2016 ᠣᠨ ᠤ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠲᠣᠣᠷ ᠰᠦᠯᠵᠢᠶᠡᠨ ᠤ ᠬᠠᠷᠠᠭᠠᠨ ᠲᠠᠪᠳᠠᠮᠵᠢᠳᠤ ᠬᠤᠷᠠᠯ ᠬᠢᠪᠡ
ᠨᠡᠶᠢᠲᠡᠯᠡᠭᠰᠡᠨ ᠴᠠᠭ᠄
2016/4/28
     4 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 2016 ᠣᠨ ᠤ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠲᠣᠣᠷ ᠰᠦᠯᠵᠢᠶᠡᠨ ᠤ ᠬᠠᠷᠠᠭᠠᠨ ᠲᠠᠪᠳᠠᠮᠵᠢᠳᠤ ᠬᠤᠷᠠᠯ ᠬᠢᠵᠦ᠂ ᠲᠤᠰ ᠬᠤᠷᠠᠯ ᠤᠨ ᠭᠤᠣᠯ ᠲᠠᠯᠠᠪᠠᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠲᠣᠬᠢᠷᠠᠭᠤᠯᠵᠤ᠂ ᠠᠶᠢᠮᠠᠭ ᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠵᠢᠴᠢ ᠬᠡᠰᠡᠭ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠬᠤᠢ ᠵᠦᠩ ᠭᠤᠣᠯ ᠲᠠᠯᠠᠪᠠᠢ ᠶᠢᠨ ᠬᠤᠷᠠᠯ ᠳᠤ ᠣᠷᠤᠯᠴᠠᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ᠂ ᠰᠤᠷᠤᠭᠴᠢ ᠡᠯᠰᠡᠬᠦ ᠠᠵᠢᠯ ᠣᠯᠭᠤᠬᠤ ᠭᠠᠵᠠᠷ ︵ᠠᠵᠢᠯ ᠣᠯᠭᠤᠬᠤ ᠵᠢᠯᠣᠭᠤᠳᠬᠤ ᠲᠥᠪ᠂ ᠰᠤᠳᠤᠯᠬᠤ ᠰᠤᠷᠤᠭᠴᠢ ᠶᠢᠨ ᠬᠦᠷᠢᠶᠡᠯᠡᠩ︶᠎ ᠤᠨ ᠳᠠᠷᠤᠭ᠎ᠠ ︵ᠡᠷᠬᠢᠯᠡᠭᠴᠢ᠂ ᠬᠦᠷᠢᠶᠡᠯᠡᠩ ᠤᠨ ᠳᠠᠷᠤᠭ᠎ᠠ︶᠂ ᠬᠡᠰᠡᠭ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ ᠪᠥᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠨᠡᠶᠢᠳᠡ 400 ᠭᠠᠷᠤᠶ ᠬᠥᠮᠦᠨ ᠬᠤᠷᠠᠯ ᠳᠤ ᠣᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽13·5︾᠎ ᠶᠢᠨ ᠬᠤᠭᠤᠴᠠᠭ᠎ᠠ ᠪᠣᠯ ᠮᠠᠨ ᠤ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤ ᠮᠦᠨ᠂ ᠪᠥᠬᠦ ᠣᠷᠣᠨ ᠤ 2016 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠᠷᠤᠭ 12 ᠲᠦᠮᠨ ᠳᠤ ᠬᠦᠷᠴᠦ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠪᠠᠶᠢᠳᠠᠯ ᠮᠦᠨᠬᠦ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠣᠳᠣᠬᠠᠨ ᠤ ᠡᠯ᠎ᠡ ᠵᠦᠢᠯ ᠤᠨ ᠠᠰᠢᠭᠲᠠᠶ ᠨᠥᠬᠦᠴᠡᠯ ᠢ ᠵᠠᠪᠳᠤᠵᠤ᠂ ︽ᠠᠵᠢᠯ ᠣᠯᠭᠤᠯᠲᠠ ᠶᠢ ᠠᠬᠢᠭᠤᠯᠬᠤ︾ ᠪᠠ ︽ᠠᠳᠠᠯ ᠦᠢᠯᠡᠰ ᠴᠣᠭᠴᠠᠯᠠᠬᠤ ᠶᠢ ᠬᠦᠲᠦᠯᠦᠨ ᠳᠠᠭᠠᠭᠤᠯᠬᠤ︾ ᠬᠤᠶᠠᠷ ᠵᠦᠢᠯ ᠤᠨ ᠲᠥᠯᠥᠪᠯᠡᠭᠡ ᠶᠢ ᠬᠡᠷᠡᠭᠵᠢᠭᠦᠯᠬᠦ ᠪᠠᠷ ᠭᠠᠷᠳᠠᠯ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠬᠠᠮᠵᠢᠯᠴᠠᠨ ᠠᠬᠢᠭᠤᠯᠬᠤ ᠶᠢ ᠪᠠᠷᠢᠮᠳᠠᠯᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠩᠬᠠᠨ ᠤ ᠠᠵᠢᠯ ᠣᠯᠭᠤᠯᠲᠠ ᠶᠢᠨ ᠨᠤᠷᠮ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠦᠷᠭᠦᠯᠵᠢᠯᠡᠨ ᠪᠠᠲᠤᠯᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠬᠥᠮᠦᠵᠢᠯ ᠢ ᠨᠡᠩ ᠪᠣᠳᠠᠲᠤ ᠦᠷ᠎ᠡ ᠪᠦᠲᠦᠮᠵᠢᠲᠡᠢ ᠲᠠᠢ ᠪᠣᠯᠭᠠᠬᠤ ᠬᠡᠷᠡᠭᠲᠡᠢ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠬᠤᠶᠠᠷ ᠲᠤ ᠰᠢᠨ᠎ᠡ ᠶᠢ ᠡᠭᠦᠳᠦᠨ ᠬᠦᠭᠵᠢᠭᠦᠯᠬᠦ ᠶᠢ ᠪᠠᠷᠢᠮᠲᠠᠯᠠᠨ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠵᠣᠬᠢᠴᠠᠭᠤᠯᠤᠨ ᠬᠦᠭᠵᠢᠭᠦᠯᠬᠦ ᠶᠢ ᠪᠠᠷᠢᠮᠲᠠᠯᠠᠨ᠂ ᠲᠡᠭᠦᠰᠦᠭᠰᠡᠳ ᠤᠨ ᠲᠤᠭ᠎ᠠ ᠪᠦᠷᠢᠳᠬᠡᠯ ᠤᠨ ᠠᠵᠢᠯ ᠤᠨ ᠤᠳᠤᠷᠢᠳᠤᠮᠵᠢ ᠶᠢᠨ ᠦᠢᠯᠡᠳᠦᠯ ᠢ ᠴᠢᠩᠭᠠᠷᠠᠭᠤᠯᠵᠤ᠂ ᠴᠢᠳᠠᠪᠤᠷᠢᠲᠠᠨ ᠢ ᠬᠦᠮᠦᠵᠢᠭᠦᠯᠬᠦ ᠪᠠ ᠨᠡᠶᠢᠭᠡᠮ ᠤᠨ ᠬᠡᠷᠡᠭᠴᠡᠭᠡᠨ ᠤ ᠨᠡᠶᠢᠯᠡᠯᠲᠡ ᠶᠢᠨ ᠬᠡᠮᠵᠢᠶ᠎ᠡ ᠶᠢ ᠤᠯᠠᠮ ᠳᠡᠭᠡᠭᠰᠢᠯᠡᠭᠦᠯᠬᠦ ᠬᠡᠷᠡᠭᠲᠡᠶ᠃ ᠲᠦᠷᠪᠡ ᠳᠤ ᠪᠣᠬᠢᠷᠲᠤᠯ ᠦᠭᠡᠢ ᠬᠥᠭᠵᠢᠯᠲᠡ ᠶᠢ ᠪᠠᠷᠢᠮᠳᠠᠯᠠᠨ᠂ ᠨᠠᠷᠢᠨ ᠣᠨᠤᠪᠴᠢᠲᠠᠢ ᠪᠠᠷ ᠳᠥᠯᠭᠢᠨ ᠬᠦᠷᠭᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠬᠢᠷᠢ ᠲᠥᠪᠰᠢᠨ ᠢ ᠤᠯᠠᠮ ᠳᠡᠭᠡᠭᠰᠢᠯᠡᠭᠦᠯᠬᠦ ᠬᠡᠷᠡᠭᠲᠡᠶ᠃ ᠲᠠᠪᠤ ᠳᠤ ᠨᠡᠬᠡᠬᠡᠯᠲᠡ ᠲᠠᠢ ᠬᠦᠭᠵᠢᠭᠦᠯᠬᠦ ᠶᠢ ᠪᠠᠷᠢᠮᠳᠠᠯᠠᠨ᠂ ᠠᠵᠢᠯ ᠣᠯᠭᠤᠬᠤ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠬᠢᠴᠠᠬᠤ ᠠᠵᠢᠯ ᠤᠨ ᠪᠠᠶᠢᠷᠢ ᠶᠢ ᠨᠡᠩ ᠤᠯᠠᠨ ᠡᠭᠦᠳᠦᠨ ᠪᠦᠲᠦᠭᠡᠬᠦ ᠬᠡᠷᠡᠭᠲᠡᠢ᠃ ᠵᠢᠷᠭᠤᠭ᠎ᠠ ᠳᠤ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠳᠠᠯᠠᠨ᠂ ᠠᠵᠢᠯ ᠣᠯᠭᠤᠬᠤ ᠲᠤᠰᠠᠯᠠᠮᠵᠢ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠮᠠᠨ ᠤ ᠣᠷᠣᠨ ᠤ ᠠᠵᠢᠯ ᠤᠯᠬᠤ ᠳᠤ ᠬᠦᠴᠢᠷᠲᠡᠶ ᠪᠠᠶᠢᠭ᠎ᠠ ᠨᠡᠶᠢᠲᠡ ᠤᠯᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠲᠤᠭ᠎ᠠ ᠶᠢᠨ ︽ᠬᠤᠣᠰ ᠳᠡᠭᠡᠭᠰᠢᠯᠡᠭᠦᠯᠦᠯᠲᠡ︾᠎ ᠶᠢ ᠲᠦᠯᠬᠢᠨ ᠠᠬᠢᠭᠤᠯᠬᠤ ᠬᠡᠷᠡᠭᠲᠡᠢ᠃      ᠬᠤᠷᠠᠯ ᠳᠡᠭᠡᠷ᠎ᠡ᠂ ᠸᠠᠩ ᠬᠤᠢ ᠵᠦᠩ ᠨᠥᠬᠦᠷ ︽ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠳᠤ ᠦᠢᠯᠡᠴᠢᠯᠡᠬᠦ ᠲᠠᠪᠴᠠᠩ︾᠎ ᠢ ᠡᠬᠢᠯᠡᠭᠦᠯᠪᠡ᠃ ᠲᠤᠰ ︽ᠲᠠᠪᠴᠠᠩ︾᠎ ᠨᠢ ︽ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠮᠡᠳᠡᠭᠡ ᠵᠠᠩᠭᠢ ᠶᠢᠨ ᠰᠦᠯᠵᠢᠶ᠎ᠡ︾᠎ ᠪᠠᠷ ᠭᠠᠳᠠᠭᠠᠳᠤ ᠦᠢᠯᠡᠴᠢᠯᠡᠭᠡᠨ ᠤ ᠡᠭᠦᠳᠡ ᠪᠣᠯᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠤᠷᠢᠨ ᠡᠯᠰᠡᠬᠦ ᠬᠠᠮᠢᠶᠠᠷᠤᠯᠲᠠ᠂ ᠲᠡᠭᠦᠰᠦᠭᠰᠡᠳ ᠤᠨ ᠠᠵᠢᠯ ᠡᠷᠢᠬᠦ ᠬᠠᠮᠢᠶᠠᠷᠤᠯᠲᠠ᠂ ᠶᠡᠭᠡ ᠳᠡᠭᠡᠳᠦ ᠰᠤᠷᠭᠠᠭᠤᠯᠢ ᠶᠢᠨ ᠤᠷᠢᠵᠤ ᠡᠯᠰᠡᠬᠦ ᠬᠤᠷᠠᠯ ᠤᠨ ᠬᠠᠮᠢᠶᠠᠷᠤᠯᠲᠠ᠂ ᠠᠵᠢᠯ ᠣᠯᠭᠤᠬᠤ ᠠᠵᠢᠯ ᠤᠨ ᠬᠠᠮᠢᠶᠠᠷᠤᠯᠲᠠ᠂ ᠠᠯᠤᠰ ᠠᠴᠠ ᠨᠢᠭᠤᠷᠳᠠᠨ ᠰᠢᠯᠭᠠᠬᠤ ᠬᠠᠮᠢᠶᠠᠷᠤᠯᠲᠠ ᠶᠢᠨ ᠲᠠᠪᠤᠨ ᠬᠤᠪᠢᠶᠠᠷᠢ ᠰᠢᠰᠲ᠋ᠧᠮ ᠳᠤ ᠲᠦᠰᠢᠭᠯᠡᠨ᠂ ᠰᠦᠯᠵᠢᠶᠡᠨ ᠳᠡᠭᠡᠷ᠎ᠡ ᠠᠵᠢᠯ ᠡᠷᠢᠬᠦ ᠤᠷᠢᠵᠤ ᠡᠯᠰᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠳᠤᠨᠢ ᠤᠷᠢᠵᠤ ᠡᠯᠰᠡᠬᠦ᠂ ᠠᠯᠤᠰ ᠬᠠᠷᠠᠭᠠᠨ ᠳᠠᠪᠲᠠᠮᠵᠢ ᠪᠠᠷ ᠨᠢᠭᠤᠷᠲᠠᠨ ᠰᠢᠯᠭᠠᠬᠤ᠂ ᠲᠣᠣᠷ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ᠲᠤᠬᠠᠶᠢᠯᠠᠭᠰᠠᠨ ᠠᠵᠢᠯ ᠤᠨ ᠬᠡᠪ ᠵᠠᠭᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠪᠠᠷ ᠳᠠᠮᠵᠢᠨ᠂ ᠮᠠᠨ ᠤ ᠣᠷᠣᠨ ᠤ ᠨᠤᠲᠤᠭ ᠳᠡᠪᠢᠰᠭᠡᠷ ᠨᠠᠷᠢᠨ ᠤᠷᠲᠤ ᠪᠠᠶᠢᠬᠤ᠂ ᠶᠡᠭᠡ ᠳᠡᠭᠡᠳᠦ ᠰᠤᠷᠭᠠᠭᠤᠯᠢ ᠨᠢ ᠲᠠᠷᠠᠬᠠᠶ ᠪᠤᠲᠠᠷᠬᠠᠶ ᠪᠠᠶᠢᠷᠢᠰᠢᠭᠰᠠᠨ᠂ ᠲᠡᠭᠦᠰᠦᠭᠰᠡᠨ ᠰᠤᠷᠤᠭᠴᠢ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠤᠷᠢᠵᠤ ᠡᠯᠰᠡᠬᠦ ᠥᠪᠡᠷ ᠤᠨ ᠦᠷᠳᠡᠭ ᠨᠢ ᠬᠡᠳᠦ ᠥᠨᠳᠥᠷ ᠪᠠᠶᠢᠭ᠎ᠠ ᠪᠠ ᠭᠠᠵᠠᠷ ᠣᠷᠣᠨ ᠤ ᠬᠤᠭᠤᠷᠤᠨᠳᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠮᠡᠳᠡᠭᠡ ᠵᠠᠩᠭᠢ ᠲᠡᠭᠰᠢ ᠦᠭᠡᠢ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号