| | | 4 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠮᠧᠬᠠᠨᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠦᠷᠲᠡᠭᠡ 2016 ᠣᠨ ᠤ ᠪᠦᠬᠦ | ᠣᠷᠣᠨ ᠤ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠶᠠᠰᠤ ᠴᠢᠨᠠᠷ ᠤᠨ | ᠵᠠᠭᠠᠯᠳᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠦᠷᠲᠡᠭᠡᠨ ᠤ ᠳᠠᠷᠤᠭ᠎ᠠ ᠨᠠᠷ ᠤᠨ ᠠᠵᠢᠯ ᠤᠨ ᠶᠠᠷᠢᠯᠴᠠᠬᠤ ᠬᠤᠷᠠᠯ ᠢ | ᠬᠦᠬᠡᠬᠤᠲᠠ ᠳᠤ ᠵᠣᠬᠢᠶᠠᠨ ᠪᠠᠶᠢᠭᠤᠯᠤᠨ ᠬᠤᠷᠠᠯᠳᠤᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠲᠠᠷᠢᠶᠠᠯᠠᠩ ᠤᠨ ᠮᠧᠬᠠᠨᠢᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠬᠦᠸᠧ ᠶᠤᠸᠡᠢ᠂ ᠳᠡᠳ᠋ | ᠪᠠᠶᠢᠴᠠᠭᠠᠨ ᠰᠤᠳᠤᠯᠤᠭᠴᠢ ᠵᠣᠣ ᠺᠧ ᠴᠢᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠮᠧᠬᠠᠨᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠦᠷᠲᠡᠭᠡ ᠶᠢᠨ ᠳᠠᠷᠤᠭ᠎ᠠ ᠰᠤᠷᠤᠨ᠎ᠠ᠂ | ᠳᠡᠳ᠋ ᠦᠷᠲᠡᠭᠡᠨ ᠳᠠᠷᠤᠭ᠎ᠠ ᠡᠦ ᠬᠠᠨ ᠲᠠᠢ᠂ ᠵᠧᠦ ᠹᠧᠩ ᠯᠢᠨ᠂ ᠴᠧᠨ ᠬᠤᠢ ᠮᠢᠩ᠂ ᠳᠡᠳ᠋ ᠪᠠᠶᠢᠴᠠᠭᠠᠨ | ᠰᠤᠳᠤᠯᠤᠭᠴᠢ ᠰᠤᠩ ᠸᠧᠢ ᠮᠢᠨ ᠬᠤᠷᠠᠯ ᠳᠤ ᠤᠷᠤᠯᠴᠠᠵᠤ᠂ ᠥᠷᠲᠡᠭᠡᠨ ᠤ ᠡᠯ᠎ᠡ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠪᠠ ᠪᠦᠬᠦ ᠣᠷᠣᠨ ᠤ ᠠᠷᠪᠠᠨ ᠬᠤᠶᠠᠷ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ | ᠮᠧᠬᠠᠨᠢᠭ ᠤᠨ ᠶᠠᠰᠤ ᠴᠢᠨᠠᠷ ᠤᠨ ᠵᠠᠭᠠᠯᠳᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ ᠨᠠᠷ | ᠨᠡᠶᠢᠳᠡ 30 ᠬᠥᠮᠦᠨ ᠬᠤᠷᠠᠯ ᠳᠤ ᠣᠷᠣᠯᠴᠠᠵᠠᠶ᠃ ᠬᠤᠷᠠᠯ ᠤᠨ ᠭᠤᠣᠯ ᠠᠭᠤᠯᠭ᠎ᠠ ᠪᠣᠯ᠄ ᠨᠢᠭᠡ ᠳᠤ᠂ 2015 | ᠣᠨ ᠤ ᠠᠵᠢᠯ ᠢ ᠳ᠋ᠦᠩᠨᠡᠪᠡ︔ ᠬᠤᠶᠠᠷ ᠲᠤ᠂ ᠰᠢᠨ᠎ᠡ ᠪᠠᠶᠢᠳᠠᠯ ᠳᠣᠣᠷ᠎ᠠ ᠲᠠᠷᠢᠶᠠᠯᠠᠩ ᠤᠨ ᠮᠠᠰᠢᠨ ᠤ ᠶᠠᠰᠤ | ᠴᠢᠨᠠᠷ ᠤᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠰᠢᠨ᠎ᠡ ᠠᠷᠭ᠎ᠠ᠂ ᠰᠢᠨ᠎ᠡ ᠠᠷᠭ᠎ᠠ ᠬᠡᠮᠵᠢᠶ᠎ᠡ ᠶᠢ | ᠰᠢᠨᠵᠢᠯᠡᠨ ᠰᠤᠳᠤᠯᠪᠠ︔ ᠭᠤᠷᠪᠠ ᠳᠤ᠂ 2016 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠪᠤᠭᠤᠲᠤ ᠬᠤᠳᠠ᠂ ᠪᠠᠶᠠᠨᠨᠠᠭᠤᠷ ᠬᠤᠳᠠ ᠲᠤᠰ | ᠲᠤᠰ ᠶᠠᠰᠤ ᠴᠢᠨᠠᠷ ᠤᠨ ᠪᠠᠶᠢᠴᠠᠭᠠᠯᠲᠠ᠂ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠰᠡᠯᠪᠢᠨ ᠵᠠᠰᠠᠬᠤ | ᠦᠢᠯᠡᠴᠢᠯᠡᠭᠡ ᠶᠢᠨ ᠬᠠᠮᠢᠶᠠᠷᠤᠯᠲᠠ᠂ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠳᠦᠷᠪᠡᠨ ᠲᠠᠯ᠎ᠠ ᠪᠠᠷ | ᠨᠡᠶᠢᠲᠡᠯᠢᠭ ᠲᠤᠷᠰᠢᠯᠭ᠎ᠠ ᠪᠠᠨ ᠰᠤᠯᠢᠯᠴᠠᠪᠠ᠃ | ᠬᠦᠸᠧ ᠶᠤᠸᠡᠢ ᠳᠡᠳ᠋ ᠲᠤᠪᠴᠢᠶᠠᠨ ᠳᠠᠷᠤᠭ᠎ᠠ ᠶᠠᠷᠢᠶᠠᠨ ᠳᠠᠭᠠᠨ ᠵᠢᠭᠠᠭᠰᠠᠨ ᠨᠢ᠂ 2016 ᠣᠨ ᠪᠤᠯ ︽ | 13 · 5︾ ᠶᠢᠨ ᠡᠬᠢᠯᠡᠯᠲᠡ ᠶᠢᠨ ᠵᠢᠯ ᠮᠦᠨ᠂ ᠪᠦᠬᠦ ᠣᠷᠣᠨ ᠤ ᠵᠠᠭᠠᠯᠳᠤᠯᠭ᠎ᠠ ᠶᠢ ᠬᠢᠨᠠᠨ ᠬᠠᠮᠢᠶᠠᠷᠬᠤ ᠰᠠᠯᠠᠭ᠎ᠠ | ᠮᠥᠴᠢᠷ ᠡᠷᠬᠡᠪᠰᠢ ᠰᠢᠨ᠎ᠡ ᠪᠠᠶᠢᠳᠠᠯ ᠳᠤ ᠴᠢᠭᠯᠡᠭᠦᠯᠦᠨ ᠰᠢᠨ᠎ᠡ ᠪᠠᠷ ᠰᠡᠳᠬᠢᠵᠦ᠂ ᠰᠢᠨ᠎ᠡ ᠬᠤᠪᠢᠷᠠᠯᠲᠠ ᠭᠠᠷᠭᠠᠨ᠂ | ᠰᠢᠨ᠎ᠡ ᠠᠷᠭ᠎ᠠ᠂ ᠰᠢᠨ᠎ᠡ ᠠᠷᠭ᠎ᠠ ᠬᠡᠮᠵᠢᠶ᠎ᠡ ᠠᠪᠴᠤ᠂ ︽ᠳᠥᠷᠪᠡᠨ ᠦᠵᠡᠯ ᠤᠬᠠᠮᠰᠠᠷ︾ ᠢᠶᠠᠨ ᠴᠢᠩᠭᠠᠳᠬᠠᠬᠤ᠂ | ᠬᠠᠤᠯᠢ ᠲᠣᠭᠲᠠᠭᠠᠯ ᠢ ᠵᠢᠷᠤᠮᠯᠠᠬᠤ᠂ ᠠᠮᠵᠢᠯᠲᠠ ᠪᠦᠲᠦᠭᠡᠯ ᠭᠠᠷᠭᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ | ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠬᠦ᠂ ᠨᠡᠶᠢᠲᠡ ᠶᠢᠨ ᠲᠥᠯᠥᠭᠡ ᠭᠤᠶᠠᠴᠢ ᠦᠭᠡᠢ ᠵᠢᠳᠬᠦᠬᠦ ᠰᠠᠭᠤᠷᠢᠨ | ᠳᠡᠭᠡᠷ᠎ᠡ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠶᠠᠰᠤ ᠴᠢᠨᠠᠷ ᠤᠨ ᠪᠠᠶᠢᠴᠠᠭᠠᠯᠲᠠ᠂ | ᠪᠠᠷᠢᠶᠠᠮᠵᠢᠭᠤᠯᠤᠯᠲᠠ᠂ ᠲᠠᠷᠢᠶᠠᠯᠠᠩ ᠤᠨ ᠮᠧᠬᠠᠨᠢᠭ ᠢ ᠰᠡᠯᠪᠢᠨ ᠵᠠᠰᠠᠬᠤ ᠬᠠᠮᠢᠶᠠᠷᠤᠯᠲᠠ ᠵᠡᠷᠭᠡ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠠᠵᠢᠯ ᠤᠨ ᠰᠤᠷᠲᠠᠯ ᠢᠶᠠᠨ ᠴᠢᠷᠮᠠᠶᠢᠨ ᠬᠤᠪᠢᠷᠠᠭᠤᠯᠵᠤ᠂ ᠪᠣᠳᠠᠲᠠᠶ ᠠᠮᠵᠢᠯᠲᠠ ᠤᠯᠬᠤ | ᠬᠡᠷᠡᠭᠲᠡᠢ᠃ ᠰᠤᠷᠤᠨ᠎ᠠ ᠦᠷᠲᠡᠭᠡᠨ ᠳᠠᠷᠤᠭ᠎ᠠ ᠮᠠᠨ ᠤ ᠣᠷᠣᠨ ᠤ 2015 ᠤᠨ ᠤ ᠲᠠᠷᠢᠶᠠᠯᠠᠩ ᠤᠨ ᠮᠧᠬᠠᠨᠢᠭ ᠤᠨ | ᠶᠠᠰᠤ ᠴᠢᠨᠠᠷ ᠤᠨ ᠠᠵᠢᠯ ᠢ ᠳ᠋ᠦᠩᠨᠡᠪᠡ᠃ ᠲᠡᠷᠡᠴᠢᠯᠡᠨ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠮᠧᠬᠠᠨᠢᠭ ᠤᠨ ᠶᠠᠰᠤ ᠴᠢᠨᠠᠷ ᠤᠨ ᠵᠠᠭᠠᠯᠳᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ | ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠬᠤᠶᠢᠰᠢᠳᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠬᠡᠪ ᠪᠤᠯᠪᠠᠰᠤᠷᠠᠯ ᠢ ᠳᠡᠭᠡᠭᠰᠢᠯᠡᠭᠦᠯᠬᠦ᠂ ᠦᠵᠡᠯᠲᠡ ᠪᠠᠨ | ᠰᠢᠨᠡᠳᠬᠡᠬᠦ᠂ ᠠᠵᠢᠯ ᠢᠶᠠᠨ ᠠᠬᠢᠭᠤᠯᠬᠤ ᠪᠠᠷ ᠬᠠᠷᠠᠯᠲᠠ ᠪᠣᠯᠭᠠᠨ᠂ ᠲᠠᠷᠢᠶᠠᠯᠠᠩ ᠤᠨ ᠮᠠᠰᠢᠨᠴᠢᠯᠠᠯᠲᠠ ᠶᠢᠨ ᠶᠠᠰᠤ | ᠴᠢᠨᠠᠷ ᠤᠨ ᠠᠵᠢᠯ ᠢ ᠬᠦᠴᠦᠯᠡᠨ ᠴᠢᠩᠭᠠᠳᠬᠠᠵᠤ᠂ ᠲᠠᠷᠢᠶᠠᠯᠠᠩ ᠤᠨ ᠮᠧᠬᠠᠨᠢᠭ ᠤᠨ ᠲᠤᠷᠰᠢᠯᠲᠠ ᠶᠢᠨ ᠰᠢᠯᠭᠠᠨ | ᠲᠣᠭᠲᠠᠭᠠᠬᠤ ᠠᠵᠢᠯ ᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠮᠧᠬᠠᠨᠢᠭ ᠤᠨ ᠰᠡᠯᠪᠢᠨ | ᠵᠠᠰᠠᠬᠤ ᠬᠠᠮᠢᠶᠠᠷᠤᠯᠲᠠ ᠶᠢᠨ ᠠᠵᠢᠯ ᠢ ᠢᠳᠡᠪᠬᠢᠲᠡᠶ ᠭᠦᠨᠵᠡᠭᠡᠶᠢᠷᠡᠭᠦᠯᠵᠦ᠂ ᠲᠠᠷᠢᠶᠠᠯᠠᠩ ᠤᠨ ᠮᠠᠰᠢᠨᠴᠢᠯᠠᠯᠲᠠ ᠶᠢᠨ | ᠪᠠᠷᠢᠮᠵᠢᠶᠠᠵᠢᠭᠤᠯᠤᠯᠲᠠ ᠶᠢᠨ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠪᠠ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠮᠧᠬᠠᠨᠢᠭ ᠤᠨ ᠬᠤᠷᠰᠢᠶᠠᠨ ᠤ ᠵᠢᠷᠤᠮᠵᠢᠭᠤᠯᠬᠤ | ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ ᠭᠡᠪᠡ᠃ | ᠲᠤᠰ ᠤᠳᠠᠭᠠᠨ ᠤ ᠶᠠᠷᠢᠯᠴᠠᠬᠤ ᠬᠤᠷᠠᠯ ᠤᠨ ᠭᠤᠣᠯ ᠰᠡᠳᠦᠪ ᠲᠣᠳᠣᠷᠬᠠᠶ᠂ ᠦᠷ᠎ᠡ ᠪᠦᠲᠦᠭᠡᠯ ᠢᠯᠡᠷᠡᠬᠡᠢ᠂ | ᠵᠢᠱᠢᠭᠰᠡᠨ ᠦᠷ᠎ᠡ ᠪᠦᠲᠦᠭᠡᠯ ᠤᠯᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠧᠬᠠᠨᠢᠭ ᠤᠨ ᠶᠠᠰᠤ | ᠴᠢᠨᠠᠷ ᠤᠨ ᠵᠠᠭᠠᠯᠳᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ︽13 · 5︾ ᠶᠢᠨ | ᠲᠦᠯᠦᠪᠵᠢᠭᠦᠯᠭᠡ ᠶᠢ ᠪᠡᠶᠡᠯᠡᠭᠦᠯᠬᠦ ᠠᠰᠤᠷᠤ ᠰᠠᠢᠨ ᠡᠬᠢᠯᠡᠯᠲᠡ ᠪᠣᠯᠤᠭᠰᠠᠨ ᠨᠢᠭᠡ ᠤᠳᠠᠭᠠᠨ ᠤ ᠴᠢᠬᠤᠯᠠ ᠬᠤᠷᠠᠯ | ᠪᠤᠯᠤᠨ᠎ᠠ᠃ |