ᠨᠢᠭᠡᠳᠦᠭᠡᠷ ᠤᠯᠠᠷᠢᠯ ᠤᠨ ᠮᠠᠨ ᠤ ᠣᠷᠣᠨ ᠤ ᠤᠮᠠᠷᠠᠰᠢ ᠨᠡᠭᠡᠭᠡᠬᠦ ᠠᠵᠤ ᠠᠬᠤᠶ ᠠᠷᠠᠯᠵᠢᠶ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2016/4/29
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠣᠷᠣᠨ ᠪᠣᠯᠤᠨ ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ  ᠰᠣᠯᠢᠯᠴᠠᠭᠠᠨ ᠤ ᠠᠵᠢᠯᠯᠠᠭ᠎ᠠ ᠤᠯᠠᠮ ᠨᠢᠭᠲᠠᠷᠠᠪᠠ᠃ ᠭᠠᠳᠠᠭᠠᠳᠤ ᠠᠷᠠᠯᠵᠢᠶᠠᠨ ᠤ ᠲᠠᠯ᠎ᠠ ᠪᠠᠷ᠂ ᠣᠷᠣᠰ ᠯᠤᠭ᠎ᠠ ᠶᠢᠨ ᠠᠷᠠᠯᠵᠢᠶᠠᠨ ᠤ ᠳᠤᠷᠤᠭᠰᠢᠯᠠᠯᠲᠠ ᠵᠤᠭᠰᠤᠨ ᠳᠡᠭᠡᠭᠰᠢᠯᠡᠵᠦ᠂ ᠮᠤᠩᠭᠤᠯ ᠤᠨ ᠠᠷᠠᠯᠵᠢᠶ᠎ᠠ ᠶᠢᠨ ᠪᠠᠭᠤᠷᠠᠯᠲᠠ ᠪᠠᠭᠠᠰᠪᠠ᠃ ᠣᠷᠣᠰ ᠯᠤᠭ᠎ᠠ ᠶᠢᠨ ᠬᠤᠶᠠᠷ ᠲᠠᠯ᠎ᠠ ᠶᠢᠨ ᠠᠷᠠᠯᠵᠢᠶ᠎ᠠ 6.42 ᠳ᠋ᠦᠩᠰᠢᠭᠤᠷ ᠳ᠋ᠣᠯᠯᠠᠷ ᠲᠤ ᠬᠦᠷᠴᠦ᠂ 1.8% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.7 ᠵᠠᠭᠤᠨ ᠤ ᠴᠡᠭ ᠢᠶᠠᠷ ᠳᠡᠭᠡᠭᠰᠢᠯᠡᠭᠰᠡᠨ ᠪᠠᠶᠢᠨ᠎ᠠ᠂ ᠡᠭᠦᠨ ᠳᠤ ᠣᠷᠣᠰ ᠲᠤ ᠭᠠᠷᠭᠠᠭᠰᠠᠨ ᠭᠠᠷᠭᠠᠯᠲᠠ1.49 ᠳ᠋ᠦᠩᠰᠢᠭᠤᠷ ᠳ᠋ᠣᠯᠯᠠᠷ ᠲᠤ ᠬᠦᠷᠴᠦ᠂ 98.3% ᠨᠡᠮᠡᠭᠳᠡᠵᠦ᠂ ᠭᠠᠳᠠᠭᠠᠳᠤ ᠭᠠᠷᠭᠠᠯᠲᠠ 4.94 ᠳ᠋ᠦᠩᠰᠢᠭᠤᠷ ᠳ᠋ᠣᠯᠯᠠᠷ ᠲᠤ ᠬᠦᠷᠴᠦ᠂ 11. 2% ᠳᠣᠷᠣᠭᠰᠢᠯᠠᠵᠤ᠂ 1 —2 ᠳ᠋ᠤᠭᠠᠷ  ᠰᠠᠷ᠎ᠠ ᠶᠢᠨ ᠬᠢ ᠠᠴᠠ 6.2 ᠵᠠᠭᠤᠨ ᠤ ᠴᠡᠭ ᠢᠶᠠᠷ ᠳᠤᠷᠤᠭᠰᠢᠯᠠᠪᠠ᠃ ᠮᠣᠩᠭᠤᠯ ᠯᠤᠭ᠎ᠠ ᠶᠢᠨ ᠬᠤᠶᠠᠷ ᠲᠠᠯ᠎ᠠ ᠶᠢᠨ ᠠᠷᠠᠯᠵᠢᠶ᠎ᠠ 6.06 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ19.7% ᠪᠠᠭᠤᠷᠠᠵᠤ᠂ 1 —2 ᠳ᠋ᠤᠭᠠᠷ ᠰᠠᠷ᠎ᠠ ᠶᠢᠨ ᠬᠢ ᠠᠴᠠ8 ᠵᠠᠭᠤᠨ ᠤ ᠴᠡᠭ ᠢᠶᠠᠷ ᠪᠠᠭᠠᠰᠴᠠᠢ᠂ ᠡᠭᠦᠨ ᠳᠤ ᠮᠣᠩᠭᠤᠯ ᠳᠤ ᠭᠠᠷᠭᠠᠭᠰᠠᠨ ᠭᠠᠷᠭᠠᠯᠲᠠ 0.72 ᠳ᠋ᠦᠩᠰᠢᠭᠤᠷ ᠳ᠋ᠣᠯᠯᠠᠷ ᠲᠤ ᠬᠦᠷᠴᠦ᠂ 41.8% ᠳᠣᠷᠣᠭᠰᠢᠯᠠᠵᠤ᠂ ᠭᠠᠳᠠᠭᠠᠳᠤ ᠤᠷᠤᠭᠤᠯᠤᠯᠲᠠ 5.34 ᠳ᠋ᠦᠩᠰᠢᠭᠤᠷ ᠳ᠋ᠣᠯᠯᠠᠷ ᠲᠤ ᠬᠦᠷᠴᠦ᠂ 15.3% ᠪᠠᠭᠤᠷᠠᠪᠠ︔ ᠭᠠᠳᠠᠭᠠᠳᠤ ᠯᠤᠭ᠎ᠠ ᠶᠢᠨ ᠠᠵᠤ ᠠᠬᠤᠶ ᠮᠡᠷᠭᠡᠵᠢᠯ ᠤᠨ ᠬᠠᠮᠲᠤᠷᠠᠨ ᠠᠵᠢᠯᠯᠠᠬᠤ ᠲᠠᠯ᠎ᠠ ᠪᠠᠷ᠂ ᠮᠠᠨ ᠤ ᠣᠷᠣᠨ ᠤ14 ᠠᠵᠤ ᠠᠬᠤᠶᠢᠯᠠᠯ ᠣᠷᠣᠰ ᠤᠨ ᠬᠢᠯᠢ ᠳᠤᠲᠤᠷ᠎ᠠ ᠪᠡᠯᠡ ᠤᠷᠤᠭᠤᠯᠬᠤ ᠪᠠᠷ ᠳᠠᠩᠰᠠᠯᠠᠭᠤᠯᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 4 ᠨᠡᠮᠡᠭᠳᠡᠵᠦ᠂  ᠳᠤᠮᠳᠠᠳᠤ ᠤᠯᠤᠰ ᠤᠨ ᠲᠠᠯ᠎ᠠ ᠠᠴᠠ 4402.41 ᠲᠦᠮᠡᠨ ᠳ᠋ᠣᠯᠯᠠᠷ ᠤᠨ ᠪᠡᠯᠡ ᠤᠷᠤᠭᠤᠯᠬᠤ ᠪᠠᠷ ᠬᠡᠯᠡᠯᠴᠡᠭᠡᠷ ᠲᠤᠭᠳᠠᠵᠤ᠂ ᠠᠳᠠᠯᠢ ᠬᠤᠭᠤᠴᠠᠭᠠᠨ ᠤ ᠬᠢ ᠠᠴᠠ 1.26 ᠲᠠᠬᠢᠨ ᠨᠡᠮᠡᠭᠳᠡᠵᠡᠶ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠨᠢ ᠭᠤᠣᠯᠳᠠᠭᠤ ᠣᠶ ᠮᠤᠳᠤ ᠣᠭᠲᠣᠯᠬᠤ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠢᠳᠡᠭᠡᠨ ᠪᠣᠯᠪᠠᠰᠤᠷᠠᠭᠤᠯᠬᠤ᠂ ᠵᠣᠴᠢᠳ ᠤᠨ ᠪᠠᠭᠤᠳᠠᠯ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠦᠢᠯᠡᠰ ᠪᠤᠯᠤᠨ᠎ᠠ᠃ ᠮᠣᠩᠭᠤᠯ ᠤᠯᠤᠰ ᠲᠤ 7 ᠠᠵᠤ ᠠᠬᠤᠶᠢᠯᠠᠯ ᠪᠡᠯᠡ ᠤᠷᠤᠭᠤᠯᠬᠤ ᠪᠠᠷ ᠳᠠᠩᠰᠠᠯᠠᠭᠤᠯᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠦ᠂ ᠳᠤᠮᠳᠠᠳᠤ ᠤᠯᠤᠰ ᠤᠨ ᠲᠠᠯ᠎ᠠ ᠠᠴᠠ2604.13 ᠲᠦᠮᠡᠨ ᠳ᠋ᠣᠯᠯᠠᠷ ᠤᠨ ᠪᠡᠯᠡ ᠤᠷᠤᠭᠤᠯᠬᠤ ᠪᠠᠷ ᠬᠡᠯᠡᠯᠴᠡᠭᠡᠷ ᠲᠤᠭᠲᠠᠵᠤ᠂ ᠠᠳᠠᠯᠢ ᠬᠤᠭᠤᠴᠠᠭᠠᠨ ᠤ ᠬᠢ ᠠᠴᠠ 3.96 ᠳᠠᠬᠢᠨ ᠨᠡᠮᠡᠭᠳᠡᠵᠡᠢ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠨᠢ ᠭᠤᠣᠯᠳᠠᠭᠤ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠮᠡᠳᠡᠭᠡ ᠵᠠᠩᠭᠢ ᠳᠠᠮᠵᠢᠭᠤᠯᠬᠤ ᠦᠢᠯᠡᠴᠢᠯᠡᠭᠡ᠂ ᠲᠡᠮᠦᠷᠯᠢᠭ ᠬᠠᠶᠢᠯᠤᠭᠤᠯᠬᠤ᠂ ᠮᠠᠯ ᠠᠵᠤ ᠠᠬᠤᠢ ᠶᠢᠨ ᠦᠢᠯᠡᠰ ᠪᠤᠯᠤᠨ᠎ᠠ᠃ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠲᠠᠯ᠎ᠠ ᠪᠠᠷ᠂ ᠮᠣᠩᠭᠤᠯ ᠤᠯᠤᠰ ᠮᠠᠨ ᠤ ᠣᠷᠣᠨ ᠤ ᠲᠦᠩᠯᠢᠶᠣᠤ ᠬᠤᠲᠠ ᠳᠤ 1 ᠦᠢᠯᠡᠳᠬᠦ ᠦᠢᠯᠡᠰ ᠤᠨ ᠳᠤᠮᠳᠠᠳᠤ ᠭᠠᠳᠠᠭᠠᠳᠦ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠢ ᠪᠡᠯᠡ ᠤᠷᠤᠭᠤᠯᠤᠨ ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号