ᠡᠨᠡ ᠵᠢᠯ ᠠᠴᠠ ᠡᠬᠢᠯᠡᠨ ᠥᠪᠥᠷ ᠮᠣᠩᠭᠤᠯ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠳᠦᠷᠦ ᠶᠢᠨ | ᠪᠤᠳᠤᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶ᠎ᠠ ᠶᠢ | ᠲᠣᠭᠲᠠᠭᠠᠬᠤ ᠲᠤᠭ᠎ᠠ᠂ ᠵᠣᠭᠤᠰ ᠮᠥᠩᠭᠦ ᠶᠢ ᠬᠤᠪᠢᠶᠠᠨ ᠳᠠᠭᠠᠭᠠᠬᠤ ᠬᠠᠷᠢᠴᠠᠯ ᠵᠡᠷᠭᠡ ᠲᠠᠯ᠎ᠠ ᠪᠠᠷ ᠨᠢᠭᠡᠳᠦᠯᠲᠡᠶ | ᠲᠦᠷᠦ ᠶᠢᠨ ᠪᠤᠳᠤᠯᠭ᠎ᠠ ᠶᠣᠰᠣᠭᠠᠷ ᠬᠡᠷᠡᠭᠵᠢᠭᠦᠯᠵᠦ᠂ ᠥᠩᠭᠡᠷᠡᠭᠰᠡᠨ ᠳᠤ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠨᠢᠭᠡᠳᠦᠯᠲᠡᠢ ᠪᠤᠰᠤ ᠪᠠᠶᠢᠭᠰᠠᠨ ᠠᠰᠠᠭᠤᠳᠠᠯ ᠢ | ᠰᠢᠢᠳᠪᠦᠷᠢᠯᠡᠭᠰᠡᠨ ᠪᠦᠭᠡᠳ ᠬᠤᠨᠤᠭ ᠤᠨ ᠵᠠᠷᠤᠳᠠᠯ ᠤᠨ ᠨᠥᠬᠦᠪᠦᠷᠢ ᠪᠣᠯᠤᠨ ᠳᠤᠯᠠᠭᠠᠯᠠᠯᠭ᠎ᠠ ᠶᠢᠨ ᠰᠦᠢᠳᠬᠡᠯ ᠤᠨ | ᠨᠥᠬᠦᠪᠦᠷᠢ ᠶᠢᠨ ᠠᠰᠢᠭ ᠬᠦᠷᠳᠡᠬᠦ ᠬᠡᠪᠴᠢᠶ᠎ᠡ ᠶᠢ ᠥᠷᠭᠡᠳᠬᠡᠵᠦ᠂ ᠬᠤᠣᠰ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ | ᠠᠯᠪᠠᠨ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠥᠵᠢᠯ ᠢ ᠨᠡᠩ ᠳᠡᠭᠡᠳᠦ ᠬᠡᠮᠵᠢᠶᠡᠨ ᠳᠤ ᠲᠡᠩᠴᠡᠭᠦᠷᠢᠲᠡᠶ ᠬᠥᠭᠵᠢᠭᠦᠯᠬᠦ ᠶᠢ ᠲᠦᠯᠬᠢᠨ ᠠᠬᠢᠭᠤᠯᠪᠠ᠃ | ᠣᠶᠢᠯᠠᠭᠠᠭᠰᠠᠨ ᠢᠶᠠᠷ᠂ ᠤᠯᠤᠰ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ 2016 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠨᠢᠭᠡᠳᠦᠯᠲᠡᠶ ᠲᠥᠷᠥ ᠶᠢᠨ ᠪᠤᠳᠤᠯᠭ᠎ᠠ ᠶᠢ | ᠬᠡᠷᠡᠭᠵᠢᠭᠦᠯᠦᠭᠰᠡᠨ ᠪᠥᠭᠡᠳ ᠤᠯᠤᠰ ᠠᠴᠠ ᠱᠠᠭᠠᠷᠳᠠᠭᠰᠠᠨ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ | ︵ᠲᠤᠬᠠᠶᠢᠯᠠᠪᠠᠯ ᠰᠤᠷᠤᠯᠭ᠎ᠠ ᠶᠢᠨ ᠠᠷᠰᠠᠷ ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ | ᠰᠤᠷᠬᠤ ᠪᠢᠴᠢᠭ ᠣᠯᠭᠤᠬᠤ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠭ᠎ᠠ ᠰᠤᠷᠤᠭᠴᠢᠳ ᠤᠨ | ᠠᠮᠢᠳᠤᠷᠠᠯ ᠤᠨ ᠵᠠᠷᠤᠳᠠᠯ ᠢ ᠨᠥᠬᠦᠪᠦᠷᠢᠯᠡᠬᠦ︶ ᠶᠢ ᠨᠢᠭᠡᠳᠦᠯᠲᠡᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠤᠳᠠ | ᠬᠥᠳᠡᠭᠡ ᠶᠢᠨ ᠪᠠᠶᠢᠷᠢ ᠳᠤ ᠰᠠᠭᠤᠭ᠎ᠠ ᠪᠦᠬᠦ ᠰᠤᠷᠤᠭᠴᠢᠳ ᠲᠤ ᠬᠤᠨᠤᠭ ᠤᠨ ᠵᠠᠷᠤᠳᠠᠯ ᠤᠨ ᠨᠥᠬᠦᠪᠥᠷᠢ ᠥᠭᠴᠦ᠂ | ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ ᠡᠭᠦᠷᠭᠡᠯᠡᠵᠦ᠂ ᠦᠨᠦ ᠪᠣᠯᠬᠤ | ᠳᠤ᠂ ᠪᠦᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ︽ᠬᠤᠶᠠᠷ ᠢ | ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠬᠡᠷᠡᠭᠵᠢᠭᠦᠯᠪᠡ᠃ ᠡᠭᠦᠨ ᠤ | ᠬᠠᠮᠲᠤ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠠᠵᠢᠯᠯᠠᠭᠠᠨ ᠤ ᠥᠪᠡᠷ ᠤᠨ ᠦᠷᠲᠡᠭ ᠦᠨᠳᠦᠷ | ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠴᠥᠭᠡᠨ ᠲᠣᠭᠠᠲᠤ ᠦᠨᠳᠦᠰᠦᠲᠡᠨ ᠤ ᠰᠤᠷᠭᠠᠨ | ᠬᠥᠮᠦᠵᠢᠯ ᠢ ᠭᠤᠣᠯᠳᠠᠯᠭ᠎ᠠ ᠲᠠᠢ ᠤᠷᠢᠳᠴᠢᠯᠡᠨ ᠬᠥᠭᠵᠢᠭᠦᠯᠬᠦ ᠴᠢᠭᠯᠡᠯᠲᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠲᠤᠰ ᠤᠳᠠᠭᠠᠨ ᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠳᠡᠭᠡᠨ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠣᠯᠤᠨ ᠬᠤᠣᠰ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ᠠᠯᠪᠠᠨ ᠵᠠᠷᠤᠳᠠᠯ ᠤᠨ ᠨᠥᠬᠦᠪᠦᠷᠢ ᠳᠤ ᠢᠯᠡᠭᠦᠦ ᠬᠠᠷᠠᠭᠠᠯᠵᠠᠯ ᠦᠵᠡᠭᠦᠯᠪᠡ᠄ ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠳᠤ ᠪᠣᠯ ᠪᠠᠶᠢᠷᠢ ᠳᠤ ᠰᠠᠭᠤᠭ᠎ᠠ ᠰᠤᠷᠤᠭᠴᠢᠳ ᠤᠨ ᠲᠤᠭ᠎ᠠ ᠶᠢ ᠦᠨᠳᠦᠰᠦᠯᠡᠵᠦ᠂ | ᠵᠢᠯ ᠪᠦᠷᠢ ᠰᠤᠷᠤᠭᠴᠢ ᠨᠢᠭᠡᠪᠦᠷᠢ ᠳᠤ ᠳᠤᠮᠳᠠᠴᠢ ᠪᠠᠷ 200 ᠲᠥᠭᠦᠷᠢᠭ ᠤᠨ ᠪᠠᠷᠢᠮᠵᠢᠶ᠎ᠠ ᠪᠠᠷ ᠠᠯᠪᠠᠨ ᠵᠠᠷᠤᠳᠠᠯ ᠤᠨ | ᠨᠥᠬᠦᠪᠦᠷᠢ ᠨᠡᠮᠡᠪᠡ︔ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠪᠣᠯ ᠬᠤᠣᠰ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠤᠭᠴᠢᠳ ᠤᠨ ᠲᠤᠭ᠎ᠠ ᠶᠢ ᠦᠨᠳᠦᠰᠦᠯᠡᠵᠦ᠂ ᠵᠢᠯ ᠪᠦᠷᠢ ᠰᠤᠷᠤᠭᠴᠢ ᠨᠢᠭᠡᠪᠦᠷᠢ ᠳᠤ | ᠳᠤᠮᠳᠠᠴᠢ ᠪᠠᠷ ᠪᠠᠷᠢᠮᠵᠢᠶᠠᠲᠤ ᠲᠣᠭᠲᠠᠭᠰᠠᠨ ᠲᠤᠭ᠎ᠠ ᠠᠴᠠ 10% ᠶᠢᠨ ᠥᠨᠳᠥᠷ ᠪᠠᠷᠢᠮᠵᠢᠶ᠎ᠠ ᠪᠠᠷ ᠨᠡᠮᠡᠪᠡ᠃ | ᠡᠭᠦᠨ ᠤ ᠬᠠᠮᠲᠤ ᠮᠠᠯᠵᠢᠬᠤ ᠲᠠᠷᠢᠶᠠᠯᠠᠬᠤ ᠣᠷᠣᠨ ᠤ 100 ᠬᠥᠮᠦᠨ ᠬᠦᠷᠬᠦ ᠦᠭᠡᠢ ᠬᠡᠪᠴᠢᠶ᠎ᠡ ᠨᠢ ᠨᠡᠯᠢᠶᠡᠳ ᠪᠠᠭ᠎ᠠ | ᠰᠤᠷᠭᠠᠭᠤᠯᠢ ᠳᠤ ᠪᠣᠯ 100 ᠬᠥᠮᠦᠨ ᠪᠠᠷ ᠬᠢᠨᠠᠨ ᠲᠣᠭᠲᠠᠭᠠᠭᠰᠠᠨ ᠠᠯᠪᠠᠨ ᠵᠠᠷᠤᠳᠠᠯ ᠤᠨ ᠨᠥᠬᠦᠪᠥᠷᠢ ᠶᠢᠨ | ᠲᠦᠷᠦ ᠶᠢᠨ ᠪᠤᠳᠤᠯᠭ᠎ᠠ ᠶᠣᠰᠣᠭᠠᠷ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠪᠣᠯᠣᠨ ᠠᠩᠭᠢ ᠲᠠᠭᠠᠨ | ᠰᠤᠷᠤᠯᠴᠠᠵᠤ ᠪᠠᠶᠢᠭ᠎ᠠ ᠵᠡᠮᠳᠡᠭ ᠰᠤᠷᠤᠭᠴᠢᠳ ᠲᠤ ᠰᠤᠷᠤᠭᠴᠢ ᠪᠦᠷᠢ ᠵᠢᠯ ᠳᠤ 6000 ᠲᠥᠭᠦᠷᠢᠭ ᠤᠨ ᠪᠠᠷᠢᠮᠵᠢᠶ᠎ᠠ | ᠪᠠᠷ ᠠᠯᠪᠠᠨ ᠵᠠᠷᠤᠳᠠᠯ ᠢ ᠨᠢ ᠨᠥᠬᠦᠪᠦᠷᠢᠯᠡᠪᠡ᠃ ᠡᠭᠦᠨ ᠠᠴᠠ ᠭᠠᠳᠠᠨ᠎ᠠ᠂ ᠲᠤᠰ ᠤᠳᠠᠭᠠᠨ ᠤ ᠲᠦᠷᠦ ᠶᠢᠨ | ᠪᠤᠳᠤᠯᠭ᠎ᠠ ᠨᠢ ᠪᠠᠰᠠ ᠳᠤᠯᠠᠭᠠᠯᠠᠯᠭ᠎ᠠ ᠶᠢᠨ ᠰᠦᠢᠳᠬᠡᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ | ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠬᠦᠷᠲᠡᠯ᠎ᠡ ᠥᠷᠭᠡᠳᠬᠡᠵᠦ᠂ ᠣᠷᠣᠨ ᠤ | ᠲᠤᠲᠤᠷᠠᠬᠢ ᠬᠠᠬᠢᠷ ᠬᠦᠢᠳᠡᠨ 5 ᠭᠠᠵᠠᠷ ᠣᠷᠣᠨ ︵ᠬᠦᠬᠡ ᠪᠤᠶᠢᠷ ᠬᠤᠳᠠ᠂ ᠬᠢᠩᠭᠠᠨ ᠠᠶᠢᠮᠠᠭ᠂ ᠰᠢᠯᠢ ᠶᠢᠨ | ᠭᠤᠣᠯ ᠠᠶᠢᠮᠠᠭ᠂ ᠮᠠᠨᠵᠤᠤᠷ ᠬᠤᠳᠠ᠂ ᠡᠷᠢᠶᠡᠨ ᠬᠤᠳᠠ︶ ᠪᠣᠯᠣᠨ ᠪᠤᠰᠤᠳ ᠭᠠᠵᠠᠷ ᠣᠷᠣᠨ ᠳᠤ ᠲᠤᠰ ᠲᠤᠰ ᠵᠢᠯ | ᠪᠦᠷᠢ ᠰᠤᠷᠤᠭᠴᠢ ᠨᠢᠭᠡᠪᠦᠷᠢ ᠳᠤ ᠳᠤᠮᠳᠠᠴᠢ ᠪᠠᠷ 235 ᠲᠥᠭᠦᠷᠢᠭ ᠪᠣᠯᠣᠨ 215 ᠲᠥᠭᠦᠷᠢᠭ ᠢᠶᠠᠷ | ᠳᠤᠯᠠᠭᠠᠯᠠᠭ᠎ᠠ ᠶᠢᠨ ᠵᠠᠷᠤᠳᠠᠯ ᠢ ᠨᠥᠬᠦᠪᠦᠷᠢᠯᠡᠪᠡ᠃ |