ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠨ ᠠᠬᠤᠶ ᠲᠠᠯᠠᠪᠠᠶ ᠶᠢᠨ ᠬᠤᠷᠠᠯ ᠢ ᠦᠵᠦᠭᠦᠷ ᠪᠠᠯᠭᠠᠰᠤ ᠳᠤ ᠬᠢᠪᠡ
ᠨᠡᠶᠢᠲᠡᠯᠡᠭᠰᠡᠨ ᠴᠠᠭ᠄
2016/4/28
     4 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠨ ᠠᠬᠤ ᠲᠠᠯᠠᠪᠠᠢ ᠶᠢᠨ ᠬᠤᠷᠠᠯ ᠢ ᠤᠷᠳᠤᠰ ᠬᠤᠳᠠ ᠶᠢᠨ ᠦᠵᠦᠭᠦᠷ ᠪᠠᠯᠭᠠᠰᠤ ᠳᠤ ᠬᠤᠷᠠᠯᠳᠤᠭᠤᠯᠪᠠ᠃ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠪᠣᠯ ︽ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾᠎ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠨᠢᠭᠡᠨ ᠴᠢᠬᠤᠯᠠ ᠠᠵᠢᠯ ᠮᠥᠨ᠃ ᠡᠨᠡ ᠤᠳᠠᠭᠠᠨ ᠤ ᠬᠤᠷᠠᠯ ᠪᠣᠯ ᠨᠢᠭᠡᠨ ᠤᠳᠠᠭᠠᠨ ᠤ ᠲᠤᠷᠰᠢᠯᠭ᠎ᠠ ᠰᠣᠯᠢᠯᠴᠠᠬᠤ ᠬᠤᠷᠠᠯ ᠪᠣᠯᠬᠤ ᠮᠥᠷᠲᠡᠭᠡᠨ ᠲᠦᠷᠦᠯ ᠵᠦᠢᠯ ᠢ ᠲᠦᠯᠬᠢᠨ ᠠᠬᠢᠭᠤᠯᠬᠤ ᠬᠤᠷᠠᠯ ᠪᠣᠯᠣᠨ᠎ᠠ᠃      ᠬᠤᠷᠠᠯ ᠳᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠭᠦᠸᠧ ᠵᠢᠶᠠᠨ ᠠᠴᠠ ᠪᠠᠶᠠᠷ ᠤᠨ ᠦᠭᠡ ᠬᠡᠯᠡᠭᠰᠡᠨ ᠤ ᠬᠠᠮᠲᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠷᠢᠮᠵᠢᠶᠠᠵᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠪᠠᠨ ᠲᠠᠨᠢᠯᠴᠠᠭᠤᠯᠪᠠ ᠃ ᠬᠥᠬᠡᠬᠤᠲᠠ᠂ ᠪᠤᠭᠤᠲᠤ᠂ ᠣᠷᠳᠣᠰ ᠬᠤᠲᠠ ᠶᠢᠨ ᠶᠠᠰᠤ ᠴᠢᠨᠠᠷ ᠤᠨ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ3 ᠨᠢᠭᠡᠴᠡ ᠠᠴᠠ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠥᠷᠨᠢᠭᠦᠯᠵᠦ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠦᠯᠪᠡ᠃      ᠭᠤᠣ ᠶᠢᠩ ᠵᠢᠶᠧ ᠶᠠᠷᠢᠶᠠᠨ ᠳᠠᠭᠠᠨ ᠳᠤᠷᠠᠳᠤᠭᠰᠠᠨ ᠲᠦᠷᠪᠡᠨ ᠤᠨ ᠰᠠᠨᠠᠯ ᠳᠤᠷᠠᠳᠪᠠ᠃ ᠨᠢᠭᠡ ᠳᠤ ᠲᠠᠨᠢᠯᠲᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠦ ᠬᠡᠷᠡᠭᠲᠡᠢ᠃ ᠬᠤᠶᠠᠷ ᠲᠤ ᠲᠠᠨᠢᠯᠲᠠ ᠪᠠ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠪᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠦ ᠬᠡᠷᠡᠭᠲᠡᠢ᠃ ᠭᠤᠷᠪᠠ ᠳᠤ ᠠᠵᠤ ᠦᠢᠯᠡᠰ ᠤᠨ ᠪᠦᠯᠦᠭᠯᠡᠯ ᠢ ᠪᠠᠷᠢᠮᠵᠢᠶᠠᠵᠢᠭᠤᠯᠬᠤ ᠲᠤᠷᠰᠢᠯᠲᠠ ᠶᠢᠨ ᠲᠥᠷᠥᠯ ᠵᠦᠢᠯ ᠤᠨ ᠠᠵᠢᠯ ᠤᠨ ᠠᠬᠢᠴᠠ ᠶᠢ ᠤᠷᠤᠭᠰᠢᠲᠠᠶ ᠪᠠᠶᠢᠯᠭᠠᠬᠤ ᠬᠡᠷᠡᠭᠲᠡᠢ᠃ ᠳᠥᠷᠪᠡ ᠳᠤ ᠡᠯ᠎ᠡ ᠱᠠᠲᠤᠨ ᠤ ᠶᠠᠰᠤ ᠴᠢᠨᠠᠷ ᠤᠨ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠲᠤ ᠳᠥᠷᠪᠡᠨ ᠱᠠᠭᠠᠷᠳᠠᠯᠭ᠎ᠠ ᠳᠤᠷᠠᠳᠪᠠ᠂ ᠨᠢᠭᠡ ᠳᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠢᠳᠤᠷᠭᠤ ᠭᠦᠢᠴᠡᠳᠬᠡᠭᠴᠢ ᠪᠣᠯᠬᠤ ᠬᠡᠷᠡᠭᠲᠡᠢ᠂ ᠬᠤᠶᠠᠷ ᠲᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠤᠬᠠᠭᠤᠯᠤᠭᠴᠢ ᠪᠣᠯᠬᠤ ᠬᠡᠷᠡᠭᠲᠡᠢ᠂ ᠭᠤᠷᠪᠠ ᠳᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠢᠯᠢᠳᠡᠭ ᠦᠢᠯᠡᠴᠢᠯᠡᠭᠴᠢ ᠪᠣᠯᠬᠤ ᠬᠡᠷᠡᠭᠲᠡᠢ᠂ ᠳᠥᠷᠪᠡ ᠳᠤ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠯᠲᠠ ᠲᠠᠯᠪᠢᠭᠴᠢ ᠪᠣᠯᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号