ᠥᠪᠥᠷ ᠮᠣᠩᠭᠤᠯ ᠤᠨ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠤ 100 ᠲᠡᠷᠭᠡ ᠎ ᠶᠢ ᠢᠯᠡ ᠪᠠᠷ ᠦᠨ᠎ᠡ ᠬᠠᠶᠠᠯᠴᠠᠨ ᠬᠤᠳᠠᠯᠳᠤᠵᠤ  70 ᠲᠡᠷᠭᠡ ᠶᠢ ᠰᠦᠯᠵᠢᠶᠡᠨ ᠳᠡᠭᠡᠷ᠎ᠡ ᠦᠨ᠎ᠡ ᠬᠠᠶᠠᠵᠤ ᠬᠤᠳᠠᠯᠳᠤᠪᠠ
ᠨᠡᠶᠢᠲᠡᠯᠡᠭᠰᠡᠨ ᠴᠠᠭ᠄
2016/4/27
     4 ᠳ᠋ᠤᠭᠠᠷ ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡ ᠶᠢ ᠠᠩᠬᠠᠳᠠᠭᠴᠢ ᠤᠳᠠᠭ᠎ᠠ ᠠᠬᠤᠢ ᠲᠠᠯᠠᠪᠠᠢ ᠳᠤ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠬᠥᠬᠡᠬᠤᠲᠠ ᠳᠤ ᠶᠠᠪᠤᠭᠳᠠᠪᠠ᠃ ᠦᠨ᠎ᠡ ᠬᠠᠶᠠᠯᠴᠠᠭᠠᠨ ᠳᠡᠭᠡᠷ᠎ᠡ᠂ ᠹᠧᠩ ᠲᠢᠶᠠᠨ᠂ ᠰᠧ ᠪᠠ ᠯᠦ᠂ ᠳ᠋ᠠ ᠵᠦᠩ ᠵᠡᠷᠭᠡ ᠣᠯᠠᠨ ᠨᠡᠷᠡᠲᠦ ᠲᠡᠮᠳᠡᠭᠲᠦ᠂ ᠤᠯᠠᠨ ᠲᠡᠷᠭᠡᠨ ᠬᠡᠯᠪᠡᠷᠢ ᠶᠢ ᠬᠠᠮᠤᠷᠤᠭᠰᠠᠨ 30 ᠮᠠᠰᠢᠨ ᠲᠡᠷᠭᠡ ᠶᠢ ᠲᠤᠬᠠᠶ ᠶᠢᠨ ᠲᠠᠯᠠᠪᠠᠢ ᠳᠤ ᠦᠨ᠎ᠡ ᠬᠠᠶᠠᠯᠴᠠᠨ ᠬᠤᠳᠠᠯᠳᠤᠪᠠ᠃ ᠰᠢᠯᠵᠢᠭᠦᠯᠦᠨ ᠥᠭᠬᠦ ᠬᠠᠮᠤᠭ ᠤᠨ ᠳᠣᠣᠷ᠎ᠠ ᠦᠨ᠎ᠡ ᠨᠢ 2.79 ᠲᠦᠮᠡᠨ ᠲᠥᠭᠦᠷᠢᠭ᠂ ᠬᠠᠮᠤᠭ ᠦᠨᠳᠦᠷ ᠲᠡᠭᠡᠨ 31.31 ᠲᠦᠮᠡᠨ ᠲᠥᠭᠦᠷᠢᠭ ᠲᠤ ᠬᠦᠷᠪᠡ᠃      ᠠᠯᠪᠠᠨ ᠲᠡᠷᠭᠡ ᠶᠢ ᠬᠠᠮᠢᠶᠠᠷᠬᠤ ᠳᠦᠷᠢᠮ ᠤᠨ ᠥᠭᠡᠷᠡᠴᠢᠯᠡᠯᠲᠡ ᠪᠣᠯ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠬᠤ ᠪᠣᠳᠠᠲᠤ ᠬᠡᠷᠡᠭᠴᠡᠭᠡ ᠮᠥᠨ᠂ ᠪᠠᠰᠠ ᠴᠤ ᠪᠦᠬᠦ ᠨᠡᠶᠢᠭᠡᠮ ᠢᠶᠠᠷ ᠢᠶᠠᠨ ᠠᠩᠬᠠᠷᠴᠤ ᠪᠠᠶᠢᠭ᠎ᠠ ᠬᠠᠯᠠᠮᠰᠢᠯ ᠴᠢᠭ᠋ ᠪᠣᠯᠣᠨ᠎ᠠ᠃ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠵᠤ ᠮᠡᠳᠡᠭᠰᠡᠨ ᠨᠢ᠂ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠶᠢ ᠰᠢᠢᠳᠪᠦᠷᠢᠯᠡᠬᠦ ᠠᠵᠢᠯ ᠤᠨ ᠳᠤᠭᠤᠶᠢᠯᠠᠩ ᠨᠢ ᠨᠢᠳᠤᠨᠤᠨ ᠤ 12 ᠳ᠋ᠤᠭᠠᠷ ᠰᠠᠷ᠎ᠠ ᠶᠢᠨ ᠡᠴᠦᠰ ᠢᠶᠠᠷ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠢᠳᠪᠦᠷᠢᠯᠡᠬᠦ ᠮᠠᠰᠢᠨ ᠲᠡᠷᠭᠡ ᠶᠢ ᠪᠢᠲᠡᠭᠦᠮᠵᠢᠯᠡᠨ ᠵᠣᠭᠰᠣᠭᠠᠬᠤ ᠶᠢᠨ ᠬᠠᠮᠲᠤ ᠰᠢᠯᠭᠠᠨ ᠬᠤᠷᠢᠶᠠᠪᠠ᠃ ᠪᠦᠷᠢᠳᠬᠡᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠢᠭᠡᠴᠡ ᠶᠢᠨ ᠨᠡᠶᠢᠲᠡ 969 ᠲᠡᠷᠭᠡ ᠶᠢ ᠪᠢᠲᠡᠭᠦᠮᠵᠢᠯᠡᠨ ᠵᠣᠭᠰᠤᠭᠠᠵᠠᠢ᠃ ᠡᠨᠡ ᠵᠢᠯ ᠤᠨ 3 ᠳ᠋ᠤᠭᠠᠷ ᠰᠠᠷ᠎ᠠ ᠳᠤ᠂ ᠳᠠᠭᠠᠭᠠᠴᠢᠯᠠᠯᠲᠠ ᠬᠦᠯᠢᠶᠡᠭᠰᠡᠨ 4 ᠺᠣᠮᠫᠠᠨᠢ ᠶᠢ ᠢᠯᠡ ᠪᠠᠷ ᠰᠤᠩᠭᠤᠵᠤ ᠪᠢᠲᠡᠭᠦᠮᠵᠢᠯᠡᠨ ᠵᠣᠭᠰᠤᠭᠠᠭᠰᠠᠨ ᠮᠠᠰᠢᠨ ᠲᠡᠷᠭᠡ ᠨᠦᠭᠦᠳ ᠢ ᠦᠨᠡᠯᠡᠵᠡᠢ᠃ ᠦᠨᠡᠯᠡᠬᠦ ᠪᠠᠷ ᠳᠠᠮᠵᠢᠨ ᠬᠡᠷᠡᠭᠯᠡᠭᠡᠨ ᠤ ᠥᠷᠲᠡᠭ ᠦᠭᠡᠢ ᠪᠣᠯᠣᠭᠰᠠᠨ ᠮᠠᠰᠢᠨ ᠲᠡᠷᠭᠡ ᠶᠢ ᠰᠢᠯᠢᠭᠳᠡᠭᠦᠯᠬᠦ ᠪᠠᠷ ᠰᠢᠢᠳᠪᠦᠷᠢᠯᠡᠵᠦ᠂ ᠣᠷᠣᠯᠭ᠎ᠠ ᠶᠢ ᠎ ᠨᠢ ᠳᠡᠭᠡᠭᠰᠢ ᠤᠯᠤᠰ ᠤᠨ ᠬᠥᠮᠥᠷᠭᠡ ᠳᠤ ᠲᠤᠰᠢᠶᠠᠪᠠ︔ ᠨᠢᠭᠡ ᠪᠦᠯᠦᠭ ᠨᠡᠯᠢᠶᠡᠳ ᠰᠠᠶᠢᠨ   ᠮᠠᠰᠢᠨ ᠲᠡᠷᠭᠡ ᠶᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠲᠡᠷᠭᠡᠨ ᠤ ᠲᠠᠪᠴᠠᠩ ᠪᠣᠯᠣᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠦᠢᠯᠡᠴᠢᠯᠡᠭᠡᠨ ᠤ ᠲᠠᠪᠴᠠᠩ ᠳᠤ ᠨᠢᠭᠡᠳᠦᠯᠲᠡᠢ ᠪᠠᠷ ᠡᠷᠦᠬᠡ ᠰᠢᠯᠵᠢᠭᠦᠯᠪᠡ᠃ ᠡᠭᠦᠨ ᠤ ᠬᠠᠮᠲᠤ᠂ ᠥᠪᠥᠷ ᠮᠣᠩᠭᠤᠯ ᠤᠨ ᠦᠮᠴᠢᠯᠡᠬᠦ ᠡᠷᠬᠡ  ᠶᠢᠨ ᠠᠷᠠᠯᠵᠢᠶᠠᠨ ᠤ ᠲᠥᠪ ᠲᠤ ᠨᠠᠶᠢᠳᠠᠨ ᠢᠯᠡ ᠪᠠᠷ ᠦᠨ᠎ᠡ ᠬᠠᠶᠠᠵᠤ ᠬᠤᠳᠠᠯᠳᠤᠪᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠰᠢᠢᠳᠪᠦᠷᠢᠯᠡᠬᠦ ᠳᠤ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ  ᠪᠠᠶᠢᠯᠭᠠᠬᠤ ᠶᠢᠨ ᠬᠠᠮᠲᠤ ᠡᠳ᠋ ᠬᠦᠷᠦᠩᠭᠡ ᠶᠢᠨ ᠦᠷᠲᠡᠭ ᠢ ᠪᠠᠲᠤᠯᠠᠵᠤ ᠦᠷᠲᠡᠭ ᠨᠡᠮᠡᠭᠳᠡᠭᠦᠯᠬᠦ ᠶᠢ ᠨᠡᠯᠢᠶᠡᠳ ᠰᠠᠶᠢᠨ ᠪᠡᠶᠡᠯᠡᠭᠦᠯᠵᠡᠢ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠩᠬᠠᠳᠠᠭᠴᠢ ᠪᠦᠯᠦᠭ ᠢᠯᠡ ᠪᠠᠷ ᠰᠢᠢᠳᠪᠦᠷᠢᠯᠡᠭᠰᠡᠨ ᠠᠯᠪᠠᠨ ᠲᠡᠷᠭᠡ ᠨᠢ ᠨᠡᠶᠢᠲᠡ 100 ᠪᠠᠶᠢᠵᠤ᠂ ᠲᠣᠬᠠᠢ ᠶᠢᠨ ᠲᠠᠯᠠᠪᠤᠷ ᠲᠤ 30  ᠲᠡᠷᠭᠡ ᠶᠢ ᠬᠤᠳᠠᠯᠳᠤᠭᠰᠠᠨ ᠢ ᠭᠠᠷᠭᠠᠪᠠᠯ ᠦᠯᠡᠳᠡᠭᠰᠡᠨ 70 ᠲᠡᠷᠭᠡ ᠶᠢ ᠠᠳᠠᠯᠢ ᠬᠤᠭᠤᠴᠠᠭᠠᠨ ᠳᠤ ᠥᠪᠥᠷ ᠮᠣᠩᠭᠤᠯ ᠤᠨ ᠥᠮᠴᠢᠯᠡᠯ ᠤᠨ ᠡᠷᠬᠡ ᠶᠢᠨ ᠰᠣᠯᠢᠯᠴᠠᠭᠠᠨ ᠤ ᠲᠥᠪ ᠤᠨ ᠲᠠᠪᠴᠠᠩ ᠳᠡᠭᠡᠷ᠎ᠡ ᠲᠣᠣᠷ ᠰᠦᠯᠵᠢᠶ᠎ᠡ ᠶᠢᠨ ᠦᠨ᠎ᠡ ᠬᠠᠶᠠᠯᠴᠠᠬᠤ ᠬᠡᠯᠪᠡᠷᠢ ᠪᠠᠷ ᠬᠤᠳᠠᠯᠳᠤᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号