4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠥᠪᠥᠷ ᠮᠣᠩᠭᠤᠯ ᠤᠨ ᠨᠣᠭᠤᠭ᠎ᠠ ᠶᠢᠨ ᠦᠨ᠎ᠡ ᠪᠠᠭᠤᠷᠠᠵᠤ  ᠭᠠᠭ᠋ᠠᠶ ᠶᠢᠨ ᠮᠢᠬᠠᠨ ᠤ ᠦᠨ᠎ᠡ ᠥᠰᠪᠡ
ᠨᠡᠶᠢᠲᠡᠯᠡᠭᠰᠡᠨ ᠴᠠᠭ᠄
2016/4/27
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠬᠠᠩᠭᠠᠭᠰᠠᠨ ᠲᠤᠭ᠎ᠠ ᠪᠠᠷᠢᠮᠲᠠ ᠠᠴᠠ ᠦᠵᠡᠪᠡᠯ᠂ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠥᠪᠥᠷ ᠮᠣᠩᠭᠤᠯ ᠤᠨ ᠢᠳᠡᠰᠢᠨ ᠨᠣᠭᠤᠭ᠎ᠠ ᠶᠢᠨ ᠦᠨ᠎ᠡ ᠬᠠᠩᠰᠢ ᠨᠡᠶᠢᠳᠡᠮ ᠪᠠᠭᠤᠷᠠᠵᠤ᠂ ᠭᠠᠭ᠋ᠠᠶ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ ᠶᠢᠨ ᠦᠨ᠎ᠡ ᠥᠰᠪᠡ᠃      ᠲᠠᠨᠢᠯᠴᠠᠭᠤᠯᠤᠭᠰᠠᠨ ᠢᠶᠠᠷ᠂ 4 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠪᠦᠬᠦ ᠣᠷᠣᠨ ᠤ 15 ᠵᠦᠢᠯ ᠤᠨ ᠬᠢᠨᠠᠨ ᠬᠡᠮᠵᠢᠬᠦ ᠢᠳᠡᠰᠢᠨ ᠨᠣᠭᠤᠭ᠎ᠠ ᠶᠢᠨ ᠲᠥᠷᠥᠯ ᠳᠤ 3᠎ ᠨᠢ ᠥᠰᠦᠨ 12᠎ ᠨᠢ ᠪᠠᠭᠤᠷᠠᠵᠤ᠂ ᠶᠡᠷᠦᠩᠬᠡᠶᠢᠯᠡᠨ ᠳᠤᠮᠳᠠᠴᠢ ᠦᠨ᠎ᠡ ᠨᠢ 3.83 ᠲᠥᠭᠦᠷᠢᠭ/ 500 ᠭᠷᠠᠮ ᠪᠠᠶᠢᠵᠤ᠂ 6.63%᠎ ᠪᠠᠷ ᠪᠠᠭᠤᠷᠠᠪᠠ᠃ ᠪᠠᠭᠤᠷᠠᠯᠲᠠ ᠶᠢᠨ ᠬᠡᠮᠵᠢᠶ᠎ᠡ ᠨᠢ ᠨᠡᠯᠢᠶᠡᠳ ᠶᠡᠭᠡ ᠲᠥᠷᠥᠯ ᠵᠦᠢᠯ ᠳᠤ ᠭᠤᠭᠤᠳ᠂ ᠴᠢᠨᠵᠦᠦ᠂ ᠥᠷᠭᠡᠰᠦᠲᠦ ᠬᠡᠮᠬᠡ᠂ ᠱᠣᠪᠬᠤ ᠯᠠᠵᠢᠶᠣᠣ᠂ ᠪᠥᠭᠡᠷᠡᠩᠬᠡᠶ ᠴᠠᠭᠠᠨ ᠨᠣᠭᠤᠭ᠎ᠠ ᠨᠢ ᠲᠤᠰ ᠪᠦᠷᠢ 16.55%᠂ 12.57%᠂ 11.66%᠂ 9.61%᠂ 9.48%᠎ ᠪᠠᠷ ᠪᠠᠭᠤᠷᠠᠪᠠ᠃      ᠡᠯ᠎ᠡ ᠠᠶᠢᠮᠠᠭ ᠬᠤᠳᠠ ᠶᠢᠨ ᠦᠨ᠎ᠡ ᠬᠠᠩᠰᠢ ᠶᠢ ᠬᠢᠨᠠᠨ ᠬᠡᠮᠵᠢᠬᠦ ᠪᠠᠶᠢᠭᠤᠯᠤᠮᠵᠢ ᠶᠢᠨ ᠳᠡᠭᠡᠭᠰᠢ ᠮᠡᠳᠡᠭᠦᠯᠦᠭᠰᠡᠨ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 4 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠬᠦᠨᠡᠰᠦᠨ ᠠᠮᠤ᠂ ᠢᠳᠡᠰᠢᠨ ᠲᠤᠰᠤ᠂ ᠤᠰᠤᠨ ᠭᠠᠷᠤᠯᠲᠠ ᠶᠢᠨ ᠦᠨ᠎ᠡ ᠬᠠᠩᠰᠢ ᠲᠣᠭᠲᠠᠭᠤᠨ ᠪᠠᠶᠢᠬᠤ ᠪᠤᠶᠤ ᠥᠰᠴᠦ ᠪᠠᠭᠤᠷᠠᠵᠤ᠂ ᠲᠠᠬᠢᠶᠠᠨ ᠮᠢᠬ᠎ᠠ᠂ ᠲᠠᠬᠢᠶᠠᠨ ᠥᠨᠳᠡᠭᠡ᠂ ᠦᠨᠢᠶᠡᠨ ᠰᠦ᠂ ᠳ᠋ᠧᠦᠹᠦ᠋ ᠶᠢᠨ ᠦᠨ᠎ᠡ ᠨᠢ ᠬᠤᠪᠢᠷᠠᠯᠲᠠ ᠦᠭᠡᠢ ᠪᠠᠶᠢᠨ᠎ᠠ᠃ ᠭᠠᠭ᠋ᠠᠶ ᠶᠢᠨ ᠬᠠᠪᠢᠷᠭᠠᠨ ᠮᠢᠬ᠎ᠠ᠂ ᠭᠠᠭ᠋ᠠᠶ ᠶᠢᠨ ᠠᠷᠠᠰᠤ ᠲᠠᠢ ᠭᠤᠶ᠎ᠠ ᠶᠢᠨ ᠮᠢᠬ᠎ᠠ ᠶᠢᠨ ᠪᠥᠬᠦ ᠣᠷᠣᠨ ᠤ ᠳᠤᠮᠳᠠᠴᠢ ᠵᠢᠵᠢᠭᠯᠡᠨ ᠬᠤᠳᠠᠯᠳᠤᠬᠤ ᠦᠨ᠎ᠡ ᠨᠢ ᠲᠤᠰ ᠪᠦᠷᠢ 500 ᠭᠷᠠᠮ ᠪᠦᠷᠢ 14.30 ᠲᠥᠭᠦᠷᠢᠭ᠂ 14.89 ᠲᠥᠭᠦᠷᠢᠭ ᠪᠠᠶᠢᠵᠤ᠂ ᠨᠢᠳᠤᠨᠤᠨ ᠤ 4 ᠳ᠋ᠦ᠋ᠭᠡᠷ ᠰᠠᠷ᠎ᠠ ᠶᠢᠨ ᠳᠤᠮᠳᠠᠴᠢ ᠲᠠᠢ ᠬᠠᠷᠢᠴᠠᠭᠤᠯᠪᠠᠯ  ᠂ ᠭᠠᠭ᠋ᠠᠶ ᠶᠢᠨ ᠬᠠᠪᠢᠷᠭᠠᠨ ᠮᠢᠬ᠎ᠠ᠂ ᠭᠠᠭ᠋ᠠᠶ ᠶᠢᠨ ᠠᠷᠠᠰᠤ ᠲᠠᠢ ᠭᠤᠶ᠎ᠠ ᠶᠢᠨ ᠦᠨ᠎ᠡ ᠨᠢ ᠲᠤᠰ ᠲᠤᠰ 44.44%᠂ 33.07%᠎ ᠪᠠᠷ ᠥᠰᠪᠡ᠃      ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠬᠤᠯᠪᠣᠭᠳᠠᠯ ᠪᠦᠬᠦᠢ ᠵᠠᠳᠠᠯᠤᠯᠲᠠ ᠪᠠᠷ ᠪᠣᠯ᠂ ᠭᠠᠭ᠋ᠠᠶ ᠶᠢᠨ ᠮᠢᠬᠠᠨ ᠤ ᠦᠨ᠎ᠡ ᠬᠠᠩᠰᠢ ᠶᠢᠨ ᠦᠷᠭᠦᠯᠵᠢᠯᠡᠨ ᠥᠰᠬᠦ ᠨᠢ ᠪᠣᠯ ᠤᠯᠤᠰ ᠤᠨ ᠳᠣᠲᠣᠭᠠᠳᠤ ᠶᠢᠨ ᠭᠠᠭ᠋ᠠᠶ ᠶᠢᠨ ᠭᠠᠷᠭᠠᠯᠲᠠ ᠶᠢᠨ ᠦᠨ᠎ᠡ ᠶᠢᠨ ᠦᠷᠭᠦᠯᠵᠢᠯᠡᠨ ᠥᠰᠴᠦ ᠪᠠᠶᠢᠭ᠎ᠠ ᠨᠥᠯᠥᠭᠡ ᠶᠢ ᠬᠦᠷᠲᠡᠭᠰᠡᠨ ᠠᠴᠠ ᠪᠣᠯᠵᠤ ᠪᠠᠶᠢᠭ᠎ᠠ ᠶᠤᠮ᠂ ᠢᠳᠡᠰᠢᠨ ᠨᠣᠭᠤᠭ᠎ᠠ ᠶᠢᠨ ᠳᠤᠮᠳᠠᠴᠢ ᠦᠨ᠎ᠡ ᠨᠢ ᠤᠯᠠᠷᠢᠯ ᠤᠨ ᠴᠢᠨᠠᠷ ᠲᠠᠢ ᠪᠠᠭᠤᠷᠠᠵᠤ᠂ ᠬᠤᠶᠢᠰᠢᠳᠠ ᠲᠩᠷᠢ ᠳᠤᠯᠠᠭᠠᠷᠠᠬᠤ ᠶᠢ ᠳᠠᠭᠠᠯᠳᠤᠨ᠂ ᠮᠠᠨ ᠤ ᠣᠷᠣᠨ ᠤ ᠨᠤᠲᠤᠭ ᠤᠨ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠬᠡᠮᠵᠢᠶ᠎ᠡ ᠢᠳᠡᠭ ᠢᠳᠡᠭ ᠢᠶᠠᠷ ᠨᠡᠮᠡᠭᠳᠡᠭᠡᠳ᠂ ᠢᠳᠡᠰᠢᠨ ᠨᠣᠭᠤᠭᠠᠨ ᠤ ᠦᠨ᠎ᠡ ᠦᠷᠭᠦᠯᠵᠢᠯᠡᠨ ᠪᠠᠭᠤᠷᠠᠬᠤ ᠬᠠᠨᠳᠤᠰᠢ ᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号