ᠡᠨᠡ ᠵᠢᠯ ᠥᠪᠡᠷᠲᠡᠭᠡᠨ ᠵᠠᠰᠠᠬᠤ ᠣᠷᠣᠨ ᠪᠠᠶᠢᠭᠤᠯᠤᠮᠵᠢᠳᠤ ᠲᠣᠰᠬᠤᠨ ︵ᠭᠠᠴᠠᠭ᠎ᠠ︶ ᠳᠤ ᠨᠡᠪᠲᠡᠷᠡᠬᠦ 70 | ᠠᠶᠠᠨᠴᠢᠳ ᠤᠨ ᠲᠡᠷᠭᠡ ᠶᠢ ᠰᠢᠨ᠎ᠡ ᠪᠠᠷ ᠨᠡᠮᠡᠬᠦ᠂ ᠬᠥᠬᠡᠬᠤᠲᠠ ᠪᠤᠭᠤᠲᠤ ᠤᠷᠳᠤᠰ ᠤᠨ ᠵᠠᠮ ᠬᠠᠷᠢᠯᠴᠠᠭ᠎ᠠ ᠶᠢ ᠨᠢᠭᠡ | ᠯᠡ ᠺᠠᠷᠲ ᠬᠡᠷᠡᠭᠯᠡᠬᠦ ᠬᠤᠲᠠ ᠪᠣᠯᠭᠠᠨ ᠨᠡᠪᠲᠡᠷᠡᠭᠦᠯᠬᠦ᠂ ᠠᠶᠠᠨᠴᠢᠳ ᠤᠨ ᠲᠡᠭᠡᠭᠡᠪᠦᠷᠢ ᠶᠢᠨ ᠪᠢᠯᠧᠲ ᠬᠤᠳᠠᠯᠳᠤᠬᠤ | ᠰᠢᠰᠲ᠋ᠧᠮ ᠢ ᠪᠦᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠠᠶᠠᠨᠴᠢᠦᠨ ᠤᠨ ᠲᠡᠭᠡᠭᠡᠪᠦᠷᠢ ᠶᠢᠨ | ᠦᠷᠳᠡᠭᠡ ᠪᠣᠯᠭᠠᠨ ᠲᠣᠣᠷᠵᠢᠭᠤᠯᠤᠨ ᠪᠦᠷᠬᠦᠭᠦᠯᠬᠦ᠂ ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ | ᠪᠠᠶᠢᠭᠤᠯᠤᠮᠵᠢ ᠨᠤᠭᠤᠳ ᠤᠨ ᠦᠢᠯᠡᠴᠢᠯᠡᠭᠡᠨ ᠤ ᠵᠠᠭᠪᠤᠷ ᠤᠨ ᠥᠭᠡᠷᠡᠴᠢᠯᠡᠯᠲᠡ ᠶᠢᠨ ᠪᠦᠷᠬᠦᠴᠡ ᠶᠢᠨ ᠨᠤᠷᠮ᠎ᠠ ᠶᠢ | 50 % ᠠᠴᠠ ᠳᠡᠭᠡᠭᠰᠢ ᠪᠣᠯᠭᠠᠬᠤ᠂ ᠭᠤᠣᠯᠳᠠᠯᠭ᠎ᠠ ᠲᠠᠢ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢ | ᠰᠦᠯᠵᠢᠶ᠎ᠡ ᠳᠤ ᠣᠷᠣᠭᠤᠯᠤᠨ ᠬᠤᠯᠪᠣᠭᠠᠯᠠᠨ ᠡᠵᠡᠮᠳᠡᠬᠦ ᠰᠢᠰᠲ᠋ᠧᠮ ᠢ ᠪᠦᠷᠢᠨ ᠪᠦᠷᠬᠦᠭᠦᠯᠬᠦ ᠵᠡᠷᠭᠡ 5 ᠵᠦᠢᠯ ᠤᠨ | ᠠᠷᠠᠳ ᠤᠨ ᠠᠮᠢᠳᠤᠷᠠᠯ ᠤᠨ ᠬᠠᠮᠢᠶᠠᠲᠠᠢ ᠪᠣᠳᠠᠲᠤ ᠠᠵᠢᠯ ᠢ ᠬᠦᠴᠦ ᠲᠠᠯᠪᠢᠨ ᠰᠠᠶᠢᠲᠤᠷ ᠬᠢᠬᠦ ᠪᠣᠯᠣᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠪᠣᠯᠲᠠᠯ᠎ᠠ᠂ ᠪᠦᠬᠦ ᠣᠷᠣᠨ ᠤ ᠠᠶᠠᠨᠴᠢᠳ ᠤᠨ ᠲᠡᠷᠭᠡ ᠨᠡᠪᠲᠡᠷᠡᠭᠰᠡᠨ | ᠦᠭᠡᠢ ᠪᠠᠶᠢᠭᠤᠯᠤᠮᠵᠢᠳᠤ ᠲᠣᠰᠬᠤᠨ ︵ᠭᠠᠴᠠᠭ᠎ᠠ︶ ᠨᠡᠶᠢᠲᠡ 192 ᠪᠠᠶᠢᠵᠤ᠂ 80 % ᠣᠷᠴᠢᠮ ᠨᠢ ᠰᠢᠯᠢ ᠶᠢᠨ | ᠭᠤᠣᠯ ᠠᠶᠢᠮᠠᠭ᠂ ᠤᠯᠠᠭᠠᠨᠴᠠᠪ ᠬᠤᠳᠠ᠂ ᠤᠯᠠᠭᠠᠨᠬᠠᠳᠠ ᠬᠤᠳᠠ ᠳᠤ ᠲᠥᠪᠯᠡᠷᠡᠵᠦ ᠪᠣᠢ᠃ ᠡᠨᠡ ᠵᠢᠯ᠂ | ᠪᠠᠶᠢᠭᠤᠯᠤᠮᠵᠢᠳᠤ ᠲᠣᠰᠬᠤᠨ ︵ᠭᠠᠴᠠᠭ᠎ᠠ︶ ᠳᠤ 70 ᠠᠶᠠᠨᠴᠢᠳ ᠤᠨ ᠲᠡᠷᠭᠡ ᠶᠢ ᠰᠢᠨ᠎ᠡ ᠪᠠᠷ ᠨᠡᠪᠲᠡᠷᠡᠭᠦᠯᠵᠦ᠂ | ᠲᠡᠷᠭᠡ ᠨᠡᠪᠲᠡᠷᠡᠬᠦ ᠨᠤᠷᠮ᠎ᠠ ᠶᠢ 98.93 % ᠳᠤ ᠬᠦᠷᠦᠭᠦᠯᠦᠨ᠎ᠡ᠃ ᠪᠤᠭᠤᠲᠤ ᠬᠤᠲᠠ ᠶᠢᠨ ︽ᠯᠦ ᠴᠧᠩ ᠲᠦᠩ︾ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠺᠠᠷᠲ ᠣᠳᠣᠬᠠᠨ ᠳᠤ ᠪᠦᠬᠦ ᠤᠯᠤᠰ ᠤᠨ ᠬᠠᠷᠢᠯᠴᠠᠨ | ᠨᠡᠪᠲᠡᠷᠡᠯᠴᠡᠬᠦ ᠲᠠᠪᠴᠠᠩ ᠳᠤ ᠨᠢᠭᠡᠨᠲᠡ ᠠᠯᠪᠠᠨ ᠶᠣᠰᠣᠭᠠᠷ ᠵᠠᠯᠭᠠᠵᠤ᠂ ᠪᠦᠬᠦ ᠤᠯᠤᠰ ᠤᠨ 33 ᠬᠤᠳᠠ ᠲᠠᠢ | ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠪᠡ᠃ | ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠥᠬᠡᠬᠤᠲᠠ ᠪᠣᠯᠤᠨ ᠣᠷᠳᠣᠰ ᠤᠨ | ᠰᠢᠰᠲ᠋ᠧᠮ ᠢ ᠳᠡᠰ ᠳᠡᠪᠰᠢᠨ ᠥᠭᠡᠷᠡᠴᠢᠯᠡᠬᠦ ᠪᠠ ᠨᠢᠭᠤᠴᠠ ᠲᠦᠯᠬᠢᠭᠦᠷ ᠢ ᠪᠣᠳᠠᠲᠠᠶ ᠰᠢᠯᠭᠠᠵᠤ᠂ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠥᠷ | ᠮᠣᠩᠭᠤᠯ ᠤᠨ ᠲᠡᠮᠦᠷ ᠵᠠᠮ ᠤᠨ ᠠᠶᠠᠨᠴᠢᠳ ᠤᠨ ᠪᠢᠯᠧᠲ ᠬᠤᠳᠠᠯᠳᠤᠬᠤ ᠲᠣᠣᠷᠵᠢᠭᠤᠯᠤᠭᠰᠠᠨ ᠬᠠᠮᠢᠶᠠᠷᠤᠯᠲᠠ ᠶᠢᠨ | ᠳᠦᠷᠢᠮ ᠪᠠ ᠦᠨ᠎ᠡ ᠲᠥᠯᠥᠪᠦᠷᠢ ᠶᠢᠨ ᠲᠠᠰᠤᠯᠤᠨ ᠪᠤᠳᠤᠬᠤ ᠳᠦᠷᠢᠮ ᠢ ᠨᠡᠶᠢᠲᠡᠯᠡᠨ᠎ᠡ︔ 7 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠰᠠᠷ᠎ᠠ ᠪᠦᠷᠢ ᠰᠢᠪᠠᠳᠠᠨ ᠰᠢᠢᠳᠪᠦᠷᠢᠯᠡᠭᠦᠯᠬᠦ ᠪᠠ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠬᠤ ᠪᠠᠷ ᠳᠠᠮᠵᠢᠭᠤᠯᠤᠨ᠂ ᠪᠦᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠠᠶᠠᠨᠴᠢᠨ ᠤ | ᠲᠡᠭᠡᠭᠡᠪᠦᠷᠢ ᠶᠢᠨ ᠦᠷᠳᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠠᠷᠠᠴᠢᠯᠠᠨ ᠬᠠᠮᠠᠭᠠᠯᠠᠬᠤ ᠪᠦᠯᠬᠦᠮ ᠢ | ᠵᠣᠬᠢᠶᠠᠨ ᠪᠠᠶᠢᠭᠤᠯᠦᠨ᠎ᠡ︔ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠶᠠᠳᠤᠭᠠᠷ ᠳᠡᠰ ᠠᠴᠠ | ᠳᠡᠭᠡᠭᠰᠢᠬᠢ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢᠨ ᠢᠨᠲ᠋ᠧᠷ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ᠂ | ᠭᠠᠷ ᠤᠲᠠᠰᠤᠨ ᠤ APP ᠪᠠᠷ ᠪᠢᠯᠧᠲ ᠬᠤᠳᠠᠯᠳᠤᠬᠤ᠂ ᠸᠢᠴᠠᠲ ᠢᠶᠠᠷ ᠪᠢᠯᠧᠲ ᠬᠤᠳᠠᠯᠳᠤᠬᠤ᠂ ᠠᠦ᠋ᠲ᠋ᠣ᠋ | ᠦᠵᠦᠭᠦᠷ ᠢᠶᠠᠷ ᠪᠢᠯᠧᠲ ᠬᠤᠳᠠᠯᠳᠤᠬᠤ ᠶᠢ ᠦᠷᠭᠦᠯᠵᠢᠯᠡᠨ ᠲᠣᠭᠲᠠᠭᠤᠨ ᠢᠶᠠᠷ ᠡᠵᠡᠩᠨᠡᠬᠦ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠡᠨᠡ ᠵᠢᠯ ᠤᠨ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠰᠢᠨ ᠲᠡᠷᠭᠡᠨ ᠤ ᠵᠢᠯᠣᠭᠤᠴᠢ | ᠪᠣᠯᠪᠠᠰᠤᠷᠠᠭᠤᠯᠬᠤ ᠪᠠᠶᠢᠭᠤᠯᠤᠮᠵᠢ ᠨᠤᠭᠤᠳ ᠤᠨ ᠦᠢᠯᠡᠴᠢᠯᠡᠭᠡᠨ ᠤ ᠵᠠᠭᠪᠤᠷ ᠤᠨ ᠥᠭᠡᠷᠡᠴᠢᠯᠡᠯᠲᠡ ᠶᠢᠨ ᠪᠦᠷᠬᠦᠴᠡ | ᠶᠢᠨ ᠨᠤᠷᠮ᠎ᠠ ᠶᠢ 50 % ᠠᠴᠠ ᠳᠡᠭᠡᠭᠰᠢ ᠪᠣᠯᠭᠠᠬᠤ ᠶᠢ ᠪᠡᠶᠡᠯᠡᠭᠦᠯᠦᠨ᠎ᠡ︔ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠯᠣᠭᠤᠴᠢ ᠪᠣᠯᠪᠠᠰᠤᠷᠠᠭᠤᠯᠬᠤ ᠬᠢᠨᠠᠯᠲᠠ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠬᠦ ᠤᠯᠤᠰ ᠤᠨ ᠵᠢᠯᠣᠭᠤᠴᠢ ᠶᠢᠨ ᠪᠣᠯᠪᠠᠰᠤᠷᠠᠯ ᠤᠨ ᠳ᠋ᠠᠶᠢᠲ᠋ᠠ | ᠰᠣᠯᠢᠯᠴᠠᠭ᠎ᠠ ᠪᠣᠯᠤᠨ ᠦᠢᠯᠡᠴᠢᠯᠡᠭᠡᠨ ᠤ ᠲᠠᠪᠴᠠᠩ ᠢ ᠵᠣᠯᠭᠠᠭᠤᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ | ᠪᠦᠲᠦᠮᠵᠢᠲᠡᠢ ᠳᠠᠮᠵᠢᠬᠤ ᠶᠢ ᠪᠡᠶᠡᠯᠡᠭᠦᠯᠦᠨ᠎ᠡ᠃ ᠡᠨᠡ ᠵᠢᠯ ᠭᠤᠣᠯᠳᠠᠯᠭ᠎ᠠ ᠲᠠᠢ ᠲᠡᠭᠡᠭᠡᠪᠦᠷᠢ ᠡᠵᠡᠩᠨᠡᠵᠦ ᠪᠠᠶᠢᠭ᠎ᠠ | ᠲᠡᠷᠭᠡ ᠬᠥᠰᠬᠡ ᠶᠢ ᠰᠦᠯᠵᠢᠶ᠎ᠡ ᠳᠤ ᠣᠷᠣᠭᠤᠯᠤᠨ ᠬᠤᠯᠪᠣᠭᠠᠯᠠᠨ ᠡᠵᠡᠮᠳᠡᠬᠦ ᠰᠢᠰᠲ᠋ᠧᠮ ᠤᠨ ᠪᠦᠷᠢᠨ ᠪᠦᠷᠬᠦᠭᠦᠯᠬᠦ ᠶᠢ | ᠪᠡᠶᠡᠯᠡᠭᠦᠯᠵᠦ᠂ 2018 ᠣᠨ ᠪᠣᠯᠬᠤ ᠳᠤ 95 % ᠠᠴᠠ ᠳᠡᠭᠡᠭᠰᠢ ᠲᠡᠷᠭᠡ ᠬᠥᠰᠬᠡ ᠶᠢ ᠰᠦᠯᠵᠢᠶᠡᠨ ᠳᠤ | ᠣᠷᠣᠭᠤᠯᠬᠤ ᠶᠢ ᠪᠡᠶᠡᠯᠡᠭᠦᠯᠦᠨ᠎ᠡ᠃ |