2016 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠳᠠᠬᠢ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ ᠢ ᠲᠤᠭᠲᠠᠭᠠᠪᠠ
ᠨᠡᠶᠢᠲᠡᠯᠡᠭᠰᠡᠨ ᠴᠠᠭ᠄
2016/4/27
     2016 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠳᠠᠬᠢ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠭᠤᠯᠤᠭᠰᠠᠳ᠂ ᠦᠨᠳᠦᠷ ᠬᠢᠷᠢ ᠲᠦᠪᠰᠢᠨ ᠪᠦᠬᠦᠢ ᠲᠠᠮᠢᠷᠴᠢᠨ ᠪᠤᠯᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠯᠢᠳᠡᠭ ᠲᠠᠮᠢᠷᠴᠢᠨ ᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ ᠬᠤᠭᠤᠴᠠᠭ᠎ᠠ ᠪᠤᠯᠤᠨ ᠭᠠᠵᠠᠷ ᠣᠷᠣᠨ ᠢ ᠲᠤᠭᠲᠠᠭᠠᠪᠠ᠃      ᠣᠶᠢᠯᠠᠭᠠᠭᠰᠠᠨ ᠢᠶᠠᠷ᠂ ᠬᠦᠨᠳᠦ ᠬᠥᠩᠭᠡᠨ ᠲᠠᠮᠢᠷ ᠤᠨ ᠲᠥᠷᠥᠯ ᠤᠨ ᠪᠤᠰᠤ ᠬᠤᠶᠠᠷ ᠲᠦᠷᠦᠯ ᠤᠨ ᠲᠤᠰᠬᠠᠶ ᠰᠢᠯᠭᠠᠯᠲᠠ ᠶᠢᠨ ᠲᠥᠷᠥᠯ ᠵᠦᠢᠯ ︵ᠡᠭᠦᠨ ᠳᠤ ᠫᠢᠩᠫᠠᠩ ᠪᠥᠮᠪᠦᠭᠡ᠂ ᠤᠮᠪᠠᠯᠲᠠ᠂ ᠥᠳᠥᠨ ᠪᠥᠮᠪᠦᠭᠡ᠂ ᠲᠣᠣᠷ ᠪᠥᠮᠪᠦᠭᠡ᠂ ᠲᠧᠺᠸᠤᠨ᠋ᠳᠦ᠋᠂ ᠪᠥᠬᠡ ︵ᠳᠤᠮᠳᠠᠳᠤ ᠤᠯᠤᠰ ᠤᠨ ᠮᠠᠶ᠋ᠢᠭ ᠤᠨ ᠪᠥᠬᠡ ᠵᠡᠷᠭᠡ ᠪᠠᠭᠲᠠᠨ᠎ᠠ︶᠂ ᠵᠢᠦᠳᠣᠣ᠂ ᠠᠷᠤᠷ᠎ᠠ ᠪᠥᠮᠪᠦᠭᠡ᠂ ᠪᠤᠤᠺᠰ︶᠎ ᠤᠨ ᠥᠨᠳᠥᠷ ᠬᠢᠷᠢ ᠬᠡᠮᠵᠢᠶ᠎ᠡ ᠪᠦᠬᠦᠢ ᠲᠠᠮᠢᠷᠴᠢᠨ ᠪᠤᠶᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠯᠢᠳᠡᠭ ᠲᠠᠮᠢᠷᠴᠢᠨ ︵ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠵᠡᠷᠭᠡ ᠳᠥᠷᠪᠡᠨ ᠠᠶᠢᠮᠠᠭ ᠤᠨ ᠬᠥᠯ ᠪᠦᠮᠪᠦᠭᠡ ︵ᠡᠮᠡᠭᠲᠠᠢ︶᠎ ᠶᠢᠨ ᠰᠢᠯᠭᠠᠯᠲᠠ ᠶᠢᠨ ᠰᠢᠯᠭᠠᠭᠤᠯᠤᠭᠰᠠᠳ ᠪᠠᠭᠲᠠᠬᠤ ᠦᠭᠡᠶ︶᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠨᠢᠭᠡᠳᠦᠯᠲᠠᠢ ᠰᠢᠯᠭᠠᠯᠲᠠ ᠳᠤ ᠤᠷᠤᠯᠴᠠᠵᠤ᠂ ᠬᠥᠯ ᠪᠥᠮᠪᠦᠭᠡ ᠶᠢᠨ ︵ᠡᠮᠡᠭᠲᠡᠶ︶᠎ ᠶᠢᠨ ᠰᠢᠯᠭᠠᠯᠲᠠ ᠳᠤ ᠤᠷᠤᠯᠴᠠᠬᠤ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠵᠡᠷᠭᠡ ᠳᠥᠷᠪᠡᠨ ᠠᠶᠢᠮᠠᠭ ᠬᠤᠲᠠ ᠶᠢᠨ ᠰᠢᠯᠭᠠᠭᠤᠯᠤᠭᠰᠠᠳ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠰᠢᠯᠭᠠᠯᠲᠠ ᠳᠤ ᠤᠷᠤᠯᠴᠠᠨ᠎ᠠ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠠᠶᠢᠬᠠᠨ ᠲᠤᠭᠤᠷᠢᠭ ᠤᠨ ᠰᠤᠷᠭᠠᠭᠤᠯᠢ ᠶᠢᠨ ᠰᠢᠯᠭᠠᠯᠲᠠ ᠶᠢᠨ ᠴᠠᠭ ᠬᠤᠭᠤᠴᠠᠭ᠎ᠠ ᠨᠢ᠄ ᠬᠥᠬᠡᠬᠤᠲᠠ᠂ ᠪᠠᠶᠠᠨᠨᠠᠭᠤᠷ ᠬᠤᠳᠠ᠂ ᠠᠯᠠᠱᠠ ᠠᠶᠢᠮᠠᠭ ᠤᠨ ᠰᠢᠯᠭᠠᠭᠤᠯᠤᠭᠰᠠᠳ ᠢ 5 ᠳ᠋ᠤᠭᠠᠷ ᠰᠠᠷ᠎ᠠ ᠶᠢᠨ 5᠎ ᠤ ᠡᠳᠦᠷ ᠠᠴᠠ 7᠎ ᠤ ᠡᠳᠦᠷ ᠪᠤᠯᠲᠠᠯ᠎ᠠ ᠰᠢᠯᠭᠠᠨ᠎ᠠ︔ ᠤᠷᠳᠤᠰ ᠬᠤᠳᠠ᠂ ᠦᠬᠠᠶ ᠬᠤᠳᠠ᠂ ᠰᠢᠯᠢ ᠶᠢᠨ ᠭᠤᠣᠯ ᠠᠶᠢᠮᠠᠭ ᠤᠨ ᠰᠢᠯᠭᠠᠭᠤᠯᠤᠭᠰᠠᠳ ᠢ 5 ᠳ᠋ᠤᠭᠠᠷ ᠰᠠᠷ᠎ᠠ ᠶᠢᠨ 8᠎ ᠤ ᠡᠳᠦᠷ ᠠᠴᠠ 10᠎ ᠤ ᠡᠳᠦᠷ ᠪᠤᠯᠲᠠᠯ᠎ᠠ ᠰᠢᠯᠭᠠᠨ᠎ᠠ︔ ᠪᠤᠭᠤᠲᠤ ᠬᠤᠳᠠ᠂ ᠤᠯᠠᠭᠠᠨᠴᠠᠪ ᠬᠤᠳᠠ ᠶᠢᠨ ᠰᠢᠯᠭᠠᠭᠤᠯᠤᠭᠰᠠᠳ ᠢ 5 ᠳ᠋ᠤᠭᠠᠷ ᠰᠠᠷ᠎ᠠ ᠶᠢᠨ 11᠎ ᠤ ᠡᠳᠦᠷ ᠠᠴᠠ 13᠎ ᠤ ᠡᠳᠦᠷ ᠪᠤᠯᠲᠠᠯ᠎ᠠ ᠰᠢᠯᠭᠠᠨ᠎ᠠ᠃      ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠷᠴᠢᠨ ᠪᠡᠶ᠎ᠡ ᠶᠢᠨ ᠲᠠᠮᠢᠷ ᠤᠨ ᠲᠥᠪ ᠤᠨ ᠰᠢᠯᠭᠠᠯᠲᠠ ᠶᠢᠨ ᠴᠠᠭ ᠬᠤᠭᠤᠴᠠᠭ᠎ᠠ ᠨᠢ᠄ ᠬᠥᠯᠥᠨ ᠪᠤᠶᠢᠷ ᠬᠤᠳᠠ᠂ ᠲᠦᠩᠯᠢᠶᠣᠤ ᠬᠤᠳᠠ ᠶᠢᠨ ᠰᠢᠯᠭᠠᠭᠤᠯᠤᠭᠰᠠᠳ ᠤᠨ ᠲᠤᠰᠬᠠᠶ ᠰᠢᠯᠭᠠᠯᠲᠠ 5 ᠳ᠋ᠤᠭᠠᠷ ᠰᠠᠷ᠎ᠠ ᠶᠢᠨ 5᠎ ᠤ ᠡᠳᠦᠷ ᠠᠴᠠ 6᠎ ᠤ ᠡᠳᠦᠷ ᠪᠤᠯᠲᠠᠯ᠎ᠠ ᠶᠠᠪᠤᠭᠳᠠᠨ᠎ᠠ︔ ᠬᠥᠯᠥᠨ ᠪᠤᠶᠢᠷ ᠬᠤᠳᠠ ᠶᠢᠨ ᠰᠢᠯᠭᠠᠭᠤᠯᠤᠭᠰᠠᠳ ᠤᠨ ᠬᠡᠪ ᠪᠤᠯᠪᠠᠰᠤᠷᠠᠯ ᠤᠨ ᠰᠢᠯᠭᠠᠯᠲᠠ 5 ᠳ᠋ᠤᠭᠠᠷ ᠰᠠᠷ᠎ᠠ ᠶᠢᠨ 7᠎ ᠤ ᠡᠳᠦᠷ᠂ ᠲᠦᠩᠯᠢᠶᠣᠤ ᠬᠤᠲᠠ ᠶᠢᠨ ᠰᠢᠯᠭᠠᠭᠤᠯᠤᠭᠰᠠᠳ ᠤᠨ ᠬᠡᠪ ᠪᠤᠯᠪᠠᠰᠤᠷᠠᠯ ᠤᠨ ᠰᠢᠯᠭᠠᠯᠲᠠ 5 ᠳ᠋ᠤᠭᠠᠷ ᠰᠠᠷ᠎ᠠ ᠶᠢᠨ 8᠎ ᠤ ᠡᠳᠦᠷ ᠠᠴᠠ 9᠎ ᠤ ᠡᠳᠦᠷ ᠪᠤᠯᠲᠠᠯ᠎ᠠ ᠶᠠᠪᠤᠭᠳᠠᠨ᠎ᠠ︔ ᠬᠢᠩᠭᠠᠨ ᠠᠶᠢᠮᠠᠭ᠂ ᠤᠯᠠᠭᠠᠨᠬᠠᠳᠠ ᠬᠤᠲᠠ ᠶᠢᠨ ᠰᠢᠯᠭᠠᠭᠤᠯᠤᠭᠰᠠᠳ ᠤᠨ ᠲᠤᠰᠬᠠᠶ ᠰᠢᠯᠭᠠᠯᠲᠠ 5 ᠳ᠋ᠤᠭᠠᠷ ᠰᠠᠷ᠎ᠠ ᠶᠢᠨ 10᠎ ᠤ ᠡᠳᠦᠷ ᠠᠴᠠ 11᠎ ᠤ ᠡᠳᠦᠷ ᠪᠤᠯᠲᠠᠯ᠎ᠠ ᠶᠠᠪᠤᠭᠳᠠᠨ᠎ᠠ︔ ᠬᠢᠩᠭᠠᠨ ᠠᠶᠢᠮᠠᠭ ᠤᠨ ᠰᠢᠯᠭᠠᠭᠤᠯᠤᠭᠰᠠᠳ ᠤᠨ ᠬᠡᠪ ᠪᠤᠯᠪᠠᠰᠤᠷᠠᠯ ᠤᠨ ᠰᠢᠯᠭᠠᠯᠲᠠ 5 ᠳ᠋ᠤᠭᠠᠷ ᠰᠠᠷ᠎ᠠ ᠶᠢᠨ 12᠎ ᠤᠨ ᠡᠳᠦᠷ ᠪᠠᠶᠢᠵᠤ᠂ ᠤᠯᠠᠭᠠᠨᠬᠠᠳᠠ ᠬᠤᠲᠠ ᠶᠢᠨ ᠰᠢᠯᠭᠠᠭᠤᠯᠤᠭᠰᠠᠳ ᠤᠨ ᠬᠡᠪ ᠪᠤᠯᠪᠠᠰᠤᠷᠠᠯ ᠤᠨ ᠰᠢᠯᠭᠠᠯᠲᠠ 5 ᠳ᠋ᠤᠭᠠᠷ ᠰᠠᠷ᠎ᠠ ᠶᠢᠨ 13᠎ ᠤ ᠡᠳᠦᠷ ᠠᠴᠠ 14᠎ ᠤ ᠡᠳᠦᠷ ᠪᠤᠯᠲᠠᠯ᠎ᠠ ᠶᠠᠪᠤᠭᠳᠠᠨ᠎ᠠ᠃ ᠬᠡᠷᠪᠡ ᠤᠨᠴᠠᠭᠠᠢ ᠪᠠᠶᠢᠳᠠᠯ ᠪᠤᠶᠤ ᠴᠠᠭ ᠠᠭᠤᠷ ᠤᠨ ᠬᠤᠪᠢᠷᠠᠯᠲᠠ ᠭᠠᠷᠪᠠᠯ᠂ ᠰᠢᠯᠭᠠᠬᠤ ᠴᠠᠭ ᠢ ᠬᠤᠶᠢᠰᠢᠯᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号