ᠥᠪᠥᠷ ᠮᠣᠩᠭᠤᠯ᠄ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2016/4/29
      ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠬᠠᠷᠢᠶᠠᠯᠠᠯ ᠢ ᠲᠣᠳᠤᠳᠬᠠᠵᠤ᠂ ᠮᠠᠯᠴᠢᠳ ᠲᠠᠷᠢᠶᠠᠴᠢᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠪᠣᠳᠠᠰ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠮᠠᠯᠴᠢᠳ ᠲᠠᠷᠢᠶᠠᠴᠢᠨ ᠳᠤ ᠨᠡᠩ ᠭᠦᠢᠴᠡᠳ ᠮᠥᠷᠲᠡᠭᠡᠨ ᠪᠠᠲᠤᠯᠠᠭ᠎ᠠ ᠲᠠᠢ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠤᠭᠠᠷ ᠣᠯᠭᠤᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠪᠠ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠲᠦᠯᠬᠢᠨ ᠠᠬᠢᠭᠤᠯᠬᠤ ᠳᠤ ᠪᠠᠶᠢᠭᠤᠯᠤᠯ ᠤᠨ ᠪᠠᠲᠤᠯᠠᠭ᠎ᠠ ᠣᠯᠭᠤᠬᠤ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠠᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃      ︽ᠲᠥᠰᠦᠯ︾᠎ ᠳᠤ ᠴᠢᠬᠤᠯᠠᠴᠢᠯᠠᠭᠰᠠᠨ ᠨᠢ᠂ ᠮᠠᠨ ᠤ ᠣᠷᠣᠨ ᠨᠢ ᠤᠯᠤᠰ ᠠᠴᠠ ᠪᠦᠬᠦ ᠤᠯᠤᠰ ᠤᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠪᠦᠬᠦ ᠮᠤᠵᠢ ᠶᠢᠨ ᠬᠡᠪᠴᠢᠶᠡᠨ᠎ᠡ ᠲᠦᠯᠬᠢᠨ ᠠᠬᠢᠭᠤᠯᠬᠤ ᠮᠤᠵᠢ ᠤᠷᠤᠨ ᠢᠶᠠᠷ ᠲᠣᠭᠲᠠᠭᠠᠭᠳᠠᠵᠤ᠂ 2016 ᠣᠨ ᠠᠴᠠ ᠡᠬᠢᠯᠡᠨ᠂ ᠮᠠᠨ ᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠠᠵᠢᠯ ᠢ ᠪᠦᠬᠦ ᠳᠠᠶᠠᠭᠠᠷ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 2018 ᠣᠨ ᠤ ᠵᠢᠯ ᠤᠨ ᠡᠴᠦᠰ ᠪᠣᠯᠬᠤ ᠳᠤ ᠪᠥᠬᠦ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠪᠡ᠃      ︽ᠲᠥᠰᠦᠯ︾᠎ ᠳᠤ ᠱᠠᠭᠠᠷᠳᠠᠭᠰᠠᠨ ᠨᠢ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠠᠵᠢᠯ ᠢ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠷᠢᠮᠳᠠᠯᠠᠬᠤ ᠪᠠ ᠪᠦᠷᠢᠨᠰᠢᠭᠦᠯᠵᠦ᠂ ᠲᠣᠭᠲᠠᠭᠤᠨ ᠪᠠᠶᠢᠳᠠᠯ ᠢ ᠪᠠᠲᠤᠯᠠᠬᠤ᠂ ᠬᠠᠤᠯᠢ ᠶᠣᠰᠣᠭᠠᠷ ᠵᠢᠷᠤᠮᠵᠢᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠶᠣᠰᠤᠭᠠᠷ᠂ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠶ᠃ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠪᠠᠷ ᠳᠠᠮᠵᠢᠨ᠂ ᠳᠠᠭᠠᠭᠠᠴᠢᠯᠠᠭᠰᠠᠨ ᠭᠠᠵᠠᠷ ᠤᠨ ᠲᠠᠯᠠᠪᠠᠶ ᠨᠢ ᠣᠨᠣᠪᠴᠢ ᠦᠭᠡᠶ᠂ ᠳᠥᠷᠪᠡᠨ ᠵᠠᠬ᠎ᠠ ᠨᠢ ᠲᠣᠳᠣ ᠦᠭᠡᠶ᠂ ᠣᠷᠣᠨ ᠪᠠᠶᠢᠷᠢ ᠨᠢ ᠲᠣᠳᠣᠷᠬᠠᠶ ᠤᠢᠭᠡᠢ᠂ ᠲᠡᠮᠳᠡᠭᠯᠡᠯ ᠤᠨ ᠳᠡᠪᠲᠡᠷ ᠨᠢ ᠪᠦᠷᠢᠨ ᠪᠣᠰᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ᠂ ᠭᠠᠵᠠᠷ ᠰᠢᠷᠣᠶ ᠶᠢᠨ ᠵᠢᠭᠤᠷᠠᠯᠳᠤᠭᠠᠨ ᠢ ᠲᠣᠬᠢᠷᠠᠭᠤᠯᠤᠨ ᠡᠶᠡᠳᠡᠭᠦᠯᠬᠦ᠂ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ᠂ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠥᠯᠥᠪᠦᠷᠢ ᠦᠭᠬᠦ ᠪᠠ ᠪᠠᠷᠢᠴᠠᠭᠠᠨ ᠤ ᠳᠠᠭᠠᠭᠠᠯᠲᠠ ᠬᠢᠬᠦ ᠳᠤ ᠴᠢᠬᠤᠯᠠ ᠦᠨᠳᠦᠰᠦ ᠪᠠᠷᠢᠮᠲᠠ ᠣᠯᠭᠤᠬᠤ ᠬᠡᠷᠡᠭᠲᠡᠢ︔ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠪᠠᠷ ᠳᠠᠮᠵᠢᠨ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠪᠠᠶᠢᠭᠤᠯᠬᠤ᠂ ᠰᠢᠯᠵᠢᠭᠦᠯᠬᠦ᠂ ᠬᠠᠷᠢᠯᠴᠠᠨ ᠰᠣᠯᠢᠬᠤ᠂ ᠬᠤᠪᠢᠷᠠᠭᠤᠯᠬᠤ᠂ ᠪᠠᠷᠢᠴᠠᠭᠠᠯᠠᠬᠤ ᠵᠡᠷᠭᠡ ᠳᠠᠩᠰᠠᠯᠠᠬᠤ ᠳᠦᠷᠢᠮ ᠢ ᠪᠠᠶᠢᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠤᠨ ᠡᠵᠡᠮᠰᠢᠬᠦ᠂ ᠬᠡᠷᠡᠭᠯᠡᠬᠦ᠂ ᠠᠰᠢᠭ ᠬᠦᠷᠲᠡᠬᠦ ᠵᠡᠷᠭᠡ ᠡᠯ᠎ᠡ ᠵᠦᠢᠯ ᠤᠨ ᠡᠷᠬᠡ ᠠᠰᠢᠭ ᠢ ᠨᠤᠲᠠᠯᠠᠬᠤ ᠬᠡᠷᠡᠭᠲᠡᠢ︔ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠡᠩᠰᠠᠯᠠᠵᠦ ᠦᠨᠡᠮᠯᠡᠯ ᠣᠯᠭᠤᠬᠤ ᠪᠠᠷ ᠳᠠᠮᠵᠢᠨ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠡᠷ᠎ᠡ᠂ ᠲᠡᠮᠳᠡᠭᠯᠡᠯ ᠤᠨ ᠳᠡᠪᠲᠡᠷ ᠪᠠ ᠡᠷᠬᠡ ᠶᠢᠨ ᠬᠠᠷᠢᠶᠠᠯᠠᠯ ᠤᠨ ᠦᠨᠡᠮᠯᠡᠯ ᠤᠨ ᠮᠡᠳᠡᠭᠡ ᠵᠠᠩᠬᠢᠵᠢᠯᠲᠠ ᠶᠢ ᠪᠡᠶᠡᠯᠡᠭᠦᠯᠦᠨ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠳᠠᠩᠰᠠᠯᠠᠬᠤ ᠬᠡᠷᠡᠭᠯᠡᠯᠲᠡ ᠶᠢ ᠴᠢᠩᠭᠠᠳᠬᠠᠵᠤ᠂ ᠤᠯᠠᠨ ᠲᠦᠮᠡᠨ ᠤ ᠪᠠᠶᠢᠴᠠᠭᠠᠨ ᠯᠠᠪᠯᠠᠬᠤ ᠳᠤ ᠳᠦᠭᠦᠮ ᠪᠣᠯᠭᠠᠨ᠂ ᠦᠢᠯᠡᠴᠢᠯᠡᠬᠦ ᠬᠠᠮᠢᠶᠠᠷᠬᠤ ᠳᠤ ᠠᠰᠢᠭᠲᠠᠶ ᠪᠠᠶᠢᠯᠭᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠠ ᠰᠢᠨ᠎ᠡ ᠲᠠᠷᠢᠶᠠᠯᠠᠬᠤ ᠤᠷᠤᠨ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号