ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠳᠡᠰ ᠤᠨ ︽ᠤᠶᠤᠲᠠᠳ ᠤᠨ ᠠᠳᠠᠯ ᠦᠢᠯᠡᠰ ᠴᠤᠭᠴᠠᠯᠠᠬᠤ ᠲᠥᠯᠥᠪᠯᠡᠭᠡ︾᠎ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2016/4/28
      ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠠᠳᠠᠯ ᠦᠢᠯᠡᠰ ᠴᠤᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠢ ᠬᠦᠨᠵᠡᠭᠡᠶᠢᠷᠡᠭᠦᠯᠦᠨ ᠲᠦᠯᠬᠢᠨ ᠠᠬᠢᠭᠤᠯᠬᠤ ᠬᠠᠷᠠᠭᠠᠨ ᠳᠠᠪᠲᠠᠮᠵᠢᠲᠤ ᠬᠤᠷᠠᠯ ᠥᠴᠥᠭᠡᠳᠦᠷ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠲᠤᠲᠤᠷᠬᠠᠶᠢᠯᠠᠭᠰᠠᠨ ᠨᠢ᠂ ᠡᠨᠡ ᠵᠢᠯ ᠠᠴᠠ ᠡᠬᠢᠯᠡᠨ᠂ ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ 2016 ᠣᠨ ᠳᠤ 200 ᠲᠦᠷᠦᠯ ᠵᠦᠢᠯ ᠢ ᠲᠡᠮᠵᠢᠵᠤ᠂ 2020 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ︽ᠤᠶᠤᠲᠠᠳ ᠤᠨ ᠠᠲᠠᠯ ᠦᠢᠯᠡᠰ ᠴᠤᠭᠴᠠᠯᠠᠬᠤ ᠲᠥᠯᠥᠪᠯᠡᠭᠡ︾᠎ ᠳᠤ 1000 ᠵᠦᠢᠯ ᠢ ᠪᠡᠶᠡᠯᠡᠭᠦᠯᠬᠦ ᠪᠠᠷ ᠲᠦᠯᠦᠪᠯᠡᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ︽ᠤᠶᠤᠲᠠᠳ ᠤᠨ ᠠᠳᠠᠯ ᠦᠢᠯᠡᠰ ᠴᠤᠭᠴᠠᠯᠠᠬᠤ ᠲᠥᠯᠥᠪᠯᠡᠭᠡ︾᠎ ᠨᠢ ᠭᠤᠣᠯᠳᠠᠭᠤ ᠵᠢᠩᠬᠢᠨᠢ ᠠᠩᠬᠢ ᠶᠢᠨ ᠤᠶᠤᠲᠠᠨ ᠳᠤ ᠬᠠᠨᠳᠤᠭᠤᠯᠤᠨ᠂ ᠶᠡᠭᠡ ᠰᠤᠷᠭᠠᠭᠤᠯᠢ ᠶᠢᠨ ᠬᠤᠶᠠᠳᠤᠭᠠᠷ ᠤᠨ ᠤ ᠰᠤᠷᠤᠭᠴᠢ ᠪᠠᠷ ᠭᠤᠣᠯ ᠪᠤᠯᠭᠠᠪᠠ᠂ ᠡᠭᠦᠨ ᠳᠤ ᠭᠤᠣᠯᠳᠠᠭᠤ ᠰᠢᠨ᠎ᠡ ᠶᠢ ᠡᠭᠦᠳᠬᠦ ᠪᠣᠯᠪᠠᠰᠤᠷᠠᠯ ᠤᠨ ᠲᠦᠷᠦᠯ ᠵᠦᠢᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠦᠷᠦᠯ ᠵᠦᠢᠯ ᠪᠤᠯᠤᠨ ᠠᠳᠠᠯ ᠦᠢᠯᠡᠰ ᠴᠤᠭᠴᠠᠯᠠᠬᠤ ᠦᠢᠯᠡᠳᠦᠯᠭᠡ ᠶᠢᠨ ᠲᠦᠷᠦᠯ ᠵᠦᠢᠯ ᠪᠠᠭᠲᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠦᠷᠦᠯ ᠵᠦᠢᠯ ᠨᠢᠭᠡᠪᠦᠷᠢ ᠳᠤ 1 ᠲᠦᠮᠡᠨ ᠲᠥᠭᠦᠷᠢᠭ ᠤᠨ ᠡᠳ᠋ ᠮᠥᠩᠭᠦ ᠦᠭᠭᠦᠨ᠎ᠡ᠂ ᠲᠦᠯᠦᠪᠯᠡᠭᠡ ᠳᠤ ᠤᠷᠤᠯᠴᠠᠭᠰᠠᠨ ᠰᠤᠷᠭᠠᠭᠤᠯᠢ ᠨᠢ 1᠄ 1᠎ ᠠᠴᠠ ᠳᠡᠭᠡᠭᠰᠢᠬᠢ ᠬᠠᠷᠢᠴᠠᠯ ᠢᠶᠠᠷ ᠦᠪᠡᠷᠲᠡᠭᠡᠨ ᠵᠠᠷᠤᠳᠠᠯ ᠪᠡᠯᠡᠳᠭᠡᠨ ᠢᠵᠢ ᠪᠦᠷᠢᠳᠦᠭᠦᠯᠬᠦ ᠶᠢᠨ ᠬᠠᠮᠲᠤ᠂ ᠰᠤᠷᠭᠠᠭᠤᠯᠢ ᠶᠢᠨ ᠵᠢᠱᠢᠶ᠎ᠡ ᠦᠵᠡᠭᠦᠯᠬᠦ ᠴᠢᠨᠠᠷᠲᠠᠶ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠡᠯ᠎ᠡ ᠲᠦᠷᠦᠯ ᠤᠨ ᠨᠡᠭᠡᠭᠡᠯᠲᠡᠲᠦ ᠲᠤᠷᠰᠢᠯᠲᠠ ᠶᠢᠨ ᠲᠠᠰᠤᠭ ᠪᠣᠯᠤᠨ ᠡᠯ᠎ᠡ ᠱᠠᠲᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠠᠴᠠ ᠲᠦᠷᠦᠯ ᠵᠦᠢᠯ ᠳᠤ ᠣᠷᠣᠯᠴᠠᠭᠰᠠᠨ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠲᠤᠷᠰᠢᠯᠲᠠ ᠶᠢᠨ ᠲᠠᠯᠠᠪᠤᠷ ᠪᠤᠯᠤᠨ ᠲᠤᠷᠰᠢᠯᠲᠠ ᠶᠢᠨ ᠪᠠᠭᠠᠵᠢ ᠬᠡᠮᠵᠢᠭᠦᠷᠯᠢᠭ ᠬᠠᠨᠭ᠍ᠭᠠᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠠᠴᠠ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠡᠭᠦᠷᠭᠡ ᠶᠢ ᠡᠭᠦᠷᠭᠡᠯᠡᠵᠤ᠂ ᠰᠤᠷᠤᠭᠴᠢᠳ ᠲᠤ ᠮᠡᠷᠭᠡᠵᠢᠯ᠂ ᠲᠠᠯᠠᠪᠤᠷ᠂ ᠲᠦᠷᠦ ᠶᠢᠨ ᠪᠤᠳᠤᠯᠭ᠎ᠠ᠂ ᠬᠠᠮᠢᠶᠠᠷᠤᠯᠲᠠ ᠵᠡᠷᠭᠡ ᠶᠢᠨ ᠳᠡᠮᠵᠢᠯᠭᠡ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠦᠢᠯᠡᠴᠢᠯᠡᠭᠡ ᠬᠠᠨᠭ᠍ᠭᠠᠬᠤ ᠪᠤᠯᠤᠨ᠎ᠠ᠃ ᠶᠡᠭᠡ ᠰᠤᠷᠭᠠᠭᠤᠯᠢ ᠶᠢᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠤᠭᠴᠠᠯᠠᠬᠤ ᠬᠠᠯᠠᠭᠤᠨ ᠵᠣᠷᠢᠭ ᠢ ᠬᠥᠭᠵᠢᠭᠡᠬᠦ ᠪᠠ ᠬᠠᠮᠠᠭᠠᠯᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠭᠠᠷᠳᠠᠭᠰᠠᠨ ᠨᠢ᠂ ᠡᠯ᠎ᠡ ᠳᠡᠭᠡᠳᠦ ᠰᠤᠷᠭᠠᠭᠤᠯᠢ ᠨᠤᠭᠤᠳ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠ ᠠᠳᠠᠯ ᠦᠢᠯᠡᠰ ᠴᠤᠭᠴᠠᠯᠠᠬᠤ ᠲᠠᠢ ᠲᠣᠬᠢᠷᠠᠯᠴᠠᠭᠰᠠᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ 2017 ᠤᠨ ᠤ ᠡᠴᠦᠰ ᠪᠤᠯᠬᠤ ᠳᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠤᠷᠤᠯᠭ᠎ᠠ ᠶᠢᠨ ᠬᠤᠪᠢ ᠬᠤᠷᠠᠮᠳᠤᠭᠤᠯᠬᠤ ᠪᠠ ᠤᠯᠠᠷᠢᠭᠤᠯᠬᠤ ᠲᠦᠷᠢᠮ ᠢ ᠪᠠᠶᠢᠭᠤᠯᠵᠤ᠂ ᠰᠤᠷᠤᠭᠴᠢᠳ ᠤᠨ ᠰᠢᠨ᠎ᠡ ᠶᠢ ᠡᠭᠦᠳᠬᠦ ᠲᠤᠷᠰᠢᠯᠲᠠ ᠦᠷᠨᠢᠬᠦᠯᠬᠦ᠂ ᠥᠭᠦᠯᠡᠯ ᠨᠡᠶᠢᠲᠡᠯᠡᠬᠦ᠂ ᠲᠤᠰᠬᠠᠶ ᠠᠰᠢᠭ ᠤᠯᠭᠤᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠪᠠᠶᠢᠳᠠᠯ ᠢ ᠰᠤᠷᠤᠯᠭ᠎ᠠ ᠶᠢᠨ ᠬᠤᠪᠢ ᠪᠣᠯᠭᠠᠨ ᠪᠤᠳᠤᠵᠤ᠂ ᠰᠤᠷᠤᠭᠴᠢᠳ ᠰᠡᠳᠦᠪ ᠤᠨ ᠰᠤᠳᠤᠯᠭ᠎ᠠ᠂ ᠲᠥᠷᠥᠯ ᠵᠦᠢᠯ ᠤᠨ ᠲᠤᠷᠰᠢᠯᠲᠠ ᠵᠡᠷᠭᠡ ᠠᠵᠢᠯᠯᠠᠭ᠎ᠠ ᠳᠤ ᠤᠷᠤᠯᠴᠠᠬᠤ ᠶᠢ ᠬᠢᠴᠢᠶᠡᠯ ᠬᠦᠮᠦᠵᠢᠯ ᠢᠶᠠᠷ ᠦᠵᠡᠬᠦ ᠬᠡᠷᠡᠭᠲᠠᠢ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号