ᠥᠪᠥᠷ ᠮᠣᠩᠭᠤᠯ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ 120 ᠰᠤᠷᠤᠭᠴᠢ ᠳᠤ ᠬᠥᠮᠦᠨ ᠪᠦᠷᠢ 4000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠪᠠ
ᠨᠡᠶᠢᠲᠡᠯᠡᠭᠰᠡᠨ ᠴᠠᠭ᠄
2016/4/27
      ᠣᠶᠢᠷ᠎ᠠ ᠳᠤ᠂ ᠥᠪᠥᠷ ᠮᠣᠩᠭᠤᠯ ᠤᠨ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ 2016 ᠣᠨ ᠤ ︽ᠬᠠᠶᠢᠷ᠎ᠠ ᠶᠢᠨ ᠳᠡᠭᠳᠡᠭᠡᠬᠡᠢ · ᠬᠦᠰᠡᠯ ᠤᠨ ᠣᠳᠣᠨ︾᠎ ᠤ ᠬᠠᠨᠳᠠᠪᠯᠠᠭᠴᠢ ᠶᠢ ᠬᠠᠷᠢᠭᠤ ᠰᠤᠷᠪᠤᠯᠵᠢᠯᠠᠬᠤ ᠠᠵᠢᠯᠯᠠᠭ᠎ᠠ ᠵᠢᠴᠢ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠶᠣᠰᠣᠯᠠᠯ ᠬᠥᠬᠡᠬᠤᠲᠠ ᠳᠤ ᠶᠠᠪᠤᠭᠳᠠᠵᠤ᠂ ᠮᠠᠨ ᠤ ᠣᠷᠣᠨ ᠤ ᠭᠡᠷ ᠪᠦᠯᠢ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ 120 ᠰᠤᠷᠤᠭᠴᠢ ᠳᠤ ᠬᠥᠮᠦᠨ ᠪᠦᠷᠢ 4000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠪᠠ᠃ ᠣᠶᠢᠯᠠᠭᠠᠭᠰᠠᠨ ᠢᠶᠠᠷ᠂ ︽ᠬᠠᠶᠢᠷ᠎ᠠ ᠶᠢᠨ ᠳᠡᠭᠳᠡᠭᠡᠬᠡᠢ · ᠬᠦᠰᠡᠯ ᠤᠨ ᠣᠳᠣᠨ︾ ᠨᠡᠷᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠲᠥᠷᠥᠯ ᠵᠦᠢᠯ ᠨᠢ 2014 ᠣᠨ ᠳᠤ ᠮᠠᠨ ᠤ ᠣᠷᠣᠨ ᠳᠤ ᠵᠢᠩᠬᠢᠨᠢ ᠪᠠᠷ ᠡᠬᠢᠯᠡᠵᠦ᠂ ᠣᠳᠣᠬᠠᠨ ᠪᠣᠯᠲᠠᠯ᠎ᠠ᠂ ᠮᠠᠨ ᠤ ᠣᠷᠣᠨ ᠤ ᠭᠡᠷ ᠪᠦᠯᠢ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠰᠤᠷᠤᠭᠴᠢ ᠳᠤ ᠨᠡᠶᠢᠲᠡ 307.2 ᠲᠦᠮᠡᠨ ᠲᠥᠭᠦᠷᠢᠭ ᠢᠶᠠᠷ ᠲᠤᠰᠠᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号