠵᠠᠯᠠᠵᠤ᠂ ᠬᠠᠭᠤᠷᠮᠠᠭ ᠦᠨᠡᠮᠯᠡᠯ᠂ ᠦᠨᠡᠮᠯᠡᠯ ᠦᠭᠡᠢ | ᠵᠢᠴᠢ ᠵᠢᠯᠣᠭᠤᠳᠴᠤ ᠪᠠᠶᠢᠭ᠎ᠠ ᠲᠡᠷᠭᠡᠨ ᠤ ᠬᠢᠷᠢ ᠬᠡᠮ ᠢ ᠦᠯᠦ ᠪᠦᠷᠢᠯᠳᠦᠭᠦᠯᠦᠭᠰᠡᠨ ᠵᠢᠯᠤᠭᠤᠴᠢ ᠶᠢ ᠴᠡᠭᠴᠡᠯᠡᠨ | ᠢᠯᠭᠠᠷᠠᠭᠤᠯᠪᠠ᠃ ᠤᠳᠤ᠂ ᠪᠦᠬᠦ ᠣᠷᠣᠨ ᠤ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠬᠠᠮᠢᠶᠠᠷᠤᠯᠲᠠ ᠨᠢ | ᠤᠯᠠᠮ ᠠᠴᠠ ᠤᠯᠠᠮ ᠵᠢᠷᠤᠮᠵᠢᠵᠤ ᠪᠠᠶᠢᠨ᠎ᠠ ᠭᠡᠪᠡ᠃ | | ᠰᠤᠷᠤᠭᠴᠢ ᠵᠥᠭᠡᠭᠡᠪᠦᠷᠢᠯᠡᠬᠦ ᠲᠡᠷᠭᠡ ᠶᠢ ᠠᠮᠤᠷ ᠲᠦᠪᠰᠢᠨ ᠵᠢᠷᠤᠮᠵᠢᠯ ᠲᠠᠢ ᠪᠠᠶᠢᠯᠭᠠᠬᠤ ᠨᠢ᠂ ᠡᠭᠡ | ᠣᠷᠣᠨ ᠤ ᠢᠷᠡᠭᠡᠳᠦᠶ ᠶᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠃ | ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ ᠶᠢᠨ | ᠬᠤᠯᠪᠣᠭᠳᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠬᠦᠬᠡᠬᠤᠲᠠ ᠶᠢᠨ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠵᠠᠬ᠎ᠠ ᠳᠡᠯᠭᠡᠭᠦᠷ ᠪᠠ | ᠰᠤᠷᠤᠭᠴᠢᠳ ᠤᠨ ᠠᠮᠤᠷ ᠲᠦᠪᠰᠢᠨ ᠤ ᠠᠰᠠᠭᠤᠳᠠᠯ ᠢ ᠢᠳᠡᠪᠬᠢᠲᠡᠢ ᠪᠠᠶᠢᠴᠠᠭᠠᠨ ᠰᠤᠳᠤᠯᠵᠤ᠂ ᠨᠡᠶᠢᠳᠡ ᠶᠢᠨ ᠵᠠᠮ | ᠬᠠᠷᠢᠯᠴᠠᠭᠠᠨ ᠤ ᠡᠬᠢ ᠪᠠᠶᠠᠯᠢᠭ ᠢᠶᠠᠷ ᠣᠯᠠᠩᠬᠢ ᠰᠤᠷᠤᠭᠴᠢᠳ ᠤᠨ ᠰᠤᠷᠭᠠᠭᠤᠯᠢ ᠳᠤ ᠣᠴᠢᠬᠤ ᠵᠠᠮ ᠬᠠᠷᠢᠯᠴᠠᠭᠠᠨ ᠤ | ᠠᠰᠠᠭᠤᠳᠠᠯ ᠢ ᠰᠢᠢᠳᠪᠦᠷᠢᠯᠡᠭᠰᠡᠨ ᠤ ᠰᠡᠭᠦᠯᠡᠷ᠂ ᠰᠤᠷᠤᠭᠴᠢ ᠵᠥᠭᠡᠭᠡᠪᠦᠷᠢᠯᠡᠬᠦ ᠲᠡᠷᠭᠡ ᠪᠠᠷ ᠦᠯᠡᠳᠡᠭᠰᠡᠨ ᠬᠡᠰᠡᠭ | ᠰᠤᠷᠤᠭᠴᠢᠳ ᠤᠨ ᠰᠤᠷᠭᠠᠭᠤᠯᠢ ᠳᠤ ᠤᠴᠢᠬᠤ ᠠᠰᠠᠭᠤᠳᠠᠯ ᠢ ᠰᠢᠢᠳᠪᠦᠷᠢᠯᠡᠨ᠎ᠡ ᠭᠡᠪᠡ᠃ |