| 4 ᠳ᠋ᠤᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ 2016 | ᠣᠨ ᠤ ᠪᠦᠬᠦ ᠣᠷᠣᠨ ᠤ ᠭᠠᠮᠰᠢᠭ ᠢ ᠪᠠᠭᠠᠰᠬᠠᠨ ᠭᠠᠮᠰᠢᠭ ᠠᠴᠠ ᠲᠡᠩᠭᠡᠷᠡᠬᠦᠯᠬᠦ ᠠᠵᠢᠯ ᠤᠨ ᠶᠠᠷᠢᠯᠴᠠᠬᠤ ᠬᠤᠷᠠᠯ | ᠬᠢᠪᠡ᠃ ᠬᠤᠷᠠᠯ ᠠᠴᠠ ᠪᠦᠬᠦ ᠤᠯᠤᠰ ᠤᠨ ᠭᠠᠮᠰᠢᠭ ᠢ ᠪᠠᠭᠠᠰᠬᠠᠨ ᠭᠠᠮᠰᠢᠭ ᠠᠴᠠ ᠲᠡᠩᠭᠡᠷᠡᠭᠦᠯᠬᠦ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12·5︾ ᠶᠢᠨ | ᠲᠦᠯᠦᠪᠵᠢᠬᠦᠯᠭᠡ ᠶᠢᠨ ᠬᠤᠭᠤᠴᠠᠭᠠᠨ ᠤ ᠭᠠᠮᠰᠢᠭ ᠢ ᠪᠠᠭᠠᠰᠬᠠᠨ ᠭᠠᠮᠰᠢᠭ ᠠᠴᠠ ᠲᠡᠩᠭᠡᠷᠡᠭᠦᠯᠬᠦ ᠠᠵᠢᠯ ᠢ | ᠡᠷᠭᠢᠴᠡᠭᠦᠯᠦᠨ ᠳ᠋ᠦᠩᠨᠡᠵᠦ᠂ 2016 ᠣᠨ ᠤ ᠭᠠᠮᠰᠢᠭ ᠢ ᠪᠠᠭᠠᠰᠬᠠᠨ ᠭᠠᠮᠰᠢᠭ ᠠᠴᠠ ᠲᠡᠩᠭᠡᠷᠡᠭᠦᠯᠬᠦ ᠠᠵᠢᠯ ᠤᠨ | ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ ᠬᠥᠩ ᠸᠧᠶ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠤᠯᠠᠭᠠᠨᠬᠠᠳᠠ | ᠬᠤᠲᠠ ᠶᠢᠨ ᠳᠡᠳ᠋ ᠳᠠᠷᠤᠭ᠎ᠠ ᠳ᠋ᠦᠩ ᠯᠢᠶᠠᠨ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠡᠯ᠎ᠡ ᠠᠶᠢᠮᠠᠭ | ᠬᠤᠳᠠ ᠶᠢᠨ ᠬᠤᠪᠢᠳᠠᠨ ᠬᠠᠮᠢᠶᠠᠷᠬᠤ ᠲᠤᠪᠴᠢᠶ᠎ᠠ ᠶᠢᠨ ᠳᠠᠷᠤᠭ᠎ᠠ᠂ ᠭᠠᠮᠰᠢᠭ ᠠᠴᠠ ᠲᠡᠩᠭᠡᠷᠡᠭᠦᠯᠬᠦ ᠰᠠᠯᠠᠭᠠᠨ ᠤ | ᠳᠠᠷᠤᠭ᠎ᠠ ᠨᠠᠷ ᠬᠤᠷᠠᠯ ᠳᠤ ᠤᠷᠤᠯᠴᠠᠪᠠ᠃ | ᠬᠤᠷᠠᠯ ᠠᠴᠠ ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠪᠤᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠢ ᠤᠯᠤᠰ ᠠᠷᠠᠳ ᠤᠨ ᠠᠵᠤ ᠠᠬᠤᠶ ᠪᠤᠯᠤᠨ ᠨᠡᠶᠢᠭᠡᠮ ᠤᠨ ᠬᠥᠭᠵᠢᠯᠲᠡ ᠶᠢᠨ ᠴᠢᠬᠤᠯᠠ | ᠪᠠᠲᠤᠯᠠᠭ᠎ᠠ ᠪᠤᠯᠭᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠵᠢ ᠶᠢ ᠪᠠᠶᠢᠭᠤᠯᠬᠤ ᠪᠠᠷ ᠭᠤᠣᠯ | ᠠᠭᠤᠯᠭ᠎ᠠ ᠪᠣᠯᠭᠠᠵᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠥᠬᠦ ᠣᠷᠣᠨ ᠤ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ | ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠶᠡᠬᠡᠪᠡᠷ ᠴᠢᠩᠭᠠᠳᠬᠠᠵᠤ᠂ ︽ᠥᠪᠡᠷᠲᠡᠭᠡᠨ ᠵᠠᠰᠠᠬᠤ ᠣᠷᠣᠨ — ᠠᠶᠢᠮᠠᠭ ᠬᠤᠳᠠ — ᠬᠤᠰᠢᠭᠤ ᠰᠢᠶᠠᠨ︾ | ᠭᠤᠷᠪᠠᠨ ᠱᠠᠲᠤᠨ ᠤ ᠭᠠᠮᠰᠢᠭ ᠠᠴᠠ ᠲᠡᠩᠭᠡᠷᠡᠭᠦᠯᠬᠦ ᠡᠳ᠋ ᠪᠣᠳᠠᠰ ᠨᠥᠭᠡᠴᠡᠯᠡᠬᠦ ᠰᠢᠰᠲ᠋ᠧᠮᠵᠢ ᠶᠢ ᠠᠩᠬ᠎ᠠ ᠠᠯᠬᠤᠮ ᠪᠤᠢ | ᠪᠤᠯᠭᠠᠪᠠ᠃ ᠭᠠᠮᠰᠢᠭ ᠠᠴᠠ ᠲᠡᠩᠭᠡᠷᠡᠭᠦᠯᠬᠦ ᠪᠠᠴᠢᠮ ᠪᠠᠶᠢᠳᠠᠯ ᠢ ᠠᠷᠭᠠᠴᠠᠬᠤ ᠲᠡᠷᠭᠡ ᠬᠥᠰᠬᠡ᠂ ᠳᠠᠯᠠᠶ ᠶᠢᠨ | ᠶᠠᠪᠤᠳᠠᠯ ᠤᠨ ᠳᠠᠭᠠᠭᠤᠯᠢ ᠤᠳᠤ ᠵᠡᠷᠭᠡ ᠭᠠᠮᠰᠢᠭ ᠠᠴᠠ ᠲᠡᠩᠭᠡᠷᠡᠭᠦᠯᠬᠦ ᠪᠠᠴᠢᠮ ᠪᠠᠶᠢᠳᠠᠯ ᠢ ᠠᠷᠭᠠᠴᠠᠬᠤ ᠲᠤᠨᠤᠭ | ᠲᠥᠬᠦᠭᠡᠷᠦᠮᠵᠢ ᠶᠢ ᠬᠤᠳᠠᠯᠳᠤᠨ ᠠᠪᠤᠪᠠ᠃ ᠭᠠᠮᠰᠢᠭ ᠢ ᠬᠡᠮᠵᠢᠬᠦ᠂ ᠮᠡᠳᠡᠭᠡᠯᠡᠬᠦ᠂ ᠰᠡᠷᠭᠡᠶᠢᠯᠡᠬᠦ᠂ ᠡᠰᠡᠷᠭᠦᠴᠡᠬᠦ᠂ | ᠲᠡᠩᠭᠡᠷᠡᠭᠦᠯᠬᠦ᠂ ᠲᠤᠰᠠᠯᠠᠬᠤ ᠭᠤᠤᠯ ᠠᠷᠭ᠎ᠠ ᠬᠡᠮᠵᠢᠶ᠎ᠡ ᠤᠯᠠᠮ ᠴᠢᠩᠭᠠᠷᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠪᠤᠯᠤᠨ ᠭᠠᠮᠰᠢᠭ ᠢ ᠶᠡᠷᠦᠩᠬᠡᠶᠢᠯᠡᠨ ᠬᠠᠮᠢᠶᠠᠷᠬᠤ ᠬᠢᠷᠢ ᠬᠡᠮᠵᠢᠶ᠎ᠡ ᠶᠢ | ᠶᠡᠭᠡ ᠪᠠᠷ ᠳᠡᠭᠡᠭᠰᠢᠯᠡᠭᠦᠯᠵᠠᠢ ᠬᠡᠵᠤ ᠦᠵᠡᠪᠡ᠃ | ᠲᠢᠩᠬᠢᠮ ᠤᠨ ᠳᠡᠳ᠋ ᠳᠠᠷᠤᠭ᠎ᠠ ᠬᠥᠩ ᠸᠧᠶ ᠲᠢᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ 2016 | ᠣᠨ ᠤ ᠭᠠᠮᠰᠢᠭ ᠢ ᠪᠠᠭᠠᠰᠬᠠᠨ ᠭᠠᠮᠰᠢᠭ ᠠᠴᠠ ᠲᠡᠩᠭᠡᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠄ ᠨᠢᠭᠡ ᠳᠤ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠪᠠ ᠭᠠᠶ ᠭᠠᠮᠰᠢᠭ ᠤᠨ | ᠮᠡᠳᠡᠭᠡᠯᠡᠭᠴᠢ ᠶᠢᠨ ᠡᠩᠨᠡᠭᠡᠨ ᠤ ᠪᠠᠶᠢᠭᠤᠯᠤᠯᠲᠠ ᠵᠢᠴᠢ ᠪᠣᠯᠪᠠᠰᠤᠷᠠᠭᠤᠯᠤᠯ ᠤᠨ ᠠᠵᠢᠯ ᠢ ᠦᠨᠡᠨ ᠬᠦ ᠴᠢᠩᠭᠠᠳᠬᠠᠬᠤ | ᠬᠡᠷᠡᠭᠲᠠᠢ︔ ᠬᠤᠶᠠᠷ ᠲᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠢ ᠲᠦᠯᠬᠢᠨ | ᠠᠬᠢᠭᠤᠯᠬᠤ ᠬᠡᠷᠡᠭᠲᠠᠢ︔ ᠭᠤᠷᠪᠠ ᠳᠤ ᠭᠠᠮᠰᠢᠭ ᠠᠴᠠ ᠲᠡᠩᠭᠡᠷᠡᠭᠦᠯᠬᠦ ᠡᠳ᠋ ᠪᠣᠳᠠᠰ ᠨᠥᠭᠡᠴᠡᠯᠡᠬᠦ ᠰᠢᠰᠲ᠋ᠧᠮᠵᠢ ᠪᠣᠯᠤᠨ | ᠭᠠᠮᠰᠢᠭ ᠠᠴᠠ ᠲᠡᠩᠭᠡᠷᠡᠭᠦᠯᠬᠦ ᠪᠡᠯᠡᠳᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠠᠢ | ᠭᠡᠪᠡ᠃ | ᠬᠤᠷᠠᠯ ᠠᠴᠠ ᠪᠠᠰᠠ ᠡᠯ᠎ᠡ ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠭᠠᠮᠰᠢᠭ ᠠᠴᠠ | ᠲᠡᠩᠭᠡᠷᠡᠭᠦᠯᠬᠦ ᠬᠤᠪᠢᠳᠠᠨ ᠬᠠᠮᠢᠶᠠᠷᠴᠤ ᠪᠦᠬᠦᠢ ᠲᠤᠪᠴᠢᠶ᠎ᠠ ᠶᠢᠨ ᠳᠡᠳ᠋ ᠳᠠᠷᠤᠭ᠎ᠠ ᠪᠤᠯᠤᠨ ᠭᠠᠮᠰᠢᠭ ᠠᠴᠠ | ᠲᠡᠩᠭᠡᠷᠡᠭᠦᠯᠬᠦ ᠰᠠᠯᠠᠭᠠᠨ ᠤ ᠳᠠᠷᠤᠭ᠎ᠠ ᠨᠠᠷ ᠢ ᠵᠤᠬᠢᠶᠠᠨ ᠪᠠᠶᠢᠭᠤᠯᠵᠤ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ | ᠬᠤᠰᠢᠭᠤ ᠶᠢᠨ ᠳ᠋ᠠᠪᠠᠨ ᠪᠠᠯᠭᠠᠰᠤ ᠶᠢᠨ ᠭᠠᠮᠰᠢᠭ ᠠᠴᠠ ᠲᠡᠩᠭᠡᠷᠡᠭᠦᠯᠬᠦ ᠪᠡᠯᠡ ᠮᠥᠩᠭᠦ ᠶᠢ ᠬᠠᠮᠢᠶᠠᠷᠴᠤ ᠬᠡᠷᠡᠭᠯᠡᠵᠦ | ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠬᠦᠷᠴᠦ ᠲᠣᠭᠤᠷᠢᠨ ᠦᠵᠡᠪᠡ᠃ ᠬᠤᠷᠠᠯ ᠳᠤ ᠤᠷᠤᠯᠴᠠᠭᠰᠠᠳ | ᠪᠠᠭᠠᠷᠢᠨ ᠪᠠᠷᠠᠭᠤᠨ ᠬᠤᠰᠢᠭᠤ ᠶᠢᠨ ᠭᠠᠮᠰᠢᠭ ᠠᠴᠠ ᠲᠡᠩᠭᠡᠷᠡᠭᠦᠯᠬᠦ ᠪᠡᠯᠡ ᠮᠥᠩᠭᠦ ᠶᠢ ᠬᠠᠮᠢᠶᠠᠷᠴᠤ ᠬᠡᠷᠡᠭᠯᠡᠵᠦ ᠪᠠᠶᠢᠭ᠎ᠠ | ᠡᠭᠡ ᠲᠠᠩᠰᠠ ᠶᠢ ᠨᠠᠷᠢᠨ ᠨᠢᠭᠲᠠ ᠪᠠᠶᠢᠴᠠᠭᠠᠨ ᠦᠵᠡᠵᠤ ᠤᠶᠢᠯᠠᠭᠠᠭᠰᠠᠨ ᠤ ᠬᠠᠮᠲᠤ ᠬᠤᠰᠢᠭᠤ᠂ ᠪᠠᠯᠭᠠᠰᠤ᠂ | ᠭᠠᠴᠠᠭ᠎ᠠ ᠭᠤᠷᠪᠠᠨ ᠱᠠᠲᠤᠨ ᠤ ᠭᠠᠮᠰᠢᠭ ᠠᠴᠠ ᠲᠡᠩᠭᠡᠷᠡᠭᠦᠯᠬᠦ ᠪᠡᠯᠡ ᠮᠥᠩᠭᠦ ᠤᠯᠤᠭᠰᠠᠨ᠂ ᠬᠠᠮᠢᠶᠠᠷᠤᠭᠰᠠᠨ᠂ | ᠬᠡᠷᠡᠭᠯᠡᠭᠰᠡᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠤᠨᠤᠰᠤᠭᠰᠠᠨ ᠪᠠᠶᠢᠨ᠎ᠠ᠃ ᠲᠢᠩᠬᠢᠮ ᠤᠨ ᠳᠡᠳ᠋ | ᠳᠠᠷᠤᠭ᠎ᠠ ᠬᠥᠩ ᠸᠧᠶ ᠴᠦᠨ ᠪᠠᠭᠠᠷᠢᠨ ᠪᠠᠷᠠᠭᠤᠨ ᠬᠤᠰᠢᠭᠤ ᠶᠢᠨ ᠲᠤᠷᠰᠢᠯᠭ᠎ᠠ ᠪᠤᠯᠤᠨ ᠠᠷᠭ᠎ᠠ ᠶᠢ ᠭᠦᠢᠴᠡᠳ | ᠨᠤᠲᠠᠯᠠᠭᠰᠠᠨ ᠪᠥᠭᠡᠳ ᠰᠠᠭᠤᠷᠢ ᠲᠠᠯᠪᠢᠬᠤ᠂ ᠴᠢᠩᠭ᠎ᠠ ᠠᠳᠬᠤᠨ ᠪᠣᠳᠠᠲᠠᠶ ᠠᠳᠬᠤᠵᠤ᠂ ᠵᠢᠷᠤᠮᠵᠢᠯ ᠢ ᠠᠳᠬᠤᠨ᠂ | ᠦᠨᠡᠨᠴᠢ ᠨᠠᠶᠢᠳᠠᠪᠤᠷᠢᠲᠠᠶ ᠪᠠᠶᠢᠬᠤ᠂ ᠶᠠᠪᠤᠴᠠ ᠶᠢ ᠠᠳᠬᠤᠨ᠂ ᠮᠠᠲ᠋ᠧᠷᠢᠶᠠᠯ ᠢ ᠪᠠᠶᠢᠴᠠᠭᠠᠵᠤ ᠪᠤᠯᠬᠤ ᠪᠤᠯᠭᠠᠬᠤ᠂ | ᠪᠠᠷᠢᠮᠵᠢᠶ᠎ᠠ ᠶᠢ ᠠᠳᠬᠤᠨ᠂ ᠶᠣᠰᠣ ᠲᠠᠢ ᠪᠠᠷᠢᠮᠲᠠ ᠲᠠᠢ ᠪᠤᠯᠭᠠᠬᠤ ᠵᠡᠷᠭᠡ ᠭᠠᠮᠰᠢᠭ ᠠᠴᠠ ᠲᠡᠩᠭᠡᠷᠡᠭᠦᠯᠬᠦ ᠪᠡᠯᠡ | ᠮᠥᠩᠭᠦ ᠶᠢ ᠵᠢᠷᠤᠮᠵᠢᠭᠤᠯᠬᠤ᠂ ᠨᠠᠷᠢᠯᠢᠬᠵᠢᠭᠤᠯᠬᠤ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠬᠤ ᠲᠤᠬᠠᠢ | ᠳᠦᠷᠪᠡᠨ ᠪᠣᠳᠠᠲᠠᠶ ᠱᠠᠭᠠᠷᠳᠠᠯᠭ᠎ᠠ ᠳᠤᠷᠠᠳᠪᠠ᠃ |