| 4 ᠳ᠋ᠦ᠋ᠭᠡᠷ ᠰᠠᠷ᠎ᠠ ᠶᠢᠨ 20 ᠤ ᠡᠳᠦᠷ᠂ ᠡᠷᠡᠭᠦᠯ ᠬᠠᠮᠠᠭᠠᠯᠠᠯ ᠤᠨ ᠵᠤᠷᠭᠠᠨ᠂ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠣᠪᠴᠢᠶ᠎ᠠ ᠪᠠᠷ ᠪᠦᠷᠢᠯᠳᠦᠭᠰᠡᠨ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ ᠨᠢ ᠮᠣᠩᠭᠤᠯ | ᠤᠯᠤᠰ ᠤᠨ ᠤᠯᠤᠰ ᠤᠨ ᠬᠥᠮᠦᠨ ᠠᠮᠢᠲᠠᠨ ᠤ ᠬᠠᠮᠲᠤᠪᠡᠷ ᠡᠪᠡᠳᠴᠢᠯᠡᠬᠦ ᠡᠪᠡᠳᠴᠢᠨ ᠤ ᠰᠤᠳᠤᠯᠭᠠᠨ ᠤ ᠲᠥᠪ ᠤᠨ | ᠬᠢᠨ ᠲᠠᠢ ᠮᠠᠨᠵᠤᠤᠷ ᠬᠤᠲᠠ ᠳᠤ ᠳᠤᠮᠳᠠᠳᠤ ᠮᠣᠩᠭᠤᠯ ᠤᠨ ᠬᠠᠯᠳᠠᠪᠤᠷᠢᠲᠤ ᠡᠪᠡᠳᠴᠢᠨ ᠤ ᠬᠦᠷᠢᠶᠡᠨ ᠳᠠᠬᠢ | ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠲᠤᠷᠠᠯᠴᠠᠭᠠᠨ ᠤ ᠲᠤᠬᠠᠢ ᠬᠡᠯᠡᠯᠴᠡᠭᠡ ᠬᠢᠪᠡ᠃ | ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠲᠤᠷᠠᠯᠴᠠᠭᠠᠨ ᠤ | ᠬᠡᠯᠡᠯᠴᠡᠭᠡᠷ ᠵᠢᠴᠢ 2015 ᠣᠨ ᠤ ᠬᠤᠯᠪᠣᠭᠠᠯᠠᠨ ᠬᠢᠨᠠᠨ ᠰᠢᠯᠭᠠᠭᠰᠠᠨ ᠠᠵᠢᠯ ᠤᠨ ᠠᠬᠢᠴᠠ ᠶᠢᠨ ᠪᠠᠶᠢᠳᠠᠯ ᠢ | ᠳ᠋ᠦᠩᠨᠡᠵᠦ᠂ 2016 ᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠲᠤᠷᠠᠯᠴᠠᠬᠤ ᠰᠠᠨᠠᠮᠵᠢ ᠪᠠᠨ ᠰᠢᠨᠵᠢᠯᠡᠨ | ᠰᠤᠳᠤᠯᠵᠤ᠂ ︽ᠳᠤᠮᠳᠠᠳᠤ ᠮᠣᠩᠭᠤᠯ ᠤᠨ ᠬᠤᠪᠢᠯᠵᠠ ᠪᠠᠷ ᠬᠠᠯᠳᠠᠪᠤᠷᠢᠯᠠᠬᠤ᠂ ᠬᠤᠯᠤᠭᠠᠨ᠎ᠠ ᠪᠠᠷ ᠬᠠᠯᠳᠠᠪᠤᠷᠢᠯᠠᠬᠤ | ᠡᠪᠡᠳᠴᠢᠨ ᠤ ᠬᠢᠯᠢ ᠠᠯᠤᠰᠯᠠᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠶᠢᠴᠠᠭᠠᠨ ᠰᠤᠳᠤᠯᠬᠤ ᠲᠥᠰᠦᠯ ︵ | 2016︶︾ ᠢ ᠲᠣᠭᠲᠠᠪᠠ᠃ ᠬᠤᠶᠠᠷ ᠲᠠᠯ᠎ᠠ ᠪᠠᠷ ᠢᠶᠠᠨ ᠬᠢᠯᠢ ᠶᠢᠨ ᠪᠣᠭᠤᠮᠲᠠ ᠳᠤ ᠬᠢᠨᠠᠨ ᠬᠡᠮᠵᠢᠬᠦ ᠴᠢᠭ᠋ | ᠪᠠᠶᠢᠭᠤᠯᠵᠤ᠂ ᠪᠣᠭᠤᠮᠲᠠ ᠶᠢᠨ ᠠᠨᠠᠭᠠᠬᠤ ᠤᠬᠠᠭᠠᠨ ᠤ ᠵᠠᠭᠤᠴᠢᠳ ᠬᠡᠭᠡᠷ᠎ᠡ ᠬᠤᠯᠪᠣᠭᠠᠯᠠᠨ ᠬᠢᠨᠠᠨ ᠰᠢᠯᠭᠠᠬᠤ ᠪᠠ | ᠡᠪᠡᠳᠴᠢᠨ ᠡᠭᠦᠰᠭᠡᠭᠴᠢ ᠶᠢ ᠬᠠᠮᠲᠤᠷᠠᠨ ᠪᠠᠶᠢᠴᠠᠭᠠᠨ ᠬᠡᠮᠵᠢᠬᠦ ᠵᠢᠴᠢ ᠰᠤᠳᠤᠯᠬᠤ ᠶᠢ ᠬᠠᠮᠲᠤᠪᠠᠷ ᠥᠷᠨᠢᠭᠦᠯᠵᠦ᠂ | ᠵᠠᠭᠤᠴᠢ ᠪᠠᠷ ᠪᠠᠶᠢᠴᠠᠭᠠᠯᠲᠠ ᠬᠢᠬᠦ ᠠᠷᠭ᠎ᠠ ᠪᠠᠨ ᠨᠢᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠠᠮᠲᠤᠷᠠᠯᠴᠠᠭ᠎ᠠ ᠪᠠ ᠲᠤᠷᠰᠢᠯᠲᠠ ᠶᠢᠨ ᠲᠠᠰᠤᠭ ᠤᠨ ᠲᠤᠰᠬᠠᠶ ᠮᠡᠷᠭᠡᠵᠢᠯᠲᠡᠨ ᠤ ᠰᠣᠯᠢᠯᠴᠠᠭ᠎ᠠ ᠶᠢ ᠴᠢᠩᠭᠠᠳᠬᠠᠵᠤ᠂ | ᠳᠤᠮᠳᠠᠳᠤ ᠮᠣᠩᠭᠤᠯ ᠤᠨ ᠬᠠᠯᠳᠠᠪᠤᠷᠢᠲᠤ ᠡᠪᠡᠳᠴᠢᠨ ᠤ ᠬᠢᠯᠢ ᠠᠯᠤᠰᠯᠠᠬᠤ ᠬᠦᠷᠢᠶᠡᠨ ᠳᠠᠬᠢ ᠬᠠᠮᠲᠤᠷᠠᠯᠴᠠᠭ᠎ᠠ ᠶᠢᠨ | ᠭᠦᠨᠵᠡᠭᠡᠶᠢᠷᠡᠬᠦ ᠶᠢ ᠲᠦᠯᠬᠢᠨ ᠠᠬᠢᠭᠤᠯᠤᠨ᠎ᠠ᠃ |