ᠥᠪᠥᠷ ᠮᠣᠩᠭᠤᠯ ᠤᠨ ᠯᠢᠶᠤᠤ ᠣᠯᠣᠰ ᠤᠨ ᠦᠶ᠎ᠡ ᠶᠢᠨ ᠬᠦᠶ ᠹᠸᠢ ᠬᠠᠲᠤᠨ ᠤ ᠣᠩᠭᠤᠨ ᠤ ᠬᠠᠭᠤᠴᠢ ᠰᠤᠳᠤᠯᠤᠯ ᠰᠢᠨ᠎ᠡ ᠳᠠᠪᠠᠯᠲᠠ ᠲᠠᠢ ᠪᠣᠯᠪᠠ᠄ ᠣᠩᠭᠤᠨ ᠤ ᠡᠵᠡᠨ ᠨᠢ ᠰᠢᠶᠤᠤ ᠲᠠᠶᠢᠬᠡᠦ ᠶᠢᠨ ᠵᠢᠭᠡ ᠣᠮᠪᠣᠯᠣ ᠥᠬᠢᠨ ᠮᠦᠨ
ᠨᠡᠶᠢᠲᠡᠯᠡᠭᠰᠡᠨ ᠴᠠᠭ᠄
2016/4/27
     26᠎ ᠤ ᠡᠳᠦᠷ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠬᠦᠷᠢᠶᠡᠨ ᠳᠤ ᠨᠡᠷ᠎ᠡ ᠠᠯᠳᠠᠷᠰᠢᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠢᠶᠤᠤ ᠣᠯᠣᠰ ᠤᠨ ᠦᠶ᠎ᠡ ᠶᠢᠨ ᠬᠦᠶ ᠹᠸᠢ ᠬᠠᠲᠤᠨ ᠤ ᠣᠩᠭᠤᠨ ᠤ ᠡᠵᠡᠨ ᠪᠡᠶ᠎ᠡ ᠶᠢᠨ ᠰᠣᠳᠣᠯᠣᠯ ᠰᠢᠨ᠎ᠡ ᠳᠠᠪᠠᠯᠲᠠ ᠲᠠᠢ ᠪᠣᠯᠪᠠ᠃ ᠲᠤᠬᠠᠢ ᠶᠢᠨ ᠡᠳᠦᠷ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠬᠤ ᠭᠠᠵᠠᠷ ᠤᠨ ᠳᠡᠳ᠋ ᠳᠠᠷᠤᠭ᠎ᠠ ᠭᠠᠢ ᡁᠢ ᠶᠥᠡᠭ ᠰᠤᠳᠤᠯᠤᠭᠴᠢ ᠤᠷᠳᠤ ᠬᠤᠭᠤᠴᠠᠭ᠎ᠠ ᠰᠢᠯᠭᠠᠨ ᠨᠣᠳ᠋ᠯᠠᠬᠤ ᠪᠠᠷ ᠳᠠᠮᠵᠢᠭᠠᠳ ᠲᠤᠰ ᠣᠩᠭᠤᠨ ᠤ ᠡᠵᠡᠨ ᠪᠣᠯ ᠳᠤᠮᠳᠠᠳᠤ ᠤᠯᠤᠰ ᠤᠨ ᠲᠡᠦᠬᠡᠨ ᠳᠡᠭᠡᠷ᠎ᠡ ᠨᠡᠷ᠎ᠡ ᠴᠤᠤᠲᠠᠢ ᠰᠢᠶᠤᠤ ᠲᠠᠶᠢᠬᠡᠦ ᠶᠢᠨ ᠵᠢᠭᠡ ᠣᠮᠪᠣᠯᠣ ᠥᠬᠢᠨ ᠪᠣᠯᠬᠤ ᠶᠢ ᠨᠣᠳ᠋ᠯᠠᠭᠰᠠᠨ ᠪᠠᠶᠢᠨ᠎ᠠ᠃      ᠡᠨᠡ ᠬᠦ ᠢᠯᠡᠷᠡᠭᠦᠯᠦᠯᠲᠡ ᠳᠤ ᠴᠢᠭᠯᠡᠭᠦᠯᠦᠨ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠬᠤ ᠭᠠᠵᠠᠷ ᠤᠨ ᠣᠯᠠᠩᠬᠢ ᠲᠤᠰᠬᠠᠶ ᠮᠡᠷᠭᠡᠵᠢᠯᠲᠡᠳ ᠤᠨ ᠦᠵᠡᠬᠦ ᠪᠠᠷ᠂ ᠯᠢᠶᠤᠤ ᠣᠯᠣᠰ ᠤᠨ ᠦᠶ᠎ᠡ ᠶᠢᠨ ᠬᠦᠶ ᠹᠸᠢ ᠬᠠᠲᠤᠨ ᠤ ᠣᠩᠭᠤᠨ ᠪᠣᠯᠬᠤ ᠶᠢ ᠲᠣᠭᠲᠠᠭᠠᠭᠰᠠᠨ ᠤ ᠦᠨ᠎ᠡ ᠴᠡᠨ᠎ᠡ ᠬᠢᠭᠡᠳ ᠠᠴᠢ ᠬᠤᠯᠪᠣᠭᠳᠠᠯ ᠨᠢ ᠡᠮᠦᠨᠡᠬᠢ ᠨᠢᠭᠡᠨ ᠦᠶ᠎ᠡ ᠶᠡᠭᠡ ᠪᠠᠷ ᠲᠣᠷᠬᠢᠶᠠᠨ ᠡᠭᠦᠰᠭᠡᠭᠰᠡᠨ ᠬᠠᠶᠢᠬᠤᠨ ᠾᠧᠦ ᠶᠢᠨ ᠪᠤᠯᠠᠰᠢ ᠶᠢ ᠮᠠᠯᠲᠠᠨ ᠢᠯᠡᠷᠡᠭᠦᠯᠦᠭᠰᠡᠨ ᠶᠠᠪᠤᠳᠠᠯ ᠲᠠᠢ ᠮᠥᠷᠦ ᠵᠡᠷᠭᠡᠴᠡᠵᠦ ᠪᠣᠯᠣᠨ᠎ᠠ᠃ ᠡᠮᠦᠨᠡᠲᠦ ᠳᠤ ᠬᠠᠶᠢᠬᠤᠨ ᠾᠧᠦ ᠶᠢᠨ ᠪᠣᠯᠠᠰᠢ ᠪᠠᠶᠢᠵᠤ᠂ ᠤᠮᠠᠷᠠᠲᠤ ᠳᠤ ᠬᠦᠶ ᠹᠸᠢ ᠬᠠᠲᠤᠨ ᠤ ᠣᠡᠭᠭᠤᠨ ᠪᠠᠶᠢᠨ᠎ᠠ ᠭᠡᠵᠦ ᠠᠯᠳᠠᠷᠰᠢᠭᠤᠯᠤᠨ ᠬᠡᠯᠡᠵᠦ ᠪᠣᠯᠣᠨ᠎ᠠ᠃       ᠯᠢᠶᠤᠤ ᠣᠯᠣᠰ ᠪᠣᠯ ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠢᠳᠠᠨ ᠦᠨᠳᠦᠰᠦᠲᠡᠨ ᠤ ᠳᠤᠮᠳᠠᠳᠤ ᠤᠯᠤᠰ ᠤᠨ ᠤᠮᠠᠷᠠᠲᠤ ᠳᠤ ᠪᠠᠶᠢᠭᠤᠯᠤᠭᠰᠠᠨ ᠹᠸᠤᠳᠠᠯ ᠤᠨ ᠬᠠᠭᠠᠨᠲᠤ ᠲᠥᠷᠥ ᠪᠣᠯᠤᠨ᠎ᠠ᠂ ᠰᠢᠶᠤᠤ ᠣᠪᠣᠭᠲᠤ ᠢᠵᠠᠭᠤᠷᠲᠠᠨ ᠪᠣᠯ ᠯᠢᠶᠤᠤ ᠣᠯᠣᠰ ᠤᠨ ᠦᠶ᠎ᠡ ᠶᠢᠨ ᠦᠶ᠎ᠡ ᠶᠢᠨ ᠨᠡᠷ᠎ᠡ ᠲᠥᠷᠥ ᠲᠠᠢ ᠬᠠᠭᠠᠨ ᠤ ᠡᠷᠬᠡᠮ ᠢᠵᠠᠭᠤᠷᠲᠠᠨ ᠮᠦᠨ᠃ ᠭᠠᠶ ᡁᠢ ᠶᠦᠩ ᠤᠨ ᠦᠵᠡᠬᠦ ᠪᠠᠷ᠂ ᠣᠩᠭᠤᠨ ᠤ ᠡᠵᠡᠨ ᠪᠡᠶ᠎ᠡ ᠶᠢ ᠰᠢᠨ᠎ᠡ ᠪᠠᠷ ᠨᠤᠲᠠᠯᠠᠭᠰᠠᠨ ᠶᠠᠪᠤᠳᠠᠯ ᠪᠣᠯ ᠯᠢᠶᠤᠤ ᠣᠯᠣᠰ ᠤᠨ ᠦᠶ᠎ᠡ ᠶᠢᠨ ᠦᠶ᠎ᠡ ᠶᠢᠨ ᠭᠡᠷ ᠪᠦᠯᠢ ᠶᠢᠨ ᠤᠳᠤᠮ ᠤᠭᠰᠠᠭ᠎ᠠ ᠶᠢᠨ ᠬᠠᠷᠢᠴᠠᠭ᠎ᠠ ᠳᠤ ᠲᠦᠢᠯ ᠤᠨ ᠶᠡᠭᠡ ᠨᠥᠬᠦᠪᠥᠷᠢᠯᠡᠬᠦ ᠦᠢᠯᠡᠳᠦᠯ ᠦᠵᠡᠭᠦᠯᠬᠦ ᠶᠢᠨ ᠬᠠᠮᠲᠤ ︽ᠯᠢᠶᠣᠤ ᠤᠯᠤᠰ ᠤᠨ ᠲᠡᠦᠬᠡ︾᠎ ᠶᠢᠨ ᠰᠣᠳᠣᠯᠭ᠎ᠠ ᠳᠤ ᠴᠤ ᠪᠤᠷᠤᠭᠤ ᠶᠢ ᠵᠠᠯᠠᠷᠠᠭᠤᠯᠬᠤ ᠦᠢᠯᠡᠳᠦᠯ ᠲᠠᠢ ᠪᠢᠯᠡ᠃      ᠣᠩᠭᠤᠨ ᠤ ᠡᠵᠡᠨ ᠪᠡᠶ᠎ᠡ ᠶᠢ ᠴᠤᠬᠤᠮ ᠬᠡᠷᠬᠢᠨ ᠲᠣᠭᠲᠠᠭᠠᠬᠤ ᠪᠤᠢ︖ ᠭᠠᠶ ᡁᠢ ᠶᠦᠩ ᠬᠡᠯᠡᠭᠰᠡᠨ ᠨᠢ᠂ ᠣᠶᠢᠷ᠎ᠠ ᠳᠤ ᠬᠠᠭᠤᠴᠢ ᠰᠤᠳᠤᠯᠤᠯ ᠤᠨ ᠲᠤᠰᠬᠠᠶ ᠮᠡᠷᠭᠡᠵᠢᠯᠲᠡᠳ ᠥᠪᠥᠷ ᠮᠣᠩᠭᠤᠯ ᠤᠨ ᠳᠣᠯᠣᠨ ᠨᠠᠭᠤᠷ ᠰᠢᠶᠠᠨ ᠳᠤ ᠢᠯᠡᠷᠡᠭᠰᠡᠨ ᠯᠢᠶᠤ ᠣᠯᠣᠰ ᠤᠨ ᠦᠶ᠎ᠡ ᠶᠢᠨ ᠦᠶ᠎ᠡ ᠶᠢᠨ ᠬᠦᠶ ᠹᠸᠢ ᠬᠠᠲᠤᠨ ᠤ ᠣᠩᠭᠤᠨ ᠤ ᠬᠥᠰᠢᠶᠡᠨ ᠢᠯᠡᠷᠬᠡᠶᠢᠯᠡᠯ ᠢ ︽ᠨᠡᠬᠡᠬᠡᠭᠰᠡᠨ︾᠎ ᠤ ᠳᠠᠷᠠᠭ᠎ᠠ᠂ ᠣᠯᠠᠨ ᠲᠠᠯ᠎ᠠ ᠶᠢᠨ ᠲᠡᠦᠬᠡᠨ ᠮᠠᠲ᠋ᠧᠷᠢᠶᠠᠯ ᠢ ᠰᠡᠭᠦᠨ ᠡᠷᠢᠬᠦ ᠪᠠᠷ ᠳᠠᠮᠵᠢᠭᠤᠯᠤᠨ᠂ ᠣᠩᠭᠤᠨ ᠤ ᠡᠵᠡᠨ ᠪᠡᠶ᠎ᠡ ᠪᠣᠯ ᠰᠢᠶᠤᠤ ᠲᠠᠶᠢᠬᠡᠦ ᠶᠢᠨ ᠵᠢᠭᠡ ᠣᠮᠪᠣᠯᠣ ᠥᠬᠢᠨ ᠪᠣᠯᠬᠤ ᠶᠢ ᠡᠴᠦᠰ ᠎ ᠲᠡᠭᠡᠨ ᠲᠣᠳᠣᠯᠠᠪᠠ ᠭᠡᠵᠡᠢ᠃      ᠮᠡᠳᠡᠭᠡᠯᠡᠭᠰᠡᠨ ᠢᠶᠠᠷ᠂ ᠲᠤᠰ ᠣᠩᠭᠤᠨ ᠤ ᠬᠥᠰᠢᠶᠡᠨ ᠢᠯᠡᠷᠬᠡᠶᠢᠯᠡᠯ ᠳᠤ ᠬᠦᠶ ᠹᠸᠢ ᠬᠠᠲᠤᠨ ᠤ ᠭᠠᠷᠤᠯ ᠢ ᠲᠡᠮᠳᠡᠭᠯᠡᠭᠰᠡᠨ ᠪᠠᠶᠢᠵᠠᠢ᠂ ᠲᠡᠷᠡ ᠪᠣᠯ ᠯᠢᠶᠣᠤ ᠤᠯᠤᠰ ᠤᠨ ᠱᠸᠡᠭᠽᠦ᠋ᠡᠭ ᠬᠦᠶ ᠹᠸᠢ ᠬᠠᠲᠤᠨ ᠪᠣᠯᠬᠤ ᠪᠥᠭᠡᠳ ᠨᠢᠭᠡ ᠬᠦᠦ ᠬᠤᠶᠠᠷ ᠬᠡᠦᠬᠡᠨ ᠲᠠᠢ᠂ ᠲᠡᠭᠦᠨ ᠤ ᠡᠴᠢᠭᠡ ᠪᠣᠯ ᠰᠦᠩ ᠤᠯᠤᠰ ᠲᠠᠢ ᠪᠠᠶᠢᠯᠳᠤᠵᠤ ᠪᠠᠶᠢᠭᠰᠠᠨ ᠯᠢᠶᠤᠤ ᠤᠯᠤᠰ ᠤᠨ ᠨᠡᠷᠡᠲᠦ ᠵᠠᠩᠵᠤᠨ ᠰᠢᠶᠤᠤ ᠫᠠᠢ ᠶᠠ ᠪᠣᠯᠣᠨ᠎ᠠ᠂ ᠲᠡᠭᠦᠨ ᠤ ᠡᠬᠡ ᠪᠣᠯ ᠸᠧᠶ ᠤᠯᠤᠰ ᠤᠨ ᠭᠦᠩᠵᠦ ᠪᠣᠯᠬᠤ ᠶᠢ ᠲᠣᠳᠣᠷᠠᠭᠤᠯᠪᠠ᠃ ᠤᠯᠠᠮ ᠨᠢᠭᠡ ᠠᠯᠬᠤᠮ ᠰᠢᠯᠭᠠᠨ ᠨᠣᠳ᠋ᠯᠠᠬᠤ ᠪᠠᠷ ᠳᠠᠮᠵᠢᠨ ᠰᠢᠶᠤᠤ ᠲᠠᠶᠢᠬᠡᠦ ᠶᠢᠨ ᠵᠢᠭᠡ ᠣᠮᠪᠣᠯᠣ ᠥᠬᠢᠨ ᠪᠣᠯᠬᠤ ᠶᠢ ᠲᠣᠳᠣᠯᠠᠵᠠᠢ᠃      ᠢᠯᠡ ᠪᠠᠶᠢᠭ᠎ᠠ ᠮᠠᠲ᠋ᠧᠷᠢᠶᠠᠯ ᠠᠴᠠ ᠦᠵᠡᠪᠡᠯ᠂ ᠰᠢᠶᠤᠤ ᠲᠠᠶᠢᠬᠡᠦ ᠶᠢᠨ ᠨᠡᠷ᠎ᠡ ᠨᠢ ᠰᠢᠶᠤᠤ ᠴᠦᠸᠧ ᠭᠡᠳᠡᠭ᠂ ᠡᠩᠭᠦᠷᠡᠶᠢᠯᠡᠭᠰᠡᠨ ᠨᠡᠷ᠎ᠡ ᠨᠢ ᠶᠠᠨ ᠶᠠᠨ᠂ ᠪᠠᠯᠢ ᠣᠪᠣᠭ ᠲᠠᠢ᠂ ᠪᠠᠯᠢ ᠣᠪᠣᠭ ᠢ ᠶᠧ ᠯᠢᠦᠢ ᠠᠪᠤᠵᠢ ᠠᠴᠠ ᠲᠡᠭᠦᠨ ᠳᠤ ᠬᠠᠶᠢᠷᠠᠯᠠᠵᠠᠢ︔ ᠯᠢᠶᠤᠤ ᠤᠯᠤᠰ ᠤᠨ ᠬᠠᠭᠠᠨ ᠤ ᠬᠠᠲᠤᠨ᠂ ᠤᠯᠤᠰ ᠲᠥᠷᠥᠴᠢᠨ᠂ ᠯᠢᠶᠣᠤ ᠤᠯᠤᠰ ᠤᠨ ᠵᠢᠩᠽᠦ᠋ᠡᠭ ᠶᠧ ᠯᠢᠦᠢ ᠰᠢᠶᠠᠨ ᠤ ᠬᠠᠲᠤᠨ᠂ ᠠᠷᠠᠳ ᠤᠨ ᠰᠢ ᠲᠠᠭᠤᠷᠢᠯᠢᠭ ᠲᠤ ᠲᠡᠭᠦᠨ ᠢ ᠰᠢᠶᠤᠤ ᠲᠠᠶᠢᠬᠡᠦ ᠭᠡᠵᠦ ᠳᠠᠭᠤᠳᠠᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号