4 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠡᠷᠥᠭᠡ ᠠᠮᠠ ᠰᠢᠯᠵᠢᠭᠦᠯᠬᠦ ᠲᠥᠷᠥ ᠶᠢᠨ ᠪᠤᠳᠤᠯᠭ᠎ᠠ ᠶᠢ ᠤᠯᠠᠮ | ᠲᠣᠬᠢᠷᠠᠭᠤᠯᠵᠤ ᠡᠷᠦᠬᠡ ᠠᠮᠠ ᠶᠢᠨ ᠳᠠᠩᠰᠨ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠡᠷᠦᠬᠡ ᠠᠮᠠ ᠶᠢᠨ ᠳᠠᠩᠰᠠ ᠶᠢᠨ ᠥᠭᠡᠷᠡᠴᠢᠯᠡᠯᠲᠡ ᠶᠢ ᠲᠦᠷᠭᠡᠳᠬᠡᠬᠦ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠲᠠᠶᠢᠯᠤᠮᠵᠢ | ᠬᠢᠪᠡ᠃ | ᠮᠠᠯᠴᠢᠨ ᠲᠠᠷᠢᠶᠠᠴᠢᠳ ᠬᠤᠲᠠᠨ ᠳᠤ ᠬᠠᠤᠯᠢ ᠶᠣᠰᠤᠨ ᠤ ᠲᠣᠭᠲᠠᠪᠤᠷᠢᠲᠠᠶ ᠠᠵᠢᠯ ᠪᠠᠶᠢᠪᠠᠯ ᠳᠠᠷᠤᠶ ᠡᠷᠦᠬᠡ | ᠠᠮᠠ ᠶᠢᠨ ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠶᠢᠨ ᠳᠠᠩᠰᠠ ᠲᠠᠢ ᠬᠥᠮᠦᠰ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠳᠠ᠂ ᠪᠠᠶᠢᠭᠤᠯᠤᠮᠵᠢᠳᠤ | ᠪᠠᠯᠭᠠᠰᠤᠨ ᠳᠤ ᠬᠠᠤᠯᠢ ᠶᠣᠰᠣᠨ ᠤ ᠲᠣᠭᠲᠠᠪᠤᠷᠢ ᠲᠠᠢ ᠠᠵᠢᠯ ᠪᠠᠶᠢᠪᠠᠯ᠂ ᠲᠤᠰ ᠬᠥᠮᠦᠨ ᠵᠢᠴᠢ ᠬᠠᠮᠲᠤ ᠠᠮᠢᠳᠤᠷᠠᠵᠤ | ᠪᠠᠶᠢᠭ᠎ᠠ ᠬᠠᠨᠢ ᠨᠦᠬᠦᠷ᠂ ᠦᠷ᠎ᠡ ᠬᠡᠦᠬᠡᠳ᠂ ᠣᠮᠪᠣᠯᠣ ᠦᠷ᠎ᠡ ᠬᠡᠦᠬᠡᠳ ︵ᠵᠢᠭᠡ ᠣᠮᠪᠣᠯᠣ ᠦᠷ᠎ᠡ ᠬᠡᠦᠬᠡᠳ︶ ᠪᠠ | ᠡᠷ᠎ᠡ ᠡᠮ᠎ᠡ ᠬᠤᠶᠠᠷ ᠤᠨ ᠡᠴᠢᠭᠡ ᠡᠬᠡ ᠨᠢ ᠠᠵᠢᠯᠯᠠᠵᠤ ᠪᠠᠶᠢᠭ᠎ᠠ ᠭᠠᠵᠠᠷ ᠲᠠᠭᠠᠨ ᠪᠠᠶᠢᠩᠭᠤ ᠰᠠᠭᠤᠬᠤ ᠡᠷᠦᠬᠡ ᠠᠮᠠ | ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠬᠠᠤᠯᠢ ᠶᠣᠰᠤᠨ ᠤ ᠲᠣᠭᠲᠠᠪᠤᠷᠢᠲᠠᠶ ᠣᠷᠣᠨ ᠰᠠᠭᠤᠴᠠ ᠲᠠᠢ | ᠪᠠᠶᠢᠬᠤ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠤᠯᠴᠠᠬᠤ ᠵᠡᠷᠭᠡ ᠪᠤᠰᠤᠳ ᠨᠥᠬᠦᠴᠡᠯ ᠳᠤ | ᠬᠢᠵᠠᠭᠠᠷᠯᠠᠭᠳᠠᠬᠤ ᠦᠭᠡᠢ᠃ ᠥᠭᠡᠷ᠎ᠡ ᠪᠠᠷ ᠬᠡᠯᠡᠪᠡᠯ᠂ ᠬᠤᠲᠠ᠂ ᠪᠠᠶᠢᠭᠤᠯᠤᠮᠵᠢᠳᠤ ᠪᠠᠯᠭᠠᠰᠤᠨ ᠳᠤ ᠣᠴᠢᠵᠤ | ᠰᠠᠭᠤᠷᠢᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠬᠥᠮᠦᠰ᠂ | ᠬᠠᠤᠯᠢ ᠶᠣᠰᠣᠨ ᠤ ᠲᠣᠭᠲᠠᠪᠤᠷᠢ ᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠶᠢᠨ ᠨᠦᠭᠦᠴᠡᠯ ᠢᠶᠠᠷ ᠢᠶᠠᠨ | ᠬᠤᠲᠠ ᠪᠠᠯᠭᠠᠰᠤᠨ ᠳᠤ ᠡᠷᠦᠬᠡ ᠠᠮᠠ ᠶᠢᠨ ᠳᠠᠩᠰᠠ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠂ ᠪᠠᠰᠠ ᠬᠠᠤᠯᠢ | ᠶᠣᠰᠤᠨ ᠤ ᠲᠣᠭᠲᠠᠪᠤᠷᠢᠲᠠᠶ ᠠᠵᠢᠯ ᠪᠠᠶᠢᠬᠤ ᠨᠥᠬᠦᠴᠡᠯ ᠢᠶᠠᠷ ᠢᠶᠠᠨ ᠬᠤᠲᠠ ᠪᠠᠯᠭᠠᠰᠤᠨ ᠳᠤ ᠡᠷᠦᠬᠡ ᠠᠮᠠ ᠶᠢᠨ | ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠂ ᠢᠩᠭᠢᠭᠡᠳ ᠲᠠᠷᠢᠶᠠᠯᠠᠩ ᠮᠠᠯ ᠠᠵᠤ ᠠᠬᠤᠶ ᠠᠴᠠ | ᠰᠢᠯᠵᠢᠭᠰᠡᠨ ᠬᠥᠮᠦᠨ ᠠᠮᠠ ᠬᠤᠲᠠ ᠪᠠᠯᠭᠠᠰᠤᠨ ᠳᠤ ᠡᠷᠦᠭᠡ ᠠᠮᠠ ᠶᠢᠨ ᠳᠠᠩᠰᠠ ᠪᠠᠨ ᠣᠷᠤᠭᠤᠯᠬᠤ ᠳᠤ ᠤᠯᠠᠨ | ᠵᠣᠷᠪᠤᠰ ᠡᠷᠦᠬᠡ ᠠᠮᠠ ᠣᠷᠣᠬᠤ ᠲᠥᠷᠦ ᠶᠢᠨ ᠪᠣᠳᠤᠯᠭ᠎ᠠ ᠶᠢᠨ ᠵᠠᠮ ᠲᠣᠭᠲᠠᠭᠠᠵᠤ ᠦᠭᠪᠡ᠃ | ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ ᠭᠡᠳᠡᠭ ᠨᠢ ᠲᠦᠷᠦ ᠶᠢᠨ ᠪᠠᠶᠢᠭᠤᠯᠭ᠎ᠠ᠂ ᠨᠡᠶᠢᠭᠡᠮ ᠤᠨ | ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠡᠯᠰᠡᠭᠳᠡᠭᠰᠡᠨ ᠪᠥᠭᠡᠳ ᠬᠠᠤᠯᠢ ᠶᠣᠰᠣᠭᠠᠷ | ᠬᠥᠳᠡᠯᠮᠦᠷᠢ ᠶᠢᠨ ᠭᠡᠷ᠎ᠡ ᠲᠣᠭᠲᠠᠭᠰᠠᠨ᠂ ᠡᠰᠡᠬᠦᠯ᠎ᠡ ᠬᠤᠲᠠ ᠪᠠᠯᠭᠠᠰᠤ ᠳᠤ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠡᠷᠬᠢᠯᠡᠵᠦ ᠪᠠᠶᠢᠭ᠎ᠠ ᠪᠥᠭᠡᠳ ᠦᠢᠯᠡᠳᠪᠦᠷᠢ ᠬᠤᠳᠠᠯᠳᠤᠭᠠᠨ ᠤ ᠪᠠᠲᠤᠯᠠᠪᠤᠷᠢ ᠪᠠᠶᠢᠬᠤ ᠲᠠᠢ ᠵᠡᠷᠭᠡ ᠶᠢ ᠵᠢᠭᠠᠵᠤ | ᠪᠣᠢ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢ ᠵᠣᠬᠢᠰᠲᠠᠶ ᠲᠣᠭᠲᠠᠭᠠᠵᠤ ᠪᠣᠯᠤᠨ᠎ᠠ᠃ | | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠠᠴᠠ | ᠰᠢᠯᠵᠢᠭᠰᠡᠨ ᠳᠥᠷᠪᠡᠨ ᠲᠥᠷᠥᠯ ᠤᠨ ᠠᠷᠠᠳ ᠣᠯᠠᠨ ᠤ ᠡᠷᠦᠬᠡ ᠠᠮᠠ ᠶᠢᠨ ᠳᠠᠩᠰᠠ ᠤᠷᠤᠭᠤᠯᠬᠤ ᠬᠢᠵᠠᠭᠠᠷᠯᠠᠯ ᠢ | ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠡᠷᠦᠬᠡ ᠠᠮᠠ ᠤᠷᠤᠭᠤᠯᠬᠤ ᠶᠢ ᠶᠠᠮᠠᠷᠴᠦ ᠨᠦᠬᠦᠴᠡᠯ ᠦᠭᠡᠢ ᠪᠠᠷ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ ᠳᠣᠲᠤᠷᠠᠬᠢ ᠮᠠᠯᠵᠢᠬᠤ ᠲᠠᠷᠢᠶᠠᠯᠠᠬᠤ ᠣᠷᠣᠨ ᠠᠴᠠ ᠤᠷᠤᠨ ᠤ | ᠳᠣᠲᠤᠷᠠᠬᠢ ᠶᠡᠭᠡ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠵᠤ ᠰᠤᠷᠤᠯᠴᠠᠵᠤ | ᠪᠠᠶᠢᠭ᠎ᠠ ᠰᠤᠷᠤᠭᠴᠢᠳ᠂ ᠴᠡᠷᠢᠭ ᠤᠨ ᠠᠯᠪᠠᠨ ᠠᠴᠠ ᠪᠠᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠶᠢᠨ ᠳᠠᠩᠰᠠ ᠲᠠᠢ ᠠᠯᠪᠠᠨ ᠵᠢᠷᠤᠮ ᠤᠨ ᠴᠡᠷᠢᠭ ᠪᠠ ᠳᠠᠷᠤᠭ᠎ᠠ ᠪᠠᠶᠢᠯᠳᠤᠭᠴᠢᠳ᠂ ᠬᠤᠳᠠ ᠪᠠᠯᠭᠠᠰᠤᠨ ᠳᠤ | ᠠᠵᠢᠯᠯᠠᠭᠠᠳ 3 ᠵᠢᠯ ᠠᠴᠠ ᠳᠡᠭᠡᠭᠰᠢ ᠰᠠᠭᠤᠷᠢᠰᠢᠭᠰᠠᠨ ᠪᠠ ᠪᠦᠬᠦ ᠭᠡᠷ ᠢᠶᠠᠷ ᠢᠶᠠᠨ ᠬᠤᠳᠠ᠂ ᠪᠠᠶᠢᠭᠤᠯᠤᠮᠵᠢᠳᠤ | ᠪᠠᠯᠭᠠᠰᠤᠨ ᠳᠤ ᠰᠠᠭᠤᠷᠢᠰᠢᠨ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ | ᠲᠠᠢ ᠬᠦᠮᠦᠰ ᠤᠨ ᠲᠤᠰ ᠬᠦᠮᠦᠨ ᠨᠢ ᠳᠤᠷᠠᠲᠠᠶ ᠯᠠ ᠶᠤᠮ ᠪᠣᠯ ᠪᠣᠳᠠᠲᠠᠶ ᠣᠷᠣᠰᠢᠨ ᠰᠠᠭᠤᠵᠤ ᠪᠠᠶᠢᠭ᠎ᠠ ᠬᠤᠲᠠ | ᠪᠠᠯᠭᠠᠰᠤᠨ ᠳᠤ ᠡᠷᠦᠬᠡ ᠠᠮᠠ ᠶᠢᠨ ᠳᠠᠩᠰᠠ ᠪᠠᠨ ᠣᠷᠣᠭᠤᠯᠬᠤ ᠪᠠᠷ ᠡᠷᠡᠮᠡᠯᠵᠡᠯᠡᠵᠦ ᠪᠣᠯᠤᠨ᠎ᠠ᠃ | ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠮᠡᠷᠭᠡᠵᠢᠯ ᠤᠨ ᠠᠵᠢᠯᠴᠢᠨ ᠵᠡᠷᠭᠡ ᠳᠥᠷᠪᠡᠨ | ᠲᠥᠷᠥᠯ ᠤᠨ ᠠᠵᠢᠯᠲᠠᠨ ᠠᠵᠢᠯᠴᠢᠨ ᠶᠠᠮᠠᠷᠴᠦ ᠨᠦᠭᠦᠴᠡᠯ ᠦᠭᠡᠢ ᠪᠠᠷ ᠡᠷᠦᠬᠡ ᠠᠮᠠ ᠶᠢᠨ ᠳᠠᠩᠰᠠ ᠪᠠᠨ | ᠣᠷᠤᠭᠤᠯᠵᠤ ᠪᠣᠯᠤᠨ᠎ᠠ | ︽ᠬᠡᠷᠡᠭᠵᠢᠭᠦᠯᠬᠦ ᠰᠠᠨᠠᠯ︾ ᠳᠤ ᠳᠤᠷᠠᠳᠤᠨ ᠭᠠᠷᠭᠠᠭᠰᠠᠨ ᠨᠢ᠂ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠴᠢᠳ᠂ ᠮᠡᠷᠭᠡᠵᠢᠯ ᠤᠨ ᠠᠵᠢᠯᠴᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠦᠭᠴᠢᠳ᠂ | ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠣᠴᠠᠭᠰᠠᠨ ᠬᠦᠮᠦᠰ ᠤᠨ ᠡᠷᠦᠬᠡ ᠠᠮᠠ ᠶᠢᠨ ᠳᠠᠩᠰᠠ ᠣᠷᠣᠭᠤᠯᠬᠤ | ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠶ ᠲᠠᠯᠪᠢᠵᠤ᠂ ᠡᠷᠦᠬᠡ ᠠᠮᠠ ᠤᠷᠤᠭᠤᠯᠬᠤ ᠶᠢ ᠶᠠᠮᠠᠷᠴᠦ ᠨᠦᠭᠦᠴᠡᠯ ᠦᠭᠡᠢ | ᠪᠠᠷ ᠬᠡᠷᠡᠭᠵᠢᠭᠦᠯᠦᠨ᠎ᠡ᠃ ᠡᠨᠡ ᠳᠥᠷᠪᠡᠨ ᠲᠥᠷᠥᠯ ᠤᠨ ᠬᠦᠮᠦᠰ ᠤᠨ ᠲᠤᠰ ᠬᠦᠮᠦᠨ ᠨᠢ ᠳᠤᠷᠠᠲᠠᠶ ᠯᠠ ᠶᠤᠮ ᠪᠣᠯ | ᠪᠣᠳᠠᠲᠠᠢ ᠣᠷᠤᠰᠢᠨ ᠰᠠᠭᠤᠵᠤ ᠪᠠᠶᠢᠭ᠎ᠠ ᠬᠤᠲᠠ ᠪᠠᠯᠭᠠᠰᠤᠨ ᠳᠤ ᠡᠷᠦᠬᠡ ᠠᠮᠠ ᠶᠢᠨ ᠳᠠᠩᠰᠠ ᠪᠠᠨ ᠣᠷᠣᠭᠤᠯᠬᠤ ᠪᠠᠷ | ᠡᠷᠡᠮᠡᠯᠵᠡᠯᠡᠵᠦ ᠪᠣᠯᠤᠨ᠎ᠠ᠂ ᠲᠡᠳᠡ ᠨᠠᠷ ᠤᠨ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠯᠪᠡᠷᠢ ᠶᠢᠨ | ᠨᠢᠭᠡᠴᠡ ᠶᠢᠨ ᠬᠤᠭᠤᠷᠤᠨᠳᠦ ᠰᠢᠯᠵᠢᠨ ᠠᠵᠢᠯᠯᠠᠬᠤ ᠡᠷᠦᠬᠡ ᠠᠮᠠ ᠶᠢᠨ ᠳᠠᠩᠰᠠ ᠶᠢᠨ ᠲᠥᠷᠥ ᠶᠢᠨ ᠪᠣᠳᠣᠯᠭ᠎ᠠ ᠶᠢᠨ | ᠬᠢᠵᠠᠭᠠᠷᠯᠠᠯ ᠢ ᠡᠷᠡᠰ ᠦᠭᠡᠶᠢᠰᠬᠡᠬᠦ ᠬᠡᠷᠡᠭᠲᠡᠢ᠃ | ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ | ᠦᠶ᠎ᠡ ᠠᠯᠤᠰᠯᠠᠨ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠶᠢ ᠵᠦᠪᠰᠢᠶᠡᠷᠡᠨ᠎ᠡ | ︽ᠬᠡᠷᠡᠭᠵᠢᠭᠦᠯᠬᠦ ᠰᠠᠨᠠᠯ︾ ᠳᠤ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ | ᠨᠦᠭᠦᠴᠡᠯ ᠢ ᠤᠯᠠᠮ ᠠᠭᠤᠵᠢᠭᠤ ᠲᠠᠯᠪᠢᠭᠰᠠᠨ ᠪᠦᠭᠡᠳ ᠦᠶ᠎ᠡ ᠠᠯᠤᠰᠯᠠᠨ ᠲᠦᠰᠢᠯᠴᠡᠬᠦ ᠶᠢ ᠨᠢ ᠵᠦᠪᠰᠢᠶᠡᠷᠡᠪᠡ᠃ | ᠬᠤᠳᠠ ᠪᠠᠯᠭᠠᠰᠤ ᠶᠢᠨ ᠡᠷᠦᠬᠡ ᠠᠮᠠ ᠶᠢᠨ ᠳᠠᠩᠰᠠ ᠲᠠᠢ ᠬᠦᠮᠦᠰ ᠲᠠᠢ ᠬᠠᠮᠲᠤ ᠠᠮᠢᠳᠤᠷᠠᠵᠤ ᠪᠠᠶᠢᠭ᠎ᠠ ᠬᠠᠨᠢ ᠨᠦᠬᠦᠷ᠂ | ᠦᠷ᠎ᠡ ᠬᠡᠦᠬᠡᠳ᠂ ᠣᠮᠪᠣᠯᠣ ᠦᠷ᠎ᠡ ᠬᠡᠦᠬᠡᠳ ︵ᠵᠢᠭᠡ ᠣᠮᠪᠣᠯᠣ ᠦᠷ᠎ᠡ ᠬᠡᠦᠬᠡᠳ︶ ᠪᠠ ᠡᠷ᠎ᠡ ᠡᠮ᠎ᠡ ᠬᠤᠶᠠᠷ ᠤᠨ | ᠡᠴᠢᠭᠡ ᠡᠬᠡ ᠨᠢ ᠲᠦᠰᠢᠯᠴᠡᠬᠦ ᠬᠡᠯᠪᠡᠷᠢ ᠶᠢᠨ ᠡᠷᠥᠭᠡ ᠠᠮᠠ ᠶᠢᠨ ᠳᠠᠩᠰᠠ ᠤᠷᠤᠭᠤᠯᠬᠤ ᠪᠠᠷ ᠭᠤᠶᠤᠴᠢᠯᠠᠵᠤ | ᠪᠣᠯᠤᠨ᠎ᠠ᠂ ᠲᠦᠰᠢᠯᠴᠡᠬᠦ ᠬᠥᠮᠦᠰ ᠤᠨ ᠨᠠᠰᠤ᠂ ᠤᠷᠤᠭᠯᠠᠭᠰᠠᠨ ᠡᠰᠡᠬᠦ᠂ ᠬᠤᠲᠠ ᠪᠠᠯᠭᠠᠰᠤ ᠶᠢᠨ ᠨᠡᠶᠢᠭᠡᠮ ᠤᠨ | ᠳᠠᠭᠠᠳᠬᠠᠯ ᠳᠤ ᠤᠷᠤᠯᠴᠠᠭᠰᠠᠨ ᠪᠠ ᠣᠷᠣᠨ ᠰᠠᠭᠤᠴᠠ ᠶᠢᠨ ᠲᠠᠯᠠᠪᠠᠢ ᠵᠡᠷᠭᠡ ᠪᠤᠰᠤᠳ ᠨᠥᠬᠦᠴᠡᠯ ᠳᠤ | ᠬᠢᠵᠠᠭᠠᠷᠯᠠᠭᠳᠠᠬᠤ ᠦᠭᠡᠢ᠃ | ᠬᠥᠬᠡᠬᠤᠲᠠ᠂ ᠪᠤᠭᠤᠲᠤ ᠬᠤᠳᠠ ᠣᠷᠣᠨ ᠡᠷᠦᠬᠡ ᠠᠮᠠ ᠤᠷᠤᠭᠤᠯᠬᠤ ᠨᠥᠬᠦᠴᠡᠯ ᠢ ᠠᠭᠤᠵᠢᠭᠤ ᠲᠠᠯᠪᠢᠪᠠ | ︽ᠬᠡᠷᠡᠭᠵᠢᠭᠦᠯᠬᠦ ᠰᠠᠨᠠᠯ︾ ᠳᠤ ᠱᠠᠭᠠᠷᠳᠠᠭᠰᠠᠨ ᠨᠢ᠂ ᠬᠥᠬᠡᠬᠤᠲᠠ᠂ ᠪᠤᠭᠤᠲᠤ ᠬᠤᠳᠠ ᠶᠢᠨ ᠬᠤᠳᠠ ᠶᠢᠨ | ᠲᠣᠭᠤᠷᠢᠭ ᠤᠯᠤᠰ ᠤᠨ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ | ᠱᠠᠭᠠᠷᠳᠠᠯᠭ᠎ᠠ ᠪᠣᠯᠤᠨ ᠲᠤᠰ ᠭᠠᠵᠠᠷ ᠣᠷᠣᠨ ᠤ ᠪᠠᠨ ᠪᠤᠲᠠᠲᠠᠢ ᠪᠠᠶᠢᠳᠠᠯ ᠢᠶᠠᠷ ᠢᠶᠠᠨ᠂ ᠬᠤᠳᠡ ᠪᠠᠯᠭᠠᠰᠤᠨ ᠤ | ᠨᠡᠶᠢᠭᠡᠮ ᠤᠨ ᠳᠠᠭᠠᠳᠬᠠᠯ ᠳᠤ ᠤᠷᠤᠯᠴᠠᠬᠤ ᠶᠢ ᠡᠷᠦᠬᠡ ᠠᠮᠠ ᠤᠷᠤᠭᠤᠯᠬᠤ ᠨᠥᠬᠦᠴᠡᠯ ᠪᠤᠯᠭᠠᠬᠤ ᠶᠢ ᠦᠭᠡᠶᠢᠰᠬᠡᠵᠦ᠂ | ᠬᠠᠤᠯᠢ ᠶᠤᠰᠤᠭᠠᠷ ᠲᠣᠭᠲᠠᠪᠤᠷᠢᠲᠠᠶ ᠠᠵᠢᠯ ᠤᠯᠭᠤᠭᠰᠠᠨ ᠢ ᠦᠨᠡᠮᠰᠢᠨ ᠲᠣᠭᠲᠠᠭᠠᠬᠤ ᠬᠡᠪᠴᠢᠶ᠎ᠡ ᠶᠢ ᠥᠷᠭᠡᠳᠬᠡᠵᠦ᠂ | ᠡᠷᠦᠬᠡ ᠠᠮᠠ ᠤᠷᠤᠭᠤᠯᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠲᠠᠷᠢᠶᠠᠯᠠᠩ ᠮᠠᠯ ᠠᠵᠤ | ᠠᠬᠤᠶ ᠠᠴᠠ ᠰᠢᠯᠵᠢᠭᠰᠡᠨ ᠬᠥᠮᠦᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ ᠬᠥᠮᠦᠨ ᠠᠮᠠ ᠶᠢᠨ ᠡᠷᠦᠬᠡ ᠠᠮᠠ | ᠤᠷᠤᠭᠤᠯᠬᠤ ᠶᠢ ᠠᠬᠢᠭᠤᠯᠬᠤ ᠬᠡᠷᠡᠭᠲᠡᠢ᠃ | ᠡᠷᠦᠬᠡ ᠠᠮᠠ ᠤᠷᠤᠭᠤᠯᠬᠤ ᠭᠤᠶᠤᠴᠢᠯᠠᠯ ᠤᠨ ᠭᠠᠷᠳᠠᠮ ᠪᠠ ᠨᠡᠭᠦᠭᠦ ᠭᠠᠷᠳᠠᠮ ᠭᠦᠢᠴᠡᠳᠬᠡᠬᠦ ᠳᠡᠰ | ᠳᠠᠷᠠᠭᠠᠯᠠᠯ ᠢ ᠳᠦᠬᠦᠮᠴᠢᠯᠡᠪᠡ | ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠪᠣᠯᠤᠨ ᠪᠤᠰᠤᠳ ᠪᠠᠶᠢᠩᠭᠤ ᠰᠠᠭᠤᠭ᠎ᠠ | ᠬᠥᠮᠦᠨ ᠠᠮᠠ ᠶᠢᠨ ᠬᠤᠲᠠ ᠪᠠᠯᠭᠠᠰᠤ ᠳᠤ ᠡᠷᠦᠬᠡ ᠠᠮᠠ ᠤᠷᠤᠭᠤᠯᠬᠤ ᠡᠷᠥᠭᠡ ᠠᠮᠠ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢᠨ ᠬᠠᠷᠰᠢ ᠰᠠᠭᠠᠳ ᠢ ᠠᠷᠢᠯᠭᠠᠬᠤ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠳᠤ | ᠡᠷᠦᠬᠡ ᠠᠮᠠ ᠣᠷᠣᠭᠤᠯᠬᠤ ᠬᠠᠶ᠋ᠢᠭ ᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ᠂ ᠬᠤᠲᠠ ᠪᠠᠯᠭᠠᠰᠤᠨ ᠳᠤ ᠡᠷᠦᠬᠡ | ᠠᠮᠠ ᠤᠷᠤᠬᠤ ᠭᠤᠶᠤᠴᠢᠯᠠᠯ ᠤᠨ ᠭᠠᠷᠳᠠᠮ ᠢ ᠳᠦᠬᠦᠮᠴᠢᠯᠡᠬᠦ᠂ ᠡᠷᠦᠬᠡ ᠠᠮᠠ ᠰᠢᠯᠵᠢᠭᠦᠯᠬᠦ ᠶᠢ ᠭᠠᠷᠳᠠᠮ | ᠭᠦᠢᠴᠡᠳᠬᠡᠬᠦ ᠳᠡᠰ ᠳᠠᠷᠠᠭᠠᠯᠠᠯ ᠢ ᠳᠦᠬᠦᠮᠴᠢᠯᠡᠬᠦ᠂ ᠡᠷᠦᠬᠡ ᠠᠮᠠ ᠰᠢᠯᠵᠢᠭᠦᠯᠬᠦ ᠶᠢ ᠬᠢᠨᠠᠨ ᠵᠥᠪᠰᠢᠶᠡᠷᠡᠬᠦ ᠡᠷᠬᠡ | ᠮᠡᠳᠡᠯ ᠢ ᠳᠣᠷᠣᠭᠰᠢ ᠪᠠᠭᠤᠯᠭᠠᠬᠤ᠂ ᠡᠷᠦᠬᠡ ᠠᠮᠠ ᠰᠢᠯᠵᠢᠭᠦᠯᠬᠦ ᠶᠢ ᠭᠦᠢᠴᠡᠳᠬᠡᠬᠦ ᠴᠠᠭ ᠤᠨ ᠬᠢᠵᠠᠭᠠᠷ ᠢ | ᠪᠤᠭᠤᠨᠢᠰᠬᠠᠬᠤ ᠵᠡᠷᠭᠡ 5 ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ᠂ ᠡᠨᠡ 5 ᠵᠦᠢᠯ ᠤᠨ | ᠠᠷᠭ᠎ᠠ ᠬᠡᠮᠵᠢᠶ᠎ᠡ ᠨᠢ ᠮᠥᠨ ᠴᠦ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ ᠶᠢ ᠢᠵᠢ | ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠬᠤ ᠠᠷᠠᠳ ᠲᠤ ᠳᠥᠭᠦᠮ ᠠᠷᠠᠳ ᠲᠤ ᠠᠰᠢᠭᠲᠠᠶ ᠠᠷᠭ᠎ᠠ ᠬᠡᠮᠵᠢᠶ᠎ᠡ ᠮᠥᠨ᠃ | ᠬᠡᠷᠪᠡ ᠦᠪᠡᠷᠲᠡᠭᠡᠨ ᠢᠶᠠᠨ ᠭᠡᠷ ᠪᠠᠶᠢᠰᠢᠩ ᠦᠭᠡᠢ ᠪᠤᠶᠤ ᠪᠣᠳᠠᠲᠠᠶ ᠰᠠᠭᠤᠷᠢᠰᠢᠵᠤ ᠪᠠᠶᠢᠭ᠎ᠠ ᠭᠠᠵᠠᠷ ᠲᠠᠭᠠᠨ ᠡᠷᠥᠭᠡ | ᠠᠮᠠ ᠪᠠᠨ ᠳᠠᠩᠰᠠᠯᠠᠭᠤᠯᠵᠤ ᠳᠡᠶᠢᠯᠬᠦ ᠦᠭᠡᠢ ᠪᠤᠯ ᠪᠤᠰᠤᠳ ᠬᠡᠷ ᠪᠦᠯᠢ ᠶᠢᠨ ᠡᠷᠤᠬᠡ ᠠᠮᠠ ᠳᠤ ᠲᠦᠰᠢᠯᠴᠡᠵᠦ | ᠪᠤᠯᠬᠤ ᠪᠦᠭᠡᠳ ᠪᠠᠰᠠ ᠨᠢᠭᠡᠴᠡ ᠶᠢᠨ ᠬᠠᠮᠲᠤ ᠶᠢᠨ ᠡᠷᠦᠬᠡ ᠪᠤᠶᠤ ᠤᠳᠤ ᠶᠢᠨ ᠰᠠᠭᠤᠭ᠎ᠠ ᠭᠠᠵᠠᠷ ᠤᠨ ᠨᠡᠶᠢᠭᠡᠮ | ᠲᠣᠭᠤᠷᠢᠭ ᠤᠨ ᠬᠠᠮᠲᠤ ᠶᠢᠨ ᠡᠷᠤᠬᠡ ᠳᠤ ᠡᠷᠦᠬᠡ ᠠᠮᠠ ᠪᠠᠨ ᠳᠠᠩᠰᠠᠯᠠᠭᠤᠯᠵᠤ᠂ ᠳᠠᠩᠰᠠᠯᠠᠭᠤᠯᠬᠤ ᠬᠠᠶ᠋ᠢᠭ ᠤᠨ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠡᠷᠦᠬᠡ ᠠᠮᠠ ᠤᠷᠤᠭᠤᠯᠬᠤ ᠭᠠᠷᠳᠠᠮ ᠤᠨ ᠮᠠᠲ᠋ᠧᠷᠢᠶᠠᠯ ᠢ | ᠤᠯᠠᠮ ᠨᠢᠭᠡ ᠠᠯᠬᠤᠮ ᠳᠥᠭᠦᠮᠴᠢᠯᠡᠵᠦ᠂ ᠡᠷᠦᠬᠡ ᠠᠮᠠ ᠤᠷᠤᠭᠤᠯᠬᠤ ᠲᠤᠳᠤᠷᠬᠠᠢ ᠭᠡᠷᠡᠴᠢ ᠮᠠᠲ᠋ᠧᠷᠢᠶᠠᠯ ᠢ | ᠲᠤᠰᠢᠶᠠᠯᠭᠠᠬᠤ ᠪᠠᠷ ᠱᠠᠭᠠᠷᠳᠠᠬᠤ ᠶᠢ ᠭᠠᠷᠭᠠᠪᠠᠯ᠂ ᠤᠯᠠᠨ ᠲᠦᠮᠡᠨ ᠢ ᠪᠤᠰᠤᠳ ᠭᠡᠷᠡᠴᠢᠯᠡᠬᠦ ᠮᠠᠲ᠋ᠧᠷᠢᠶᠠᠯ | ᠬᠠᠩᠭᠠᠭᠠᠯᠬᠤ ᠪᠠᠷ ᠱᠠᠭᠠᠷᠳᠠᠵᠤ ᠪᠣᠯᠬᠤ ᠦᠭᠡᠢ᠃ ᠠᠶᠢᠮᠠᠭ ᠬᠤᠲᠠ ᠶᠢᠨ ᠳᠤᠲᠤᠷ᠎ᠠ ᠪᠠᠨ ᠡᠷᠦᠬᠡ ᠠᠮᠠ | ᠰᠢᠯᠵᠢᠭᠦᠯᠬᠦ ᠶᠢ ᠨᠢᠭᠡ ᠥᠷᠲᠡᠭᠡᠨ ᠤ ᠬᠡᠯᠪᠡᠷᠢ ᠪᠠᠷ ᠭᠦᠢᠴᠡᠳᠬᠡᠬᠦ ᠶᠢ ᠬᠡᠷᠡᠭᠵᠢᠭᠦᠯᠵᠦ᠂ ᠤᠯᠠᠨ ᠲᠦᠮᠡᠨ ᠨᠡᠭᠦᠵᠦ | ᠤᠴᠢᠭᠰᠠᠨ ᠭᠠᠵᠠᠷ ᠤᠨ ᠢᠶᠠᠨ ᠲᠣᠮᠢᠯᠠᠭᠰᠠᠨ ᠰᠠᠯᠪᠤᠷᠢ ᠳᠤ ᠡᠷᠦᠬᠡ ᠠᠮᠠ ᠪᠠᠨ ᠰᠢᠯᠵᠢᠭᠦᠯᠦᠨ ᠤᠷᠤᠭᠤᠯᠬᠤ ᠶᠢ | ᠰᠢᠭᠤᠳ ᠭᠦᠢᠴᠡᠳᠬᠡᠵᠦ ᠪᠤᠯᠤᠨ᠎ᠠ᠃ ᠠᠶᠢᠮᠠᠭ ᠬᠤᠳᠠ ᠠᠯᠤᠰᠯᠠᠨ᠂ ᠮᠤᠵᠢ ᠠᠯᠤᠰᠯᠠᠨ ᠡᠷᠦᠬᠡ ᠠᠮᠠ ᠰᠢᠯᠵᠢᠭᠦᠯᠬᠦ | ᠳᠤ᠂ ᠵᠠᠷᠢᠮ ᠮᠡᠷᠭᠡᠵᠢᠯ ᠤᠨ ᠨᠥᠬᠦᠴᠡᠯ ᠤᠨ ᠬᠢᠵᠠᠭᠠᠷᠯᠠᠯ ᠠᠴᠠ ᠪᠤᠯᠵᠤ᠂ ᠪᠠᠰᠠ ᠨᠡᠭᠦᠬᠦ ᠵᠥᠪᠰᠢᠶᠡᠷᠡᠯ ᠤᠨ ᠬᠡᠷᠡᠴᠢ | ᠪᠠ ᠰᠢᠯᠵᠢᠭᠦᠯᠬᠦ ᠭᠡᠷᠡᠴᠢᠯᠡᠯ ᠭᠠᠷᠭᠠᠬᠤ ᠬᠡᠷᠡᠭᠲᠡᠢ ᠪᠠᠶᠢᠳᠠᠭ᠂ ᠭᠡᠬᠦ ᠳᠡᠭᠡᠨ ᠵᠥᠪᠬᠡᠨ ᠬᠤᠶᠠᠷ ᠱᠠᠳᠤ ᠯᠡ ᠬᠢᠨᠠᠨ | ᠵᠦᠪᠰᠢᠶᠡᠷᠡᠬᠦ ᠬᠡᠷᠡᠭᠲᠡᠶ᠃ ᠡᠭᠦᠨ ᠤ ᠬᠠᠮᠲᠤ ᠡᠷᠦᠬᠡ ᠠᠮᠠ ᠰᠢᠯᠵᠢᠭᠦᠯᠬᠦ ᠭᠠᠷᠳᠠᠮ ᠭᠦᠢᠴᠡᠳᠬᠡᠬᠦ ᠴᠠᠭ ᠤᠨ ᠬᠢᠵᠠᠭᠠᠷ | ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠠᠯᠪᠠᠳᠠᠵᠤ ᠪᠠᠶᠢᠭᠠᠳ ᠬᠤᠲᠠ ᠪᠠᠯᠭᠠᠰᠤᠨ ᠳᠤ | ᠡᠷᠦᠬᠡ ᠠᠮᠠ ᠤᠷᠤᠭᠤᠯᠬᠤ ᠶᠢ ᠴᠢᠩᠭ᠎ᠠ ᠴᠠᠭᠠᠵᠠᠯᠠᠨ᠎ᠠ | ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠪᠠᠯᠭᠠᠰᠤᠨ ᠳᠤ ᠡᠷᠦᠭᠡ ᠠᠮᠠ | ᠤᠷᠤᠭᠤᠯᠬᠤ ᠶᠢ ᠬᠦᠳᠡᠯᠭᠡᠭᠡᠨ ᠤ ᠮᠠᠶ᠋ᠢᠭ ᠲᠠᠢ ᠲᠦᠯᠬᠢᠨ ᠠᠬᠢᠭᠤᠯᠬᠤ ᠠᠰᠠᠭᠤᠳᠠᠯ ᠭᠠᠷᠬᠤ ᠠᠴᠠ ᠰᠡᠷᠭᠡᠶᠢᠯᠡᠬᠦ ᠶᠢᠨ | ᠲᠦᠯᠦᠭᠡ᠂ ︽ᠬᠡᠷᠡᠭᠵᠢᠭᠦᠯᠬᠦ ᠰᠠᠨᠠᠯ︾ ᠳᠤ ᠡᠷᠬᠡᠪᠰᠢ ᠬᠦᠰᠡᠯ ᠰᠠᠨᠠᠭ᠎ᠠ ᠶᠢ ᠨᠢ ᠬᠦᠨᠳᠦᠳᠬᠡᠬᠦ ᠵᠠᠷᠴᠢᠮ ᠢ | ᠪᠠᠷᠢᠮᠲᠠᠯᠠᠬᠤ ᠬᠡᠷᠡᠭᠲᠡᠶ᠂ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠵᠥᠷᠢᠴᠡᠵᠦ ᠳᠤᠷ᠎ᠠ ᠪᠠᠷ ᠢᠶᠠᠨ ᠡᠷᠥᠭᠡ ᠠᠮᠠ | ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠂ ᠶᠠᠮᠠᠷᠪᠠ ᠰᠢᠯᠲᠠᠭ᠂ ᠶᠠᠮᠠᠷᠪᠠ ᠨᠢᠭᠡᠨ ᠬᠡᠯᠪᠡᠷᠢ ᠪᠠᠷ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠬᠤᠲᠠ ᠪᠠᠯᠭᠠᠰᠤᠨ ᠳᠤ ᠡᠷᠦᠬᠡ ᠠᠮᠠ ᠤᠷᠤᠭᠤᠯᠬᠤ ᠪᠠᠷ ᠠᠯᠪᠠᠳᠠᠵᠤ | ᠪᠤᠯᠬᠤ ᠦᠭᠡᠢ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ ᠡᠯ᠎ᠡ ᠭᠠᠵᠠᠷ ᠤᠳ ᠡᠷᠦᠬᠡ ᠠᠮᠠ ᠤᠷᠤᠭᠤᠯᠬᠤ | ᠪᠤᠰᠤᠳ ᠨᠥᠬᠦᠴᠡᠯ ᠢ ᠳᠤᠷ᠎ᠠ ᠪᠠᠷ ᠢᠶᠠᠨ ᠳᠤᠷᠠᠳᠴᠤ ᠪᠤᠯᠬᠤ ᠦᠭᠡᠢ᠂ ᠡᠷᠬᠡᠪᠰᠢ ᠪᠦᠷᠢᠯᠳᠦᠭᠦᠯᠬᠦ ᠴᠢᠬᠤᠯᠠᠲᠠᠶ | ᠡᠷᠦᠬᠡ ᠠᠮᠠ ᠣᠷᠣᠬᠤ ᠭᠡᠷᠡᠴᠢ ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠬᠦ ᠪᠤᠶᠤ ᠬᠠᠰᠤᠵᠤ ᠪᠤᠯᠬᠤ ᠦᠭᠡᠢ᠂ ᠳᠠᠷᠤᠵᠤ | ᠪᠤᠶᠤ ᠴᠠᠭ ᠠᠴᠠ ᠬᠡᠲᠦᠷᠡᠭᠦᠯᠦᠨ ᠰᠢᠢᠳᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠂ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠂ ︽ᠭᠠᠵᠢᠭᠤ ᠬᠢᠬᠠᠬᠤ ᠠᠪᠬᠤ︾ ᠶᠢ ᠡᠷᠡᠰ ᠲᠦᠭᠵᠢᠬᠦ | ᠱᠠᠭᠠᠷᠳᠠᠯᠭ᠎ᠠ ᠳᠤᠷᠠᠳᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠡᠯ᠎ᠡ | ᠠᠶᠢᠮᠠᠭ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠢᠯᠤᠭᠤᠳᠤᠨ ᠤᠳᠤ ᠶᠢᠨ ᠬᠡᠷᠡᠭᠵᠢᠭᠦᠯᠵᠦ | ᠪᠠᠶᠢᠭ᠎ᠠ ᠡᠷᠦᠬᠡ ᠠᠮᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠢᠯᠭᠠᠷᠠᠭᠤᠯᠵᠤ᠂ ︽ᠬᠡᠷᠡᠭᠵᠢᠭᠦᠯᠬᠦ | ᠰᠠᠨᠠᠯ︾ ᠢ ᠲᠦᠷᠭᠡᠬᠡᠨ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠳᠠ ᠶᠢᠨ ︽ᠬᠡᠷᠡᠭᠵᠢᠭᠦᠯᠬᠦ ᠰᠠᠨᠠᠯ︾ ᠤᠨ | ᠨᠠᠶᠢᠳᠠᠪᠤᠷᠢᠵᠢᠭᠤᠯᠤᠯᠲᠠ ᠶᠢ ᠮᠥᠷᠳᠡᠨ ᠦᠨᠡᠯᠡᠨ ᠵᠢᠱᠢᠬᠦ᠂ ᠰᠢᠮᠳᠠᠭᠤᠯᠤᠨ ᠵᠢᠯᠣᠭᠤᠳᠴᠤ᠂ ᠠᠵᠢᠯ ᠤᠨ ᠠᠬᠢᠴᠠ ᠶᠢᠨ | ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠯ ᠢ ᠦᠨᠡᠨ ᠬᠦ ᠪᠠᠲᠤᠯᠠᠨ᠎ᠠ᠃ |