ᠣᠯᠠᠭᠠᠨ ᠴᠢᠬᠤᠯᠠᠴᠢᠯᠠᠭᠰᠠᠨ ᠨᠢ᠄ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠵᠤ  ᠶᠠᠳᠠᠭᠤ ᠠᠴᠠ ᠣᠨᠣᠪᠴᠢᠲᠠᠢ ᠠᠩᠬᠢᠵᠢᠷᠠᠭᠤᠯᠬᠤ ᠶᠢ ᠲᠦᠷᠬᠡᠳᠬᠡᠬᠦ ᠲᠡᠬᠡᠷ᠎ᠠ ᠬᠦᠴᠦ ᠲᠠᠯᠪᠢᠬᠤ ᠬᠡᠷᠡᠭᠳᠡᠢ
ᠨᠡᠶᠢᠲᠡᠯᠡᠭᠰᠡᠨ ᠴᠠᠭ᠄
2016/4/28
     4 ᠳ᠋ᠤᠭᠡᠷ ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ ᠦᠪᠡᠷᠳᠡᠬᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠬᠠᠪᠰᠤᠷᠤᠨ ᠲᠡᠮᠵᠢᠬᠦ ᠠᠵᠢᠯ ᠤᠨ ᠬᠠᠷᠢᠯᠴᠠᠬᠤ ᠴᠢᠭ᠋ ᠪᠤᠯᠬᠤ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠳᠤ ᠬᠦᠨᠵᠡᠬᠡᠶᠢᠷᠡᠵᠦ᠂ ᠶᠠᠳᠠᠭᠤ ᠶᠢ ᠣᠨᠣᠪᠴᠢᠲᠠᠢ ᠲᠡᠳᠭᠦᠬᠦ᠂ ︽ᠠᠷᠪᠡ ᠶᠢ ᠪᠦᠷᠢᠨ ᠪᠦᠷᠬᠦᠭᠦᠯᠬᠦ︾ ᠵᠡᠷᠬᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ᠃ ᠤᠯᠠᠭᠠᠨ ᠤᠷᠢᠳ ᠬᠤᠵᠢᠳ ᠪᠠᠶᠠᠨᠬᠤᠰᠢᠭᠤ ᠪᠠᠯᠭᠠᠰᠤᠨ ᠤ ᠴᠠᠷᠰᠤᠨᠬᠤᠧᠨ ᠭᠠᠴᠠᠭ᠎ᠠ᠂ ᠰᠢᠷᠭ᠎ᠠ ᠭᠠᠴᠠᠭ᠎ᠠ᠂ ᠰᠤᠭᠤᠳᠤ ᠭᠠᠴᠠᠭ᠎ᠠ᠂ ᠬᠠᠷᠠᠳᠤᠪᠤ ᠭᠠᠴᠠᠭ᠎ᠠ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠳ᠋ᠥᠡᠭ ᠳ᠋ᠠ ᠪᠠᠶᠠᠯᠢᠭ ᠬᠤᠳᠠ ᠬᠦᠳᠡᠭᠡ ᠶᠢ ᠨᠢᠬᠡᠳᠦᠯᠳᠡᠢ ᠲᠦᠯᠦᠪᠵᠢᠬᠦᠯᠬᠦ ᠠᠵᠦ ᠦᠢᠯᠡᠰ ᠤᠨ ᠬᠦᠷᠢᠶᠡᠯᠡᠩ ᠲᠤᠭᠤᠷᠢᠭ ᠵᠡᠷᠬᠡ ᠭᠠᠵᠠᠷ ᠲᠤ ᠬᠦᠷᠴᠦ᠂ ᠨᠠᠮ ᠤᠨ ᠬᠡᠰᠢᠭᠦᠨ ᠺᠠᠳ᠋ᠷᠴᠤᠳ᠂ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠬᠦᠨᠵᠡᠬᠡᠢ ᠶᠠᠷᠢᠯᠴᠠᠵᠤ᠂ ᠣᠶᠢᠷ᠎ᠠ ᠶᠢᠨ ᠬᠤᠶᠠᠷ ᠵᠢᠯ ᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠪᠠᠶᠢᠳᠠᠯ ᠢ ᠣᠶᠢᠯᠠᠭᠠᠵᠤ᠂ ᠶᠠᠳᠠᠭᠤ ᠬᠦᠴᠢᠷᠳᠡᠯᠲᠡᠢ ᠡᠷᠦᠭᠡ ᠶᠢ ᠵᠣᠷᠢᠭᠵᠢᠭᠤᠯᠤᠨ ᠢᠳᠡᠭᠡᠯ ᠵᠣᠷᠢᠭ ᠢ ᠨᠢ ᠡᠷᠴᠢᠯᠡᠵᠦ᠂ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠵᠤ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠬᠡᠷᠡᠭᠲᠡᠢ ᠭᠡᠵᠡᠢ᠃      ᠤᠯᠠᠭᠠᠨ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠣᠯᠣᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠤᠢᠢᠷ᠎ᠠ ᠶᠢᠨ ᠬᠡᠳᠦᠨ ᠵᠢᠯ ᠤᠨ ᠶᠠᠳᠠᠭᠤ ᠬᠦᠴᠢᠷᠳᠡᠯᠲᠡᠶ ᠪᠠᠶᠢᠳᠠᠯ ᠢᠯᠡᠳᠲᠡ ᠰᠠᠶᠢᠵᠢᠷᠠᠭᠰᠠᠨ ᠪᠣᠯᠪᠠᠴᠤ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠭᠰᠠᠭᠠᠷ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠢᠰᠢᠳᠠ ᠶᠢᠨ ᠶᠠᠳᠠᠭᠤ ᠶᠢ ᠲᠡᠳᠬᠦᠬᠦ ᠠᠵᠢᠯ ᠳᠤ ︽ᠣᠨᠣᠪᠴᠢᠲᠠᠶ ᠪᠠᠶᠢᠬᠤ︾ ᠳᠡᠭᠡᠷ᠎ᠡ ᠬᠦᠴᠦ ᠪᠠᠨ ᠲᠠᠯᠪᠢᠵᠤ᠂ ᠠᠵᠤ ᠦᠢᠯᠡᠰ ᠤᠨ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠨᠢ ᠣᠨᠣᠪᠴᠢᠲᠠᠶ ᠪᠠᠶᠢᠬᠤ᠂ ᠪᠡᠯᠡ ᠣᠷᠣᠭᠤᠯᠤᠯᠲᠠ ᠨᠢ ᠣᠨᠣᠪᠴᠢᠲᠠᠶ ᠪᠠᠶᠢᠬᠤ ᠪᠥᠭᠡᠳ ᠶᠠᠳᠠᠭᠤ ᠶᠢ ᠲᠡᠳᠬᠦᠬᠦ ᠬᠠᠷᠢᠭᠤᠴᠠᠯᠭ᠎ᠠ ᠲᠠᠢ ᠬᠥᠮᠦᠨ ᠨᠢ ᠴᠦ ᠨᠠᠷᠢᠯᠢᠭ ᠣᠨᠣᠪᠴᠢᠲᠠᠢ ᠪᠠᠶᠢᠬᠤ ᠬᠡᠷᠡᠭᠲᠡᠶ︔ ᠬᠦᠴᠦ ᠪᠠᠨ ᠲᠥᠪᠯᠡᠷᠡᠭᠦᠯᠵᠦ ᠪᠠᠶᠢᠭᠠᠳ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ᠂ ᠬᠡᠪᠴᠢᠶ᠎ᠡ ᠪᠠᠨ ᠥᠷᠭᠡᠳᠬᠡᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠰᠠᠭᠤᠷᠢᠨ ᠭᠠᠵᠠᠷ ᠢ ᠬᠦᠴᠦᠷᠬᠡᠭᠵᠢᠭᠦᠯᠬᠦ ᠪᠠᠷ ᠳᠠᠮᠵᠢᠭᠤᠯᠤᠨ ᠲᠤᠯᠤᠭᠠᠢᠢᠯᠠᠭᠴᠢ ᠠᠵᠤ ᠠᠬᠤᠶᠢᠯᠠᠯ ᠢ ᠲᠠᠲᠠᠵᠤ ᠣᠷᠤᠭᠤᠯᠤᠨ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠤᠳᠤ ᠦᠶ᠎ᠡ ᠶᠢᠨ ᠮᠠᠯ ᠠᠵᠤ ᠠᠬᠤᠶ ᠶᠢᠨ ᠦᠢᠯᠡᠰ ᠢ ᠬᠥᠭᠵᠢᠭᠦᠯᠬᠦ ᠬᠡᠷᠡᠭᠲᠡᠢ︔ ᠬᠥᠳᠡᠭᠡ ᠲᠣᠰᠬᠤᠨ ᠤ ᠲᠤᠰᠬᠠᠶ ᠠᠵᠢᠯ ᠤᠨ ᠬᠤᠷᠰᠢᠶ᠎ᠠ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠶ ᠲᠠᠷᠢᠶᠠᠴᠢᠨ ᠮᠠᠯᠴᠢᠳ ᠢ ᠵᠣᠬᠢᠶᠠᠨ ᠪᠠᠶᠢᠭᠤᠯᠵᠤ᠂ ᠬᠤᠷᠰᠢᠶ᠎ᠠ ᠶᠢᠨ ᠬᠥᠭᠵᠢᠯᠲᠡ ᠳᠤ ᠣᠷᠣᠯᠴᠠᠭᠤᠯᠵᠤ᠂ ᠬᠤᠷᠰᠢᠶ᠎ᠠ ᠪᠠᠷ ᠶᠠᠳᠠᠭᠤ ᠬᠦᠴᠢᠷᠳᠡᠯᠲᠡᠶ ᠡᠷᠤᠭᠡ ᠶᠢ ᠳᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃      ᠤᠯᠠᠭᠠᠨ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠲᠦᠷᠪᠡᠨ ᠲᠣᠳᠣᠷᠬᠠᠶᠢᠯᠠᠯᠲᠠ︾᠎ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠮᠵᠢᠯᠲᠠ ᠪᠥᠲᠦᠭᠡᠯ ᠭᠠᠷᠭᠠᠬᠤ ᠬᠡᠷᠡᠭᠲᠡᠶ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ︽ᠠᠷᠪᠠ ᠶᠢ ᠪᠦᠷᠢᠨ ᠪᠥᠷᠭᠦᠭᠦᠯᠬᠦ︾ ᠢᠨᠵᠧᠨᠧᠷᠢᠩ ᠢ ᠤᠶᠠᠯᠳᠤᠭᠤᠯᠵᠤ᠂ ᠺᠠᠳ᠋ᠷ ᠢ ᠪᠤᠲᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠪᠠᠶᠢᠯᠭᠠᠬᠤ ᠶᠢ ᠦᠨᠡᠨᠬᠦ ᠪᠣᠲᠠᠲᠠᠶᠢᠵᠢᠭᠤᠯᠤᠨ᠂ ︽ᠬᠡᠨ ᠢ ᠲᠡᠳᠬᠦᠨ ᠳᠡᠮᠵᠢᠬᠦ︾᠂ ︽ᠬᠡᠨ ᠳᠡᠳᠬᠦᠬᠦ︾ ︽ᠶᠠᠭᠠᠬᠢᠵᠤ ᠲᠡᠳᠬᠦᠬᠦ︾ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ ᠭᠡᠵᠡᠢ᠃      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠨ ᠭᠠᠵᠠᠷ ᠤᠨ ᠡᠯᠡᠰᠦᠷᠬᠡᠭᠵᠢᠭᠰᠡᠨ ᠠᠰᠠᠭᠤᠳᠠᠯ ᠳᠤ ᠬᠠᠨᠳᠤᠭᠤᠯᠤᠨ ᠤᠯᠠᠭᠠᠨ ᠴᠢᠬᠤᠯᠠᠴᠢᠯᠠᠭᠰᠠᠨ ᠨᠢ᠂ ᠢᠲᠡᠭᠡᠯ ᠵᠣᠷᠢᠭ ᠢᠶᠠᠨ ᠪᠠᠲᠤᠳᠬᠠᠨ ᠪᠦᠭᠦ ᠬᠤᠰᠢᠭᠤᠨ ᠳᠤ ᠪᠡᠯᠴᠢᠭᠡᠷᠯᠡᠭᠦᠯᠦᠨ ᠮᠠᠯᠯᠠᠬᠤ ᠶᠢ ᠴᠠᠭᠠᠵᠠᠯᠠᠬᠤ ᠲᠦᠷᠦ ᠶᠢᠨ ᠪᠤᠳᠦᠯᠭ᠎ᠠ ᠬᠡᠷᠡᠭᠵᠢᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠠᠯᠬᠤᠴᠠ ᠪᠠᠨ ᠲᠥᠷᠭᠡᠳᠬᠡᠨ᠂ ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶ᠎ᠡ ᠶᠢ ᠲᠡᠳᠬᠦᠨ ᠳᠡᠮᠵᠢᠵᠤ ᠪᠤᠵᠠᠭᠠᠶᠢᠷᠠᠭᠤᠯᠤᠨ᠂ ᠲᠦᠷᠦ ᠶᠢᠨ ᠪᠤᠳᠤᠯᠭ᠎ᠠ ᠶᠢᠨ ᠭᠡᠳᠡᠷᠭᠦ ᠰᠢᠬᠠᠬᠤ ᠲᠣᠭᠲᠠᠴᠠ ᠪᠠᠷ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠣᠯᠣᠨ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠨ ᠬᠥᠭᠵᠢᠭᠦᠯᠬᠦ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠢ︔ ᠣᠷᠣᠰᠢᠨ ᠲᠣᠭᠲᠠᠨᠢᠬᠤ ᠨᠥᠬᠦᠴᠡᠯ ᠢᠶᠠᠷ ᠠᠨᠠᠶ ᠭᠠᠵᠠᠷ ᠣᠷᠣᠨ ᠤ ᠶᠠᠳᠠᠭᠤ ᠬᠦᠴᠢᠷᠳᠡᠯᠲᠡᠶ ᠤᠯᠠᠨ ᠲᠦᠮᠡᠨ ᠢ ᠣᠨᠳᠣᠣ ᠭᠠᠵᠠᠷ ᠲᠤ ᠨᠡᠭᠦᠯᠭᠡᠨ ᠲᠡᠳᠬᠦᠬᠦ ᠪᠠᠷ ᠳᠠᠮᠵᠢᠭᠤᠯᠤᠨ ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃  ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠷᠢᠳᠴᠢᠯᠠᠨ ᠰᠠᠶᠢᠲᠤᠷ ᠬᠢᠵᠦ᠂ ᠠᠷᠠᠳ ᠢ ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠬᠤ᠂ ᠪᠠᠶᠠᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号