ᠳᠠᠪᠠᠭᠤᠯᠢᠭ ᠢᠶᠠᠨ ᠪᠠᠳᠠᠷᠠᠭᠤᠯᠵᠤ᠂ ᠳᠣᠲᠣᠭᠠᠳᠤ ᠭᠠᠳᠠᠭᠠᠳᠤ ᠯᠤᠭ᠎ᠠ ᠴᠢᠯᠦᠭᠡᠲᠠᠢ ᠶᠠᠪᠤᠯᠴᠠᠬᠤ ᠬᠦᠭᠵᠢᠯᠲᠡ ᠶᠢᠨ ᠰᠢᠨ᠎ᠡ ᠠᠷᠭ᠎ᠠ ᠵᠠᠮ ᠢ ᠦᠷᠭᠡᠳᠭᠡᠶ᠎ᠡ
ᠨᠡᠶᠢᠲᠡᠯᠡᠭᠰᠡᠨ ᠴᠠᠭ᠄
2016/4/29
     ᠴᠢᠯᠥᠭᠡᠲᠡᠶ ᠶᠠᠪᠤᠯᠴᠠᠬᠤ ᠪᠤᠯ ᠴᠡᠴᠡᠭᠯᠡᠨ ᠬᠥᠭᠵᠢᠬᠦ ᠶᠢᠨ ᠵᠠᠪᠠᠯ ᠶᠠᠪᠤᠬᠤ ᠵᠠᠮ ᠮᠥᠨ᠃ ︽ᠴᠢᠯᠦᠭᠡᠲᠠᠢ ᠶᠠᠪᠤᠯᠴᠠᠬᠤ ᠶᠢ ᠥᠷᠭᠡᠳᠬᠡᠬᠦ ᠪᠠᠷ ᠲᠠᠮᠵᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠣᠭᠤᠮᠲᠠ ᠶᠢᠨ ᠠᠵᠤ ᠠᠬᠤᠶ ᠶᠢ ᠬᠦᠭᠵᠢᠬᠦᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰ᠂ ᠮᠣᠩᠭᠤᠯ ᠤᠯᠤᠰ ᠯᠤᠭ᠎ᠠ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠪᠦᠷᠢᠨᠰᠢᠭᠦᠯᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠤᠯᠭᠠᠬᠤ ᠬᠡᠷᠡᠭᠲᠠᠢ︾ ᠬᠡᠰᠡᠨ ᠦᠭᠡ ᠪᠤᠯ ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠤᠯᠤᠨ᠎ᠠ᠃ ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠥᠪᠡᠷᠲᠡᠭᠡᠨ ᠵᠠᠰᠠᠬᠤ ᠣᠷᠣᠨ ᠠᠴᠠ ᠴᠢᠯᠥᠭᠡᠲᠡᠶ ᠶᠠᠪᠤᠯᠴᠠᠬᠤ ᠶᠢ ᠬᠡᠷᠬᠢᠨ ᠲᠦᠯᠬᠢᠨ ᠠᠬᠢᠭᠤᠯᠵᠤ᠂ ᠡᠯ᠎ᠡ ᠬᠦᠷᠢᠶᠡᠨ ᠤ ᠬᠥᠭᠵᠢᠯᠲᠡ ᠶᠢ ᠬᠡᠷᠬᠢᠨ ᠲᠦᠷᠭᠡᠳᠭᠡᠬᠦ ᠲᠤᠬᠠᠢ 6 ᠲᠠᠯ᠎ᠠ ᠪᠠᠷ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠶᠠᠭᠤᠨ ᠤ ᠡᠮᠦᠨ᠎ᠡ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠭᠦᠨᠵᠡᠭᠡᠶ ᠠᠭᠤᠰᠤᠯᠴᠠᠭᠤᠯᠬᠤ ᠬᠡᠷᠡᠭᠲᠠᠢ᠃      ᠣᠳᠣᠬᠠᠨ ᠳᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠦᠯᠬᠢᠨ ᠠᠬᠢᠭᠤᠯᠬᠤ ᠳᠤ᠂ ᠮᠠᠨ ᠤ ᠣᠷᠣᠨ ᠤ ᠤᠯᠤᠰ ᠤᠨ ᠪᠦᠬᠦ ᠲᠠᠯ᠎ᠠ ᠪᠠᠷ ᠨᠡᠭᠡᠭᠡᠯᠲᠡ ᠬᠢᠬᠦ ᠪᠠᠶᠢᠷᠢᠰᠢᠯ ᠳᠠᠬᠢ ᠴᠢᠬᠤᠯᠠ ᠪᠠᠶᠢᠷᠢ ᠰᠠᠭᠤᠷᠢ ᠶᠢ ᠭᠦᠢᠴᠡᠳ ᠲᠠᠨᠢᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠤᠷᠤᠯᠴᠠᠬᠤ ᠬᠡᠷᠡᠭᠲᠠᠢ᠃ ᠤᠷᠤᠰ ᠮᠣᠩᠭᠤᠯ ᠯᠤᠭ᠎ᠠ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠵᠦ᠂ ᠣᠷᠣᠰ ᠤᠨ ︽ᠧᠦ᠋ᠷᠣᠫᠠ ᠠᠽᠢᠶ᠎ᠠ ᠶᠢᠨ ᠠᠵᠤ ᠠᠬᠤᠶ ᠶᠢᠨ ᠬᠤᠯᠪᠣᠭ᠎ᠠ︾᠂ ᠮᠣᠩᠭᠤᠯ ᠤᠯᠤᠰ ᠤᠨ ︽ᠲᠠᠯ᠎ᠠ ᠨᠤᠲᠤᠭ ᠤᠨ ᠵᠠᠮ︾ ᠤᠨ ᠰᠠᠨᠠᠭᠤᠯᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ ᠵᠤᠯᠭᠠᠯᠳᠤᠵᠤ᠂ ᠤᠷᠤᠰ ᠮᠣᠩᠭᠤᠯ ᠯᠤᠭ᠎ᠠ ᠶᠢᠨ ᠰᠠᠭᠤᠷᠢ ᠪᠡᠯᠡᠳᠬᠡᠮᠵᠢ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠠᠵᠤ ᠠᠬᠤᠶ ᠠᠷᠠᠯᠵᠢᠶ᠎ᠠ ᠵᠡᠷᠭᠡ ᠬᠦᠷᠢᠶᠡᠨ ᠳᠠᠬᠢ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠥᠯᠬᠢᠨ ᠠᠬᠢᠭᠤᠯᠵᠤ᠂ ᠬᠢᠯᠢ ᠶᠢᠨ ᠠᠷᠠᠯᠵᠢᠶ᠎ᠠ ᠶᠢ ᠬᠥᠭᠵᠢᠭᠦᠯᠦᠨ᠂ ᠡᠩ ᠤᠨ ᠠᠷᠠᠯᠵᠢᠶ᠎ᠠ ᠶᠢ ᠬᠦᠴᠦᠷᠭᠡᠭᠵᠢᠬᠦᠯᠦᠨ᠂ ᠡᠳ᠋ᠰᠢᠭᠦᠯᠬᠦ ᠠᠷᠠᠯᠵᠢᠶ᠎ᠠ ᠶᠢ ᠳᠡᠭᠡᠭᠰᠢᠯᠡᠭᠦᠯᠵᠦ᠂ ᠪᠠᠷᠠᠭᠠᠨ ᠤ ᠠᠷᠠᠯᠵᠢᠶ᠎ᠠ ᠪᠤᠯᠤᠨ ᠦᠢᠯᠡᠴᠢᠯᠡᠭᠡᠨ ᠤ ᠠᠷᠠᠯᠵᠢᠶ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ ᠶᠢ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠪᠠᠷᠢᠯᠭ᠎ᠠ ᠪᠣᠯᠤᠨ ᠵᠠᠩᠭᠢᠯᠠᠭ᠎ᠠ ᠶᠢᠨ ᠵᠠᠮ ᠢ ᠠᠳᠬᠤᠵᠤ᠂ ᠳᠤᠲᠠᠭᠤ ᠵᠠᠮ ᠢ ᠨᠡᠪᠲᠡᠷᠡᠭᠦᠯᠵᠦ᠂ ᠵᠦᠷᠢᠭ ᠵᠠᠮ ᠢ ᠨᠡᠪᠲᠡᠷᠡᠭᠦᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ ᠤ ᠬᠠᠮᠳᠤᠷᠠᠯᠴᠭ᠎ᠠ ᠪᠠᠨ ᠴᠢᠩᠭᠠᠳᠬᠠᠵᠤ᠂ ᠬᠢᠯᠢ ᠠᠯᠤᠰᠯᠠᠨ ᠠᠷᠠᠳ ᠤᠨ ᠵᠤᠭᠤᠰ ᠢᠶᠠᠷ ᠲᠣᠭᠠᠴᠠᠭ᠎ᠠ ᠬᠢᠬᠦ ᠶᠢ ᠦᠷᠭᠡᠳᠭᠡᠵᠤ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ᠂ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠶᠢ ᠲᠦᠷᠭᠡᠬᠡᠨ ᠲᠠᠲᠠᠨ ᠣᠷᠣᠭᠤᠯᠵᠤ᠂ ᠠᠽᠢᠶ᠎ᠠ ᠲᠢᠪ ᠤᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠪᠠᠩᠬᠢ ᠯᠤᠭ᠎ᠠ ᠶᠢᠨ ᠬᠠᠮᠲᠤᠷᠠᠯᠴᠠᠭ᠎ᠠ  ᠪᠠᠨ ᠢᠳᠡᠪᠬᠢᠲᠡᠶ ᠲᠦᠯᠬᠢᠨ ᠠᠬᠢᠭᠤᠯᠵᠤ᠂ ᠭᠠᠳᠠᠭᠠᠳᠤ ᠠᠷᠠᠯᠵᠢᠶ᠎ᠠ ᠶᠢᠨ ᠬᠦᠭᠵᠢᠯᠲᠡ ᠳᠤ ᠬᠦᠴᠦᠨ ᠢᠶᠠᠨ ᠬᠠᠨᠳᠢᠪᠯᠠᠬᠤ ᠬᠡᠷᠡᠭᠲᠡᠶ᠃      ᠳᠠᠷᠠᠭᠠᠯᠠᠪᠠᠯ᠂ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠦᠭᠵᠢᠬᠦᠯᠬᠦ ᠬᠡᠷᠡᠭᠲᠠᠢ᠃      ᠪᠣᠭᠤᠮᠲᠠ ᠶᠢᠨ ᠠᠵᠤ ᠠᠬᠤᠶ ᠪᠣᠯ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ ᠬᠠᠮᠤᠭ ᠤᠨ ᠶᠡᠭᠡ ᠳᠠᠪᠠᠭᠤᠯᠢᠭ ᠡᠬᠢ ᠪᠠᠶᠠᠯᠢᠭ ᠪᠣᠯᠤᠨ᠎ᠠ᠂ ᠮᠠᠨ ᠤ ᠣᠷᠣᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠦᠴᠦ ᠲᠠᠯᠪᠢᠨ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ ᠳᠤ ᠬᠦᠴᠦᠨ ᠲᠠᠢ ᠪᠦᠬᠦᠢ ᠲᠦᠰᠢᠭ ᠲᠤᠯᠭᠠᠭᠤᠷᠢ ᠤᠯᠭᠤᠬᠤ ᠬᠡᠷᠡᠭᠲᠡᠶ᠃ ᠪᠣᠭᠤᠮᠲᠠ ᠶᠢᠨ ᠣᠨᠴᠠᠯᠢᠭ ᠪᠦᠬᠦᠢ ᠠᠵᠤ ᠦᠢᠯᠡᠰ ᠤᠨ ᠰᠢᠰᠲ᠋ᠧᠮᠵᠢ ᠶᠢ ᠪᠤᠶᠢᠵᠢᠭᠤᠯᠵᠤ᠂ ᠪᠣᠭᠤᠮᠲᠠ ᠶᠢᠨ ᠭᠤᠤᠯ ᠪᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠳᠤ ᠳᠦᠭᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠳᠠᠬᠢ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ᠂ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠᠨ ᠤ ᠬᠠᠮᠢᠶᠠᠷᠤᠯᠲᠠ ᠶᠢ ᠬᠡᠷᠡᠭᠵᠢᠬᠦᠯᠵᠤ᠂ ᠠᠷᠠᠯᠵᠢᠶ᠎ᠠ ᠬᠢᠬᠦ ᠳᠤ ᠳᠦᠭᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠷᠤᠰ ᠮᠣᠩᠭᠤᠯ ᠯᠤᠭ᠎ᠠ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠶ ᠪᠠᠷ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠰᠢᠰᠲ᠋ᠧᠮᠵᠢ ᠶᠢ ᠪᠠᠶᠢᠭᠤᠯᠵᠤ᠂ ᠪᠣᠭᠤᠮᠲᠠ ᠪᠠᠷ ᠥᠩᠭᠡᠷᠡᠭᠦᠯᠬᠦ ᠠᠵᠢᠯ ᠤᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠬᠦᠯᠬᠦ ᠬᠡᠷᠡᠭᠲᠠᠢ᠃      ᠭᠤᠷᠪᠠᠳᠤᠭᠠᠷ ᠲᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠬᠦᠴᠦ ᠲᠠᠯᠪᠢᠨ ᠴᠢᠩᠭᠠᠳᠬᠠᠬᠤ ᠬᠡᠷᠡᠭᠲᠠᠢ᠃      ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠣᠯ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠴᠢᠬᠤᠯᠠ ᠠᠷᠭ᠎ᠠ ᠪᠠᠷᠢᠯ ᠮᠥᠨ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠮᠠᠨ ᠤ ᠣᠷᠣᠨ ᠤ ᠣᠷᠣᠨ ᠪᠠᠶᠢᠷᠢ᠂ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠶᠠᠩᠭᠠᠩ ᠣᠣᠮᠧᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠡᠭᠦᠨ ᠬᠤᠶᠢᠲᠤ ᠠᠽᠢᠶ᠎ᠠ᠂ ᠧᠦ᠋ᠷᠣᠫᠠ ᠠᠮᠧᠷᠢᠺᠠ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ ᠥᠷᠭᠡᠳᠬᠡᠵᠦ᠂ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠤᠯᠠᠨ ᠡᠰᠢᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠳᠡᠯᠡᠬᠡᠶ ᠶᠢᠨ ᠵᠠᠬ᠎ᠠ ᠳᠡᠯᠭᠡᠭᠦᠷ ᠢ ᠨᠡᠩ ᠶᠡᠭᠡ  ᠬᠡᠪᠴᠢᠶᠡᠨ᠎ᠡ ᠨᠡᠭᠡᠭᠡᠬᠦ ᠬᠡᠷᠡᠭᠲᠡᠶ᠃ ᠭᠠᠳᠠᠭᠠᠳᠤ ᠠᠷᠠᠯᠵᠢᠶ᠎ᠠ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠰᠠᠭᠤᠷᠢᠨ ᠭᠠᠵᠠᠷ︾ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠣᠨᠣᠭᠯᠠᠯ ᠦᠢᠯᠡᠳᠬᠦ᠂ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠲᠦᠯᠬᠢᠨ ᠠᠬᠢᠭᠤᠯᠵᠤ᠂ ᠭᠠᠳᠠᠭᠠᠳᠤ ᠳᠤ ᠭᠠᠷᠭᠠᠬᠤ ᠬᠤᠪᠢ ᠶᠢᠨ ᠵᠢᠩ ᠢ ᠥᠷᠭᠡᠳᠬᠡᠬᠦ ᠬᠡᠷᠡᠭᠲᠡᠶ᠃ ︽ᠭᠠᠷᠭᠠᠬᠤ︾ ᠪᠠ ︽ᠣᠷᠣᠭᠤᠯᠬᠤ︾ ᠶᠢ ᠭᠦᠨᠵᠡᠭᠡᠶ ᠬᠡᠷᠡᠭᠵᠢᠭᠦᠯᠵᠦ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠨ ᠠᠵᠢᠯᠯᠠᠬᠤ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ᠂ ᠪᠡᠭᠡᠵᠢᠩ ᠲᠢᠶᠠᠨᠵᠢᠨ ᠡᡁᠧᠪᠸᠢ ᠂ ᠪᠦᠸᠧᠬᠠᠶ ᠲᠠᠩᠭᠢᠰ ᠳᠠᠭᠠᠤ ᠭᠠᠵᠠᠷ ᠣᠷᠣᠨ ᠤ ᠬᠥᠭᠵᠢᠯᠲᠡ  ᠲᠠᠢ ᠢᠳᠡᠪᠬᠢᠲᠡᠶ ᠠᠭᠤᠰᠤᠯᠴᠠᠬᠤ ᠬᠡᠷᠡᠭᠲᠡᠢ᠃      ᠳᠥᠷᠪᠡᠳᠦᠭᠡᠷ ᠲᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠠᠪᠴᠠᠩ ᠢ ᠪᠦᠬᠦ ᠬᠦᠴᠦ ᠪᠠᠷ ᠢᠶᠠᠨ ᠪᠠᠶᠢᠭᠤᠯᠬᠤ ᠬᠡᠷᠡᠭᠲᠡᠶ᠃      ᠮᠠᠨᠵᠤᠤᠷ᠂ ᠡᠷᠢᠶᠡᠨ ᠬᠤᠳᠠ ᠶᠢᠨ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠪᠣᠯᠤᠨ ᠬᠥᠯᠥᠨ ᠪᠤᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠢᠯᠢ ᠶᠢᠨ ᠬᠠᠮᠲᠤᠷᠠᠯᠴᠠᠭᠠᠨ ᠤ ᠣᠷᠣᠨ ᠤ ᠴᠢᠳᠠᠮᠵᠢ ᠶᠢ ᠪᠦᠷᠢᠨᠰᠢᠭᠦᠯᠵᠦ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠣᠷᠣᠨ ᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠᠨ ᠲᠦᠷᠭᠡᠳᠬᠡᠬᠦ ᠶᠢ ᠲᠦᠯᠬᠢᠨ ᠠᠬᠢᠭᠤᠯᠬᠤ ᠬᠡᠷᠡᠭᠲᠡᠶ᠃ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠤ ᠪᠦᠳᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠠᠬ᠎ᠠ ᠶᠢᠨ ᠠᠷᠠᠯᠵᠢᠶᠠᠨ ᠤ ᠣᠷᠣᠨ ᠤ ᠭᠦᠨᠵᠡᠭᠡᠶ ᠴᠢᠯᠥᠭᠡᠲᠡᠶ ᠶᠠᠪᠤᠯᠴᠠᠬᠤ᠂ ᠬᠠᠷᠢᠯᠴᠠᠨ ᠨᠡᠪᠲᠡᠷᠡᠭᠦᠯᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠪᠣᠭᠤᠮᠲᠠ ᠶᠢᠨ ᠭᠠᠶᠢᠯᠢ ᠬᠡᠯᠲᠦᠷᠢᠭᠦᠯᠬᠦ ᠳᠡᠯᠭᠡᠭᠦᠷ ᠢ ᠵᠦᠢ ᠵᠣᠬᠢᠰᠲᠠᠶ ᠪᠠᠷ ᠨᠡᠮᠡᠨ ᠪᠠᠶᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠦᠵᠡᠭᠦᠯᠦᠯᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠳᠤᠮᠳᠠᠳᠤ ᠮᠣᠩᠭᠤᠯ ᠤᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠢ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠲᠠᠪᠴᠠᠩ ᠪᠣᠯᠭᠠᠵᠤ᠂ ᠡᠷᠢᠶᠡᠨ ᠬᠤᠳᠠ ᠶᠢᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢᠨ ᠵᠥᠪᠳᠡᠯᠴᠡᠬᠦ ᠬᠤᠷᠠᠯ ᠢ ᠤᠯᠤᠰ ᠤᠨ ᠲᠡᠰ ᠤᠨ ᠳᠡᠯᠭᠡᠨ ᠦᠵᠡᠭᠦᠯᠦᠯᠭᠡ ᠪᠣᠯᠭᠠᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠠᠶᠢᠯᠠᠷ ᠤᠨ ᠳᠤᠮᠳᠠᠳᠤ ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ ᠵᠥᠪᠳᠡᠯᠴᠡᠭᠡᠨ ᠤ ᠬᠤᠷᠠᠯ ᠵᠡᠷᠭᠡ ᠦᠵᠡᠭᠦᠯᠦᠯᠭᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠷᠭᠦᠯᠵᠢᠯᠡᠨ ᠣᠷᠣᠰ᠂ ᠮᠣᠩᠭᠤᠯ ᠤᠯᠤᠰ ᠤᠨ ᠭᠤᠣᠯ ᠬᠤᠲᠠᠳ ᠲᠤ ᠥᠷᠭᠡᠨ ᠬᠡᠪᠴᠢᠶᠡᠨ ᠤ ᠳᠡᠭᠡᠳᠦ ᠲᠡᠰ ᠳᠠᠪᠬᠤᠷᠭ᠎ᠠ ᠪᠦᠬᠦᠢ ᠪᠡᠯᠡ ᠣᠷᠣᠭᠤᠯᠤᠯᠲᠠ ᠶᠢᠨ ᠠᠷᠠᠯᠵᠢᠶᠠᠨ ᠤ ᠵᠥᠪᠳᠡᠯᠴᠡᠭᠡ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠰ ᠮᠣᠩᠭᠤᠯ   ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ᠃      ᠲᠠᠪᠤᠳᠤᠭᠠᠷ ᠲᠤ᠂ ᠬᠥᠮᠦᠨ ᠰᠣᠶᠣᠯ ᠤᠨ ᠰᠣᠯᠢᠯᠴᠠᠭ᠎ᠠ ᠶᠢ ᠲᠡᠰᠦᠷᠡᠯᠳᠠ ᠤᠢᠭᠡᠢ ᠴᠢᠩᠭᠠᠳᠬᠠᠬᠤ ᠬᠡᠷᠡᠭᠲᠡᠢ᠃      ᠬᠥᠮᠦᠨ ᠰᠣᠶᠣᠯ ᠤᠨ ᠰᠣᠯᠢᠯᠴᠠᠭ᠎ᠠ ᠪᠣᠯ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠬᠤᠯᠪᠣᠭᠠᠰᠤ ᠮᠥᠨ᠂ ᠣᠷᠣᠰ ᠮᠣᠩᠭᠤᠯ ᠯᠤᠭ᠎ᠠ ᠶᠢᠨ ᠪᠦᠬᠦ ᠲᠠᠯ᠎ᠠ ᠶᠢᠨ᠂ ᠥᠷᠭᠡᠨ ᠬᠦᠷᠢᠶᠡᠨ ᠤ ᠬᠥᠮᠦᠨ ᠰᠣᠶᠣᠯ ᠤᠨ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠰᠣᠶᠣᠯ ᠭᠡᠭᠡᠷᠡᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠰᠢᠨᠵᠢᠯᠡᠬᠦ ᠣᠬᠠᠭᠠᠨ ᠮᠡᠷᠭᠡᠵᠢᠯ ᠤᠨ ᠵᠢᠭᠤᠯᠴᠢᠯᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠶ᠃ ᠣᠷᠣᠰ ᠮᠣᠩᠭᠤᠯ ᠤᠯᠤᠰ ᠤᠨ ᠰᠣᠶᠣᠯ ᠤᠨ ᠭᠠᠷᠠᠭ᠂ ᠰᠣᠶᠣᠯ ᠤᠨ ᠡᠳᠦᠷ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠣᠶᠣᠯ ᠤᠨ ᠨᠥᠯᠥᠭᠡᠯᠡᠬᠦ ᠬᠦᠴᠦᠨ ᠪᠠ ᠤᠯᠠᠮᠵᠢᠯᠠᠬᠤ ᠬᠦᠴᠦᠨ ᠢ ᠴᠢᠩᠭᠠᠳᠬᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠬᠠᠮᠲᠤᠷᠠᠨ ᠰᠤᠷᠭᠠᠭᠤᠯᠢ ᠡᠷᠬᠢᠯᠡᠬᠦ᠂ ᠬᠠᠷᠢᠯᠴᠠᠨ ᠪᠠᠭᠰᠢ ᠲᠣᠮᠢᠯᠠᠬᠤ ᠪᠠ ᠭᠠᠳᠠᠭᠠᠳᠤ ᠳᠤ ᠰᠣᠷᠣᠯᠴᠠᠬᠤ ᠰᠤᠷᠤᠭᠴᠢ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠮ ᠡᠮᠨᠡᠯᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ ᠤᠯᠤᠰ ᠲᠤ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠦᠯᠭᠡ ᠡᠷᠬᠢᠯᠡᠬᠦ ᠪᠠᠷ ᠳᠠᠮᠵᠢᠭᠤᠯᠤᠨ᠂ ᠤᠷᠤᠰ ᠮᠣᠩᠭᠤᠯ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠤᠷᠤᠰ᠂ ᠮᠣᠩᠭᠤᠯ ᠯᠤᠭ᠎ᠠ ᠤᠷᠤᠯᠳᠤᠭᠠᠨ᠂ ᠪᠣᠯᠪᠠᠰᠤᠷᠠᠭᠤᠯᠤᠯ ᠬᠢᠬᠦ ᠵᠡᠷᠭᠡ ᠲᠠᠯ᠎ᠠ ᠶᠢᠨ ᠰᠣᠯᠢᠯᠴᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠤᠷᠤᠰ᠂ ᠮᠣᠩᠭᠤᠯ ᠯᠤᠭ᠎ᠠ ᠬᠢᠯᠢ ᠠᠯᠤᠰᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠠᠮᠲᠤ ᠪᠠᠷ ᠪᠤᠶᠢᠵᠢᠭᠤᠯᠬᠤ ᠬᠡᠷᠡᠭᠲᠡᠢ᠃      ᠵᠢᠷᠭᠤᠳᠤᠭᠠᠷ ᠲᠤ᠂ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃      ᠭᠠᠳᠠᠭᠠᠳᠤ ᠨᠡᠭᠡᠭᠡᠯᠳᠡ ᠬᠢᠬᠦ ᠪᠣᠯ ᠨᠢᠭᠡᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠮᠥᠨ᠂ ᠡᠯ᠎ᠡ ᠠᠶᠢᠮᠠᠭ ᠬᠤᠳᠠ᠂ ᠡᠯ᠎ᠡ ᠰᠠᠯᠠᠭ᠎ᠠ ᠮᠥᠴᠢᠷ ᠤᠳ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠵᠤ ᠠᠳᠬᠤᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠯᠡᠯ ᠬᠦᠴᠦᠨ ᠢ ᠪᠤᠢ ᠪᠣᠯᠭᠠᠵᠤ᠂ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ︽ᠬᠥᠯᠭᠡ ᠰᠢᠳᠡᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠤᠯᠤᠰᠴᠢᠯᠠᠭᠰᠠᠨ᠂ ᠬᠠᠤᠯᠢᠵᠢᠭᠤᠯᠤᠭᠰᠠᠨ᠂ ᠳᠥᠭᠦᠮᠴᠢᠯᠡᠭᠰᠡᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ