︽12· 5︾᠎ ᠶᠢᠨ ᠬᠤᠭᠤᠴᠠᠭᠠᠨ ᠳᠤ ᠥᠪᠥᠷ ᠮᠣᠩᠭᠤᠯ ᠵᠡᠮᠳᠡᠭᠴᠦᠳ ᠤᠨ ᠦᠢᠯᠡᠰ ᠲᠤ 5.64 ᠲᠦᠮᠡᠨ ᠲᠥᠬᠦᠷᠢᠭ ᠤᠨ ᠵᠠᠷᠤᠳᠠᠯ ᠣᠷᠣᠭᠤᠯᠵᠤ  180 ᠲᠦᠮᠡᠨ ᠬᠥᠮᠦᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2016/4/27
     ︽12· 5︾᠎ ᠶᠢᠨ ᠬᠤᠭᠤᠴᠠᠭᠠᠨ ᠳᠤ᠂ ᠮᠠᠨ ᠤ ᠣᠷᠣᠨ ᠵᠠᠰᠠᠭ ᠤᠨ ᠣᠷᠳᠣᠨ ᠤ ᠪᠡᠯᠡ ᠮᠥᠩᠭᠦ  ᠪᠠᠷ ᠤᠳᠤᠷᠢᠳᠤᠮᠵᠢ ᠪᠣᠯᠭᠠᠨ᠂ ᠡᠯ᠎ᠡ ᠵᠦᠢᠯ ᠤᠨ ᠪᠡᠯᠡ ᠴᠤᠭᠯᠠᠭᠤᠯᠬᠤ ᠠᠷᠭ᠎ᠠ ᠪᠠᠷᠢᠯ ᠢ ᠶᠡᠷᠦᠩᠭᠡᠶᠢᠯᠡᠨ ᠬᠡᠷᠡᠭᠯᠡᠵᠦ᠂ ᠨᠡᠶᠢᠭᠡᠮ ᠤᠨ ᠬᠦᠴᠦᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠤᠯᠠᠨ ᠠᠷᠭ᠎ᠠ ᠵᠠᠮ᠂ ᠪᠦᠬᠦ ᠲᠠᠯ᠎ᠠ ᠪᠠᠷ ᠪᠡᠯᠡ ᠣᠷᠣᠭᠤᠯᠬᠤ ᠪᠠᠶᠢᠷᠢᠰᠢᠯ ᠢ ᠪᠦᠷᠢᠯᠳᠦᠭᠦᠯᠦᠨ᠂  ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠤᠨ ᠲᠣᠭᠲᠠᠭᠤᠨ ᠢᠶᠠᠷ ᠨᠡᠮᠡᠭᠳᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠢᠯᠡᠰ ᠲᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠨᠡᠶᠢᠲᠡ 5.64 ᠳ᠋ᠦᠩᠰᠢᠭᠤᠷ ᠲᠦᠬᠦᠷᠢᠭ ᠤᠨ ᠎ ᠤᠨ ᠵᠠᠷᠤᠳᠠᠯ ᠣᠷᠣᠭᠤᠯᠵᠤ᠂ ᠮᠠᠨ ᠤ ᠣᠷᠣᠨ ᠤ 180 ᠲᠦᠮᠡᠨ ᠵᠡᠮᠳᠡᠭᠴᠦᠳ ᠠᠰᠢᠭ ᠬᠦᠷᠲᠡᠵᠡᠢ᠃      ᠲᠠᠪᠤᠨ ᠵᠢᠯ ᠤᠨ ᠲᠤᠷᠰᠢ᠂ ᠵᠡᠮᠳᠡᠭᠴᠦᠳ ᠤᠨ ᠦᠢᠯᠡᠰ ᠲᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠡᠶᠢᠲᠡ 4.75 ᠳ᠋ᠦᠩᠰᠢᠭᠤᠷ ᠲᠦᠬᠦᠷᠢᠭ ᠤᠨ ᠵᠠᠷᠣᠳᠠᠯ ᠣᠷᠣᠭᠤᠯᠵᠤ᠂ ︽11· 5︾᠎ ᠶᠢᠨ ᠬᠤᠭᠤᠴᠠᠭᠠᠨ ᠤ ᠣᠷᠣᠭᠤᠯᠤᠯᠲᠠ ᠶᠢᠨ 4 ᠳᠠᠬᠢᠨ ᠲᠠᠢ ᠲᠡᠩᠴᠡᠵᠦ᠂ ᠵᠡᠮᠳᠡᠭᠴᠦᠳ ᠤᠨ ᠠᠵᠢᠯ ᠤᠨ ᠪᠦᠬᠦ ᠲᠠᠯ᠎ᠠ ᠪᠠᠷ ᠪᠡᠶᠡᠯᠡᠭᠳᠡᠬᠦ ᠶᠢ ᠪᠠᠲᠤᠯᠠᠪᠠ᠃ ᠡᠭᠦᠨ ᠳᠤ᠂ 4.12 ᠳ᠋ᠦᠩᠰᠢᠭᠤᠷ ᠲᠥᠭᠦᠷᠢᠭ ᠪᠠᠭᠤᠯᠭᠠᠵᠤ᠂ ᠶᠠᠳᠠᠭᠤ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠵᠡᠮᠳᠡᠭᠴᠦᠳ ᠤᠨ ᠰᠣᠪᠢᠯᠠᠯᠲᠠ ᠶᠢᠨ ᠨᠥᠬᠦᠪᠥᠷᠢ ᠥᠭᠬᠦ ᠬᠤᠶᠠᠷ ᠳᠦᠷᠢᠮ ᠤᠨ ᠬᠡᠷᠡᠭᠵᠢᠭᠦᠯᠦᠯᠲᠡ ᠳᠤ ᠵᠠᠷᠤᠴᠠᠭᠤᠯᠵᠤ᠂ ᠶᠠᠳᠠᠭᠤ ᠬᠦᠴᠢᠷᠳᠡᠯ ᠲᠠᠢ ᠵᠡᠮᠳᠡᠭᠴᠦᠳ ᠪᠣᠯᠣᠨ ᠬᠦᠨᠳᠦ ᠵᠡᠮᠳᠡᠭᠴᠦᠳ ᠲᠤ 157 ᠲᠦᠮᠡᠨ ᠬᠥᠮᠦᠨ ᠤᠳᠠᠭ᠎ᠠ ᠨᠥᠬᠦᠪᠦᠷᠢᠯᠡᠪᠡ᠃ ᠨᠥᠬᠦᠪᠥᠷᠢ ᠥᠭᠬᠦ ᠡᠨᠡ ᠬᠤᠶᠠᠷ ᠲᠦᠷᠢᠮ ᠳᠤ ᠴᠦᠮ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ᠂ ᠱᠠᠳᠤ ᠬᠤᠪᠢᠶᠠᠨ ᠵᠣᠬᠢᠴᠠᠭᠤᠯᠵᠤ᠂ ᠨᠥᠬᠦᠪᠦᠷᠢ ᠣᠯᠭᠤᠬᠤ ᠨᠥᠬᠦᠴᠡᠯ ᠳᠤ ᠨᠡᠶᠢᠴᠡᠭᠰᠡᠨ ᠪᠤᠶ ᠪᠦᠬᠦᠢ ᠵᠡᠮᠳᠡᠭᠴᠦᠳ ᠢ ᠦᠨᠳᠦᠰᠦᠨ ᠳᠡᠭᠡᠨ ᠬᠠᠮᠤᠷᠤᠭᠰᠠᠨ ᠪᠠᠶᠢᠨ᠎ᠠ᠃ ᠲᠠᠪᠤᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ︽ᠰᠣᠯᠣᠩᠭᠠᠷᠠᠭᠰᠠᠨ ᠬᠦᠰᠡᠯᠡᠩ  ᠎ ᠤᠨ ᠲᠥᠷᠥᠯ ᠵᠦᠢᠯ︾᠎ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠨ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠲᠦᠷᠦᠯ ᠵᠦᠢᠯ ᠤᠨ ᠪᠡᠯᠡ ᠮᠥᠩᠭᠦ ᠶᠢ 1721.4 ᠲᠦᠮᠡᠨ ᠲᠥᠭᠦᠷᠢᠭ ᠣᠯᠵᠠᠢ᠂ ᠡᠭᠦᠨ ᠳᠤ ᠰᠣᠨᠣᠷ ᠮᠠᠭᠤᠲᠠᠶ 159  ᠬᠡᠦᠬᠡᠳ ᠲᠤ ᠴᠢᠬᠢᠨ ᠲᠤᠩ ᠬᠤᠳᠠᠯᠳᠤᠨ ᠠᠪᠬᠤ ᠪᠠ ᠰᠣᠨᠣᠷ ᠮᠠᠭᠤᠲᠠᠶ 190 ᠬᠡᠦᠬᠡᠳ ᠲᠤ ᠰᠣᠨᠣᠷ ᠲᠤᠳᠤᠤᠡᠬᠠᠭᠤᠷ ᠬᠤᠳᠠᠯᠳᠤᠨ ᠠᠪᠬᠤ ᠪᠠ ᠡᠷᠡᠭᠦᠯᠵᠢᠭᠦᠯᠬᠦ ᠵᠠᠷᠤᠳᠠᠯ ᠵᠢᠴᠢ ᠭᠠᠭᠴᠠᠭᠠᠷᠳᠠᠬᠤ ᠭᠡᠮ ᠲᠠᠢ ᠬᠡᠦᠬᠡᠳ ᠢ ᠡᠷᠡᠭᠦᠯᠵᠢᠭᠦᠯᠬᠦ ᠪᠣᠯᠪᠠᠰᠤᠷᠠᠯ ᠤᠨ ᠵᠠᠷᠤᠳᠠᠯ᠂ ᠵᠡᠮᠳᠡᠭ ᠬᠡᠦᠬᠡᠳ ᠤᠨ ᠲᠤᠰᠠᠯᠠᠬᠤ ᠬᠡᠷᠡᠭᠰᠡᠯ ᠢ ᠵᠣᠬᠢᠰᠲᠠᠶ ᠲᠣᠬᠢᠷᠠᠭᠤᠯᠬᠤ ᠪᠠ ᠦᠢᠯᠡᠴᠢᠯᠡᠭᠡᠨ ᠤ ᠰᠦᠢᠳᠬᠡᠯ ᠪᠠᠭᠲᠠᠨ᠎ᠠ᠃ ᠡᠨᠡᠬᠦ ᠬᠤᠭᠤᠴᠠᠭᠠᠨ ᠳᠤ᠂ ᠮᠠᠨ ᠤ ᠣᠷᠣᠨ ᠪᠠᠰᠠ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠥᠷᠥᠯ ᠵᠦᠢᠯ ᠠᠴᠠ 1303.66 ᠲᠦᠮᠡᠨ ᠲᠦᠬᠦᠷᠢᠭ ᠢ ᠴᠢᠷᠮᠠᠶᠢᠨ ᠣᠯᠵᠠᠶ᠃      ᠥᠪᠡᠷᠲᠡᠭᠡᠨ ᠵᠠᠰᠠᠬᠤ ᠣᠷᠣᠨ  ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠡᠷᠡᠭ ᠡᠷᠭᠢᠯᠡᠭᠴᠢ ᠶᠠᠩ ᠷᠦᠢ ᠫᠢᠩ ᠢᠯᠡᠷᠬᠡᠶᠢᠯᠡᠭᠰᠡᠨ ᠨᠢ᠂ ᠡᠨᠡ ᠵᠢᠯ ᠪᠣᠯ ︽13· 5︾᠎ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠵᠡᠮᠳᠡᠭᠴᠦᠳ ᠤᠨ ᠬᠤᠯᠪᠣᠭᠠᠲᠤ ᠬᠤᠷᠠᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠤᠯᠬᠤ᠂ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠬᠡᠷᠡᠭᠵᠢᠭᠦᠯᠬᠦ ᠪᠠ ᠠᠷᠠᠳ ᠤᠨ ᠠᠮᠢᠳᠤᠷᠠᠯ ᠤᠨ ᠬᠦᠷᠢᠶᠡᠨ ᠤ ︽13 · 5︾᠎ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠠᠰᠢᠭᠲᠠᠶ ᠲᠣᠬᠢᠶᠠᠯ ᠢ ᠴᠢᠩᠭ᠎ᠠ ᠠᠳᠬᠤᠵᠤ᠂ ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ  ᠪᠣᠯᠣᠨ ᠬᠡᠷᠡᠭᠴᠡᠭᠡᠨ ᠤ ᠲᠤᠰᠬᠠᠶ ᠪᠠᠶᠢᠴᠠᠭᠠᠯᠲᠠ ᠪᠠᠷ ᠦᠨᠳᠦᠰᠦᠯᠡᠯ ᠪᠣᠯᠭᠠᠵᠤ᠂ ᠶᠠᠳᠠᠭᠤ  ᠬᠦᠴᠢᠷᠳᠡᠯ ᠲᠠᠢ ᠵᠡᠮᠳᠡᠭᠴᠦᠳ ᠵᠢᠴᠢ  ᠲᠡᠳᠡᠨ ᠤ ᠬᠡᠷᠡᠭᠴᠡᠭᠡᠨ ᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂  ᠣᠨᠣᠪᠴᠢᠲᠠᠢ ᠬᠦᠴᠦᠯᠡᠨ᠂ ᠲᠡᠳᠡᠨ ᠢ ᠬᠠᠪᠰᠤᠷᠴᠤ ᠪᠠᠶᠢᠭᠠᠳ ᠬᠦᠴᠢᠷᠳᠡᠯ ᠲᠠᠢ ᠪᠠᠶᠢᠳᠠᠯ ᠠᠴᠠ ᠨᠢ ᠲᠦᠷᠭᠡᠬᠡᠨ ᠠᠬᠢᠭᠤᠯᠤᠨ᠎ᠠ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号