︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠲᠠᠢ ᠭᠦᠨᠵᠡᠭᠡᠶ ᠠᠭᠤᠰᠤᠯᠴᠠᠵᠤ  ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2016/4/29
     ᠥᠪᠥᠷ ᠮᠣᠩᠭᠤᠯ ᠢ ᠤᠮᠠᠷᠠᠰᠢ ᠨᠡᠭᠡᠭᠡᠬᠦ ᠴᠢᠬᠤᠯᠠ ᠬᠥᠭᠦᠷᠭᠡ ᠪᠣᠯᠭᠠᠨ ᠪᠠᠶᠢᠭᠤᠯᠵᠤ᠂ ᠬᠢᠯᠢ ᠳᠠᠭᠠᠤ ᠨᠡᠭᠡᠭᠡᠯᠲᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠵᠤ ᠠᠬᠤᠶ ᠶᠢᠨ ᠪᠦᠰᠡ ᠪᠣᠯᠭᠠᠨ ᠪᠦᠲᠦᠭᠡᠨ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠭᠠᠳᠠᠭᠰᠢ ᠨᠡᠭᠡᠭᠡᠬᠦ ᠪᠠᠶᠢᠯᠳᠤᠬᠤ ᠪᠤᠳᠤᠯᠭ᠎ᠠ ᠶᠢᠨ ᠶᠡᠭᠡ ᠪᠠᠶᠢᠷᠢᠰᠢᠯ ᠢ ᠢᠳᠡᠪᠬᠢᠲᠡᠶ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠠᠳ᠂ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠣᠭᠰᠠᠨ ᠪᠠᠶᠢᠨ᠎ᠠ᠃      ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠲᠠᠢ ᠭᠦᠨᠵᠡᠭᠡᠢ ᠠᠭᠤᠰᠤᠯᠴᠠᠪᠠ᠃ ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠪᠦᠬᠦ ᠲᠤᠭ᠎ᠠ ᠨᠢ ᠨᠡᠶᠢᠲᠡ 623.8 ᠳ᠋ᠦᠩᠰᠢᠭᠤᠷ ᠳ᠋ᠣᠯᠯᠠᠷ ᠲᠤ ᠬᠦᠷᠴᠦ᠂ ︽11·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ 1.64 ᠳᠠᠬᠢᠨ ᠲᠠᠢ ᠲᠡᠩᠴᠡᠵᠡᠢ᠃ ᠪᠡᠭᠡᠵᠢᠩ ᠲᠢᠶᠠᠨᠵᠢᠨ ᠾᠧᠪᠧᠶ᠂ ᠵᠡᠭᠦᠨ ᠬᠤᠶᠢᠲᠤ ᠣᠷᠣᠨ ᠪᠠ ᠬᠥᠭᠵᠢᠭᠰᠡᠨ ᠮᠤᠵᠢ ᠬᠤᠳᠠ᠂ ᠰᠢᠶᠠᠩᠭᠠᠩ ᠣᠣᠮᠧᠨ ᠲᠠᠶᠢᠸᠠᠨ ᠤ ᠪᠤᠲᠠᠲᠠᠢ ᠬᠤᠷᠰᠢᠯᠴᠠᠭ᠎ᠠ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠴᠢᠯᠥᠭᠡᠲᠡᠶ ᠶᠠᠪᠤᠯᠴᠠᠬᠤ ᠪᠠᠶᠢᠷᠢᠰᠢᠯ ᠢ ᠲᠦᠷᠭᠡᠨ ᠪᠣᠢ ᠪᠣᠯᠭᠠᠪᠠ᠃      ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠪᠠ᠃ ᠤᠷᠤᠰ ᠮᠣᠩᠭᠤᠯ ᠲᠠᠢ ᠬᠠᠮᠲᠤᠷᠠᠯᠴᠠᠬᠤ ᠲᠣᠭᠲᠠᠴᠠ ᠶᠢ ᠰᠢᠨ᠎ᠡ ᠪᠠᠷ ᠡᠭᠦᠳᠴᠦ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠢ ᠬᠠᠮᠲᠤ ᠪᠠᠷ ᠵᠥᠪᠳᠡᠯᠴᠡᠨ ᠬᠠᠮᠲᠤ ᠪᠠᠷ ᠪᠠᠶᠢᠭᠤᠯᠵᠤ᠂ ᠬᠥᠯᠥᠨ ᠪᠤᠶᠢᠷ ᠲᠠᠬᠢ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠪᠠᠶᠢᠭᠤᠯᠤᠯᠲᠠ ᠶᠢ ᠤᠯᠤᠰ ᠠᠴᠠ ᠴᠣᠬᠤᠯᠠᠪᠤᠷᠢᠯᠠᠨ ᠵᠥᠪᠰᠢᠶᠡᠷᠡᠵᠦ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠳᠠᠪᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠪᠠ᠃      ᠪᠦᠬᠦ ᠣᠷᠣᠨ ᠤ ᠠᠩᠬᠠᠳᠠᠭᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠠᠶᠢᠭᠤᠯᠪᠠ᠃ 2015 ᠣᠨ ᠤ 3 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨᠵᠤᠤᠷ ᠲᠤ ᠭᠠᠶᠢᠯᠢ ᠪᠠᠲᠤᠯᠠᠬᠤ ᠶᠡᠷᠦᠩᠬᠡᠶᠢᠯᠡᠭᠰᠡᠨ ᠲᠣᠭᠤᠷᠢᠭ ᠪᠠᠶᠢᠭᠤᠯᠬᠤ ᠶᠢ ᠵᠢᠩᠬᠢᠨᠢ ᠪᠠᠷ ᠴᠣᠬᠤᠯᠠᠪᠤᠷᠢᠯᠠᠵᠤ᠂ ᠲᠤᠰ ᠲᠣᠭᠤᠷᠢᠭ ᠲᠤ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠭᠠᠶᠢᠯᠢ ᠪᠠᠲᠤᠯᠠᠬᠤ ᠰᠠᠩ ᠬᠥᠮᠥᠷᠭᠡ᠂ ᠤᠯᠠᠨ ᠤᠯᠤᠰ ᠤᠨ ᠠᠷᠠᠯᠵᠢᠶ᠎ᠠ ᠪᠠ ᠭᠠᠶᠢᠯᠢ ᠪᠠᠲᠤᠯᠠᠬᠤ ᠪᠣᠯᠪᠠᠰᠤᠷᠠᠭᠤᠯᠤᠯᠲᠠ ᠵᠡᠷᠭᠡ ᠲᠥᠷᠪᠡᠨ ᠲᠤᠮᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠢᠳᠡᠭ ᠢᠳᠡᠭ ᠢᠶᠠᠷ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠴᠢᠬᠤᠯᠠ ᠦᠢᠯᠡᠳᠪᠦᠷᠢᠯᠡᠯ ᠤᠨ ᠦᠢᠯᠡᠴᠢᠯᠡᠭᠡᠨ ᠤ ᠰᠠᠭᠤᠷᠢᠨ ᠭᠠᠵᠠᠷ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ᠂ ᠪᠥᠭᠡᠮ ᠲᠠᠸᠠᠷ ᠤᠨ ᠠᠷᠠᠯᠵᠢᠶᠠᠨ ᠤ ᠭᠠᠵᠠᠷ᠂ ᠦᠢᠯᠡᠳᠬᠦ ᠦᠢᠯᠡᠰ ᠤᠨ ᠪᠣᠯᠪᠠᠰᠤᠷᠠᠭᠤᠯᠤᠨ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠪᠠ ᠣᠯᠠᠨ ᠤᠯᠤᠰ ᠤᠨ ᠦᠵᠡᠰᠬᠦᠯᠡᠩ ᠴᠤᠭᠯᠠᠭᠠᠨ ᠤ ᠲᠥᠪ ᠪᠣᠯᠣᠨ ᠬᠥᠭᠵᠢᠵᠦ᠂ ᠪᠦᠭᠦ ᠤᠯᠤᠰ ᠲᠤ ᠦᠢᠯᠡᠴᠢᠯᠡᠬᠦ᠂ ᠤᠷᠤᠰ ᠮᠣᠩᠭᠤᠯ ᠳᠤ ᠬᠠᠨᠳᠤᠭᠤᠯᠤᠭᠰᠠᠨ᠂ ᠵᠡᠭᠦᠨ ᠬᠤᠶᠢᠲᠤ ᠠᠽᠢᠶ᠎ᠠ ᠳᠤ ᠰᠠᠴᠤᠷᠠᠭᠤᠯᠤᠭᠰᠠᠨ ᠴᠢᠬᠤᠯᠠ ᠠᠴᠢᠶᠠᠯᠠᠪᠤᠷᠢ ᠪᠣᠯᠤᠨ ᠲᠠᠪᠴᠠᠩ ᠪᠣᠯᠪᠠ᠃      ᠤᠮᠠᠷᠠᠰᠢ ᠨᠡᠭᠡᠭᠡᠬᠦ ᠰᠢᠨ᠎ᠡ ᠠᠯᠬᠤᠮ ᠢ ᠠᠯᠬᠤᠪᠠ᠃ 2015 ᠣᠨ ᠤ 8 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 8 ᠶᠠᠮᠤᠨ ᠵᠥᠪᠯᠡᠯ ᠠᠴᠠ ︽ᠬᠥᠯᠥᠨ ᠪᠤᠶᠢᠷ ᠲᠠᠬᠢ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠬᠠᠮᠲᠤᠷᠠᠨ ᠵᠥᠪᠰᠢᠶᠡᠷᠡᠵᠦ᠂ ᠤᠯᠤᠰ ᠠᠴᠠ ᠬᠥᠯᠥᠨ ᠪᠤᠶᠢᠷ ᠤᠨ ᠨᠡᠯᠢᠶᠡᠳ ᠳᠡᠭᠡᠭᠦᠷ ᠨᠡᠭᠡᠭᠡᠯᠲᠡ ᠬᠢᠬᠦ ᠣᠷᠣᠨ ᠲᠣᠭᠲᠠᠭᠠᠯᠲᠠ ᠶᠢ ᠲᠣᠳᠣᠷᠬᠠᠶᠢᠯᠠᠪᠠ᠄ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠴᠢᠬᠤᠯᠠ ᠬᠦᠢᠰᠦ᠂ ᠬᠢᠯᠢ ᠳᠠᠭᠠᠤ ᠶᠢᠨ ᠨᠡᠭᠡᠭᠡᠯᠲᠡ ᠬᠢᠵᠦ ᠬᠠᠮᠲᠤᠷᠠᠯᠴᠠᠨ ᠬᠥᠭᠵᠢᠬᠦ ᠭᠤᠣᠯᠳᠠᠯᠭ᠎ᠠ ᠲᠠᠢ ᠣᠷᠣᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠬᠤᠰᠢᠭᠤᠴᠢ ᠲᠣᠭᠤᠷᠢᠭ᠂ ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠤ ᠵᠢᠱᠢᠶ᠎ᠡ ᠦᠵᠡᠭᠦᠯᠬᠦ ᠣᠷᠣᠨ ᠪᠣᠯᠭᠠᠵᠠᠢ᠃      ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠠᠮᠵᠢᠯᠲᠠ ᠲᠠᠢ ᠡᠷᠬᠢᠯᠡᠪᠡ᠃ 2015 ᠣᠨ ᠤ 10 ᠳ᠋ᠤᠭᠠᠷ ᠰᠠᠷ᠎ᠠ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠡᠷᠬᠢᠯᠡᠵᠡᠢ᠃  ᠮᠣᠩᠭᠤᠯ ᠤᠯᠤᠰ᠂ ᠤᠷᠤᠰ᠂ ᠺᠣᠷᠢᠶᠠ᠂ ᠹᠷᠠᠨᠼᠢ᠂ ᠠᠦ᠋ᠰᠲᠷᠠᠯᠢᠶ᠎ᠠ ᠵᠡᠷᠭᠡ 12 ᠤᠯᠤᠰ ᠪᠣᠯᠤᠨ ᠪᠦᠬᠦ ᠤᠯᠤᠰ ᠤᠨ 28 ᠮᠤᠵᠢ ᠬᠤᠲᠠ ᠵᠢᠴᠢ ᠭᠠᠵᠠᠷ ᠣᠷᠣᠨ ᠤ 8000  ᠭᠠᠷᠤᠢ ᠬᠥᠮᠦᠨ ᠪᠦᠯᠬᠦᠮ ᠦᠵᠡᠰᠬᠦᠯᠡᠩ ᠳᠤ ᠣᠷᠣᠯᠴᠠᠵᠤ᠂ 6.1 ᠲᠦᠮᠡᠨ ᠲᠡᠭᠰᠢ ᠳᠥᠷᠪᠡᠯᠵᠢᠨ ᠮᠧᠲᠷ ᠦᠵᠡᠰᠭᠦᠯᠡᠩ ᠤᠨ ᠲᠠᠯᠠᠪᠠᠢ ᠳᠤ 80 ᠲᠦᠮᠡ ᠭᠠᠷᠤᠢ ᠬᠥᠮᠦᠨ ᠤᠳᠠᠭ᠎ᠠ ᠲᠣᠭᠤᠷᠢᠨ ᠦᠵᠡᠵᠦ᠂ ᠪᠠᠷᠢᠨ ᠠᠷᠠᠯᠵᠢᠶᠠᠯᠠᠭᠰᠠᠨ ᠲᠤᠭ᠎ᠠ ᠵᠢᠴᠢ ᠰᠠᠨᠠᠮᠵᠢ ᠶᠢᠨ ᠬᠡᠯᠡᠯᠴᠡᠭᠡᠷ ᠨᠢ 6 ᠳ᠋ᠦᠩᠰᠢᠭᠤᠷ ᠭᠠᠷᠤᠢ ᠲᠥᠭᠦᠷᠢᠭ ᠲᠤ ᠬᠦᠷᠴᠦ᠂ ᠮᠠᠨ ᠤ ᠤᠯᠤᠰ ᠤᠨ ᠤᠮᠠᠷᠠᠰᠢ ᠨᠡᠭᠡᠭᠡᠬᠦ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠥᠩᠭᠡ ᠬᠡᠷᠡᠯ ᠨᠡᠮᠡᠷᠢᠯᠡᠭᠰᠡᠨ ᠪᠠᠶᠢᠨ᠎ᠠ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ  ᠨᠡᠭᠡᠭᠡᠬᠦ ᠬᠦᠬᠦᠷᠭᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ︾ ᠶᠢ ᠤᠯᠤᠰ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠠᠴᠠ ᠴᠣᠬᠤᠯᠠᠪᠤᠷᠢᠯᠠᠵᠠᠢ᠃ 2015 ᠣᠨ ᠤ 11 ᠳ᠋ᠦ᠋ᠭᠡᠷ ᠰᠠᠷ᠎ᠠ ᠳᠤ᠂ ᠲᠤᠰ ᠲᠥᠯᠥᠪᠵᠢᠭᠦᠯᠭᠡ ᠶᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠴᠣᠬᠤᠯᠠᠪᠤᠷᠢᠯᠠᠵᠤ᠂ ᠮᠠᠨ ᠤ ᠣᠷᠣᠨ ᠤ ᠤᠷᠤᠰ ᠮᠣᠩᠭᠤᠯ ᠲᠠᠢ ᠬᠤᠯᠪᠣᠨ ᠨᠡᠪᠲᠡᠷᠡᠬᠦ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ  ᠶᠢᠨ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠳᠤ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠶᠣᠰᠣᠭᠠᠷ᠂ ᠨᠡᠭᠡᠭᠡᠯᠳᠡ ᠶᠢ ᠥᠷᠭᠡᠳᠬᠡᠬᠦ ᠪᠠᠷ ᠲᠠᠮᠵᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠂ ᠪᠣᠭᠤᠮᠲᠠ ᠶᠢᠨ ᠠᠵᠤ ᠠᠬᠤᠶ ᠶᠢ ᠬᠦᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰ᠂ ᠮᠣᠩᠭᠤᠯ ᠯᠤᠭ᠎ᠠ ᠶᠢᠨ ᠬᠠᠮᠢᠶ᠎ᠠ ᠪᠦᠬᠦᠢ ᠬᠠᠮᠲᠤᠷᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ  ᠭᠦᠨᠵᠡᠭᠡᠶᠢᠷᠡᠭᠦᠯᠦᠨ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠬᠦ ᠴᠢᠬᠤᠯᠠ ᠬᠥᠬᠦᠷᠭᠡ ᠪᠣᠯᠭᠠᠨ ᠪᠠᠶᠢᠭᠤᠯᠬᠤ ᠬᠡᠷᠡᠭᠲᠡᠢ︔ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠬᠤ ᠪᠠᠷ ᠠᠵᠠ ᠳᠣᠬᠢᠶᠠᠯ ᠢᠶᠠᠨ ᠪᠣᠯᠭᠠᠵᠤ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠤᠨ᠂ ᠣᠷᠣᠨ ᠲᠣᠭᠲᠠᠭᠠᠯᠲᠠ ᠪᠠᠨ ᠣᠨᠣᠪᠴᠢᠲᠠᠶ ᠡᠷᠢᠵᠦ᠂  ᠪᠠᠶᠢᠷᠢ ᠰᠣᠯᠪᠢᠴᠠᠨ ᠬᠥᠭᠵᠢᠭᠦᠯᠵᠦ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠶ ᠭᠡᠵᠡᠢ᠃      ᠭᠤᠣᠯᠳᠠᠯᠭ᠎ᠠ ᠲᠠᠢ ᠪᠣᠭᠤᠮᠲᠠ ᠶᠢᠨ ᠲᠦᠷᠭᠡᠨ ᠥᠩᠭᠡᠷᠡᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠪᠡ᠃ 2015 ᠣᠨ ᠤ 11 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠭᠤᠷᠪᠠ ᠬᠤᠯᠪᠣᠭᠠᠯᠠᠭᠰᠠᠨ︾ ᠪᠣᠭᠤᠮᠲᠠ ᠪᠠᠷ ᠲᠦᠷᠭᠡᠨ ᠥᠩᠭᠡᠷᠡᠭᠦᠯᠬᠦ ᠥᠭᠡᠷᠡᠴᠢᠯᠡᠯᠲᠡ ᠶᠢᠨ ᠨᠢᠭᠡᠳᠦᠭᠡᠷ ᠱᠠᠲᠤᠨ ᠤ ᠲᠤᠷᠰᠢᠯᠲᠠ ᠶᠢᠨ ᠲᠥᠷᠥᠯ ᠵᠦᠢᠯ ᠢ ᠡᠷᠢᠶᠡᠨ ᠬᠤᠲᠠ ᠶᠢᠨ ᠪᠣᠭᠤᠮᠲᠠ ᠳᠤ ᠡᠬᠢᠯᠡᠭᠦᠯᠪᠡ᠃ ᠥᠭᠡᠷᠡᠴᠢᠯᠡᠯᠲᠡ ᠬᠢᠭᠰᠡᠨ ᠤ ᠲᠠᠷᠠᠭ᠎ᠠ᠂ ᠪᠣᠭᠤᠮᠲᠠ ᠶᠢᠨ ᠪᠠᠶᠢᠴᠠᠭᠠᠯᠲᠠ ᠶᠢᠨ ︽ᠲᠠᠯᠠᠪᠠᠢ ᠶᠢ ᠬᠠᠮᠲᠤ ᠪᠠᠷ ᠡᠳ᠋ᠯᠡᠬᠦ᠂ ᠬᠤᠯᠪᠣᠭᠠᠯᠠᠨ ᠪᠠᠶᠢᠴᠠᠭᠠᠨ ᠰᠢᠯᠭᠠᠬᠤ︾ ᠵᠠᠭᠪᠤᠷᠰᠢᠯ ᠢ ᠶᠠᠪᠤᠭᠤᠯᠵᠤ ᠪᠣᠭᠤᠮᠲᠠ ᠪᠠᠷ ᠥᠩᠭᠡᠷᠡᠬᠦ ᠭᠠᠷᠳᠠᠮ ᠢ 50% ᠪᠠᠷ ᠪᠠᠭᠠᠰᠬᠠᠵᠤ᠂ ᠪᠣᠭᠤᠮᠲᠠ ᠪᠠᠷ ᠥᠩᠭᠡᠷᠡᠬᠦ ᠴᠠᠭ ᠢ 40% ᠪᠠᠷ ᠪᠣᠭᠤᠨᠢᠰᠬᠠᠪᠠ᠃      ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ︽ᠨᠢᠭᠡ ᠪᠦᠰᠡ ᠨᠢᠭᠡ ᠵᠠᠮ︾ ᠪᠣᠯᠤᠨ ᠤᠮᠠᠷᠠᠰᠢ ᠨᠡᠭᠡᠭᠡᠬᠦ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠦᠢᠯᠡᠴᠢᠯᠡᠪᠡ᠃ 2015 ᠣᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠬᠢᠯᠢ ᠶᠢᠨ ᠪᠠᠶᠢᠴᠠᠭᠠᠯᠲᠠ ᠶᠢᠨ ᠠᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠪᠠᠨ ᠲᠠᠰᠤᠷᠠᠯᠳᠠ ᠥᠬᠡᠢ  ᠰᠢᠯᠢᠳᠡᠭᠵᠢᠭᠦᠯᠵᠦ᠂ ᠬᠢᠯᠢ ᠪᠠᠷ ᠥᠩᠭᠡᠷᠡᠬᠦ ᠰᠢᠯᠭᠠᠨ ᠪᠠᠶᠢᠴᠠᠭᠠᠯᠲᠠ ᠳᠤ 415.1 ᠲᠦᠮᠡᠨ ᠬᠥᠮᠦᠨ ᠤᠳᠠᠭ᠎ᠠ᠂ 120.6 ᠲᠦᠮᠡᠨ ᠵᠠᠮ ᠲᠡᠭᠡᠭᠡᠪᠦᠷᠢ ᠶᠢᠨ ᠪᠠᠭᠠᠵᠢ  ︵ᠭᠠᠯ ᠲᠡᠷᠭᠡ᠂ ᠨᠢᠰᠬᠡᠯ︶ ᠤᠳᠠᠭ᠎ᠠ᠂ 6581.6  ᠲᠦᠮᠡᠨ ᠲᠣᠨ ᠡᠳ᠋ ᠪᠠᠷᠠᠭ᠎ᠠ ᠶᠢ ᠪᠠᠶᠢᠴᠠᠭᠠᠪᠠ᠃       ︽ᠭᠤᠸᠠᠩᠳᠦ᠋ᠩ ᠮᠣᠩᠭᠤᠯ ᠣᠷᠣᠰ︾ ᠤᠨ ᠬᠤᠭᠤᠷᠤᠨᠳᠤᠬᠢ ᠠᠶᠠᠨᠴᠢᠳ ᠤᠨ ᠭᠠᠯᠲᠤ ᠲᠡᠷᠭᠡ ᠲᠤᠷᠰᠢᠨ ᠠᠶᠠᠯᠠᠪᠠ᠃ 2015 ᠣᠨ ᠤ12 ᠳ᠋ᠤᠭᠠᠷ ᠰᠠᠷ᠎ᠠ ᠳᠤ᠂ ︽ᠭᠤᠸᠠᠩᠳᠦ᠋ᠩ ᠮᠣᠩᠭᠤᠯ ᠣᠷᠣᠰ︾ ᠤᠨ ᠬᠤᠭᠤᠷᠤᠨᠳᠤᠬᠢ ᠠᠶᠠᠨᠴᠢᠳ ᠤᠨ ᠭᠠᠯᠲᠤ ᠲᠡᠷᠬᠡ ᠳ᠋ᠦᠩᠭᠤᠸᠠᠨ ᠬᠤᠲᠠ ᠶᠢᠨ ᠱᠢ ᠯᠦᠩ ᠪᠠᠯᠭᠠᠰᠤᠨ ᠤ ᠭᠤᠸᠠᠩᠳᠦ᠋ᠩ ᠤᠨ ᠲᠡᠮᠦᠷ ᠵᠠᠮ ᠤᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠠᠴᠠ  ᠮᠤᠷᠳᠠᠵᠤ᠂ ᠮᠠᠨᠵᠤᠤᠷ ᠪᠣᠭᠤᠮᠲᠠ ᠵᠦᠭ ᠠᠶᠠᠯᠠᠨ᠂ ᠮᠠᠨᠵᠤᠤᠷ ᠪᠣᠭᠤᠮᠲᠠ ᠪᠠᠷ ᠬᠢᠯᠢ ᠳᠠᠪᠠᠵᠤ ᠣᠷᠣᠰ ᠤᠨ ᠨᠡᠶᠢᠰᠯᠡᠯ ᠮᠣᠰᠺᠸᠠ ᠳᠤ ᠬᠦᠷᠴᠡᠢ᠃ ︽ᠭᠤᠸᠠᠩᠳᠦ᠋ᠩ ᠮᠣᠩᠭᠤᠯ ᠣᠷᠣᠰ︾ ᠤᠨ ᠬᠤᠭᠤᠷᠤᠨᠳᠤᠬᠢ ᠠᠶᠠᠨᠴᠢᠳ ᠤᠨ ᠭᠠᠯᠲᠤ ᠲᠡᠷᠭᠡ ᠪᠣᠯ ᠭᠤᠸᠠᠩᠳᠦ᠋ᠩ ᠮᠤᠵᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠰᠢᠯᠴᠠᠭ᠎ᠠ ᠶᠢᠨ ᠵᠥᠪᠯᠡᠯᠴᠡᠭᠡᠷ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠬᠠᠮᠲᠤ ᠪᠠᠷ ᠠᠭᠤᠰᠤᠯᠴᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ