ᠥᠪᠥᠷ ᠮᠣᠩᠭᠤᠯ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢ ᠲᠤᠰ ᠲᠤᠰ 600 ᠲᠥᠭᠦᠷᠢᠭ ᠪᠣᠯᠣᠨ 800 ᠲᠥᠭᠦᠷᠢᠭ ᠪᠣᠯᠭᠠᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2016/4/5
     ︽11· 5︾ ᠪᠠ ︽12· 5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠬᠤ ᠪᠠᠷ ᠭᠠᠷᠳᠠᠴᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠦᠬᠦ ᠣᠷᠣᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠪᠠᠲᠤᠯᠠᠭ᠎ᠠ ᠪᠣᠯᠣᠨ ᠳᠡᠮᠵᠢᠯᠭᠡ ᠶᠢᠨ ᠭᠤᠣᠯᠳᠠᠯᠭ᠎ᠠ ᠪᠣᠯᠭᠠᠪᠠ᠃ 2006 ᠣᠨ ᠠᠴᠠ 2015 ᠣᠨ ᠪᠣᠯᠲᠠᠯ᠎ᠠ᠂ ᠪᠦᠬᠦ ᠣᠷᠣᠨ ᠤ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ ᠳᠤ 230 ᠳ᠋ᠦᠩᠰᠢᠭᠤᠷ ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ ᠳᠤ 290 ᠲᠦᠬᠦᠷᠢᠭ ᠪᠠᠶᠢᠭᠰᠠᠨ ᠠᠴᠠ ᠨᠢ ᠲᠤᠰ ᠲᠤᠰ 600 ᠲᠥᠭᠦᠷᠢᠭ᠂ 800 ᠲᠥᠭᠦᠷᠢᠭ ᠪᠣᠯᠭᠠᠵᠤ ᠳᠡᠭᠡᠭᠰᠢᠯᠡᠭᠦᠯᠪᠡ᠃ ᠣᠶᠢᠯᠠᠭᠠᠭᠰᠠᠨ ᠢᠶᠠᠷ᠂ 2006 ᠣᠨ ᠠᠴᠠ ᠡᠬᠢᠯᠡᠨ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠵᠡᠭᠦᠨ ᠣᠷᠣᠨ ᠤ ᠬᠤᠲᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠭᠲᠠᠭᠠᠭᠰᠠᠨ ᠪᠦᠬᠦ ᠠᠯᠪᠠᠨ ᠵᠢᠷᠤᠮ ᠤᠨ ᠰᠤᠷᠭᠠᠨ ᠬᠥᠮᠥᠵᠢᠯ  ᠢ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠠᠭᠠ ᠬᠥᠮᠦᠵᠢᠯ ᠤᠨ ᠪᠠᠲᠤᠯᠠᠭ᠎ᠠ ᠶᠢᠨ ᠬᠡᠪᠴᠢᠶ᠎ᠡ ᠳᠤ ᠣᠷᠣᠭᠤᠯᠵᠤ᠂ ᠲᠠᠷᠢᠶᠠᠴᠢᠳ ᠤᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠠᠵᠤ ᠠᠬᠤᠶ ᠶᠢᠨ ᠳᠠᠷᠤᠭᠠᠰᠤ ᠶᠢ ᠨᠢ ᠮᠡᠳᠡᠭᠳᠡᠮ᠎ᠡ ᠬᠦᠩᠭᠡᠷᠡᠭᠦᠯᠪᠡ᠃ ᠰᠤᠷᠤᠭᠴᠢ ᠪᠦᠷᠢ ᠵᠢᠯ ᠤᠨ ᠳᠤᠯᠠᠭᠠᠯᠠᠯᠭ᠎ᠠ ᠶᠢᠨ ᠵᠠᠷᠤᠳᠠᠯ ᠤᠨ ᠳᠤᠮᠳᠠᠴᠢ ᠨᠥᠬᠦᠪᠥᠷᠢ ᠶᠢᠨ ᠪᠠᠷᠢᠮᠵᠢᠶ᠎ᠠ ᠠᠴᠠ ᠠᠪᠴᠤ ᠦᠵᠡᠪᠡᠯ᠂ ᠪᠦᠬᠦ ᠣᠷᠣᠨ ᠤ ᠵᠡᠭᠦᠨ᠂ ᠪᠠᠷᠠᠭᠤᠨ ᠣᠷᠣᠨ ᠤ ᠤᠤᠯ ᠤᠨ 110 ᠲᠥᠭᠦᠷᠢᠭ᠂ 90 ᠲᠥᠭᠦᠷᠢᠭ ᠪᠠᠶᠢᠭᠰᠠᠨ ᠠᠴᠠ ᠨᠢ 235 ᠲᠥᠭᠦᠷᠢᠭ ᠪᠣᠯᠣᠨ 215 ᠲᠥᠭᠦᠷᠢᠭ ᠪᠣᠯᠭᠠᠨ ᠳᠡᠭᠡᠭᠰᠢᠯᠡᠭᠦᠯᠪᠡ᠃  ᠣᠶᠣᠨ ᠤ ᠰᠠᠭᠠᠳ ᠵᠡᠷᠭᠡ ᠣᠨᠴᠠᠭᠠᠶ ᠰᠤᠷᠭᠠᠨ ᠬᠥᠮᠦᠵᠢᠯ ᠤᠨ ᠰᠤᠷᠤᠭᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠠᠯ᠎ᠠ ᠠᠴᠠ ᠦᠵᠡᠪᠡᠯ᠂ ᠰᠤᠷᠤᠭᠴᠢ ᠨᠢᠭᠡᠪᠦᠷᠢ ᠵᠢᠯ ᠪᠦᠷᠢ ᠳᠤ ᠳᠤᠮᠳᠠᠴᠢ ᠪᠠᠷ 760 ᠲᠥᠭᠦᠷᠢᠭ ᠪᠠᠶᠢᠭᠰᠠᠨ ᠠᠴᠠ ᠨᠢ 5000 ᠲᠥᠭᠦᠷᠢᠭ ᠪᠣᠯᠭᠠᠨ ᠳᠡᠭᠡᠭᠰᠢᠯᠡᠭᠦᠯᠪᠡ᠃  ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠪᠠᠶᠢᠷᠢ ᠳᠤ ᠰᠠᠭᠤᠭ᠎ᠠ ᠬᠡᠷ ᠪᠦᠯᠢ ᠶᠢᠨ ᠠᠵᠤ ᠠᠬᠤᠶ ᠨᠢ ᠬᠦᠴᠢᠷᠳᠡᠯ ᠲᠠᠢ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠠᠴᠠ ᠦᠵᠡᠪᠡᠯ᠂ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ ᠳᠤ 300 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠵᠢᠯ ᠪᠦᠷᠢ ᠳᠤ 500 ᠲᠥᠭᠦᠷᠢᠭ ᠪᠠᠶᠢᠭᠰᠠᠨ ᠠᠴᠠ ᠨᠢ 1000 ᠲᠦᠬᠦᠷᠢᠭ ᠪᠣᠯᠣᠨ 1250 ᠲᠥᠭᠦᠷᠢᠭ ᠪᠣᠯᠭᠠᠵᠤ  ᠳᠡᠭᠡᠭᠰᠢᠯᠡᠭᠦᠯᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号