ᠥᠪᠥᠷ ᠮᠣᠩᠭᠤᠯ ᠤᠨ ᠡᠷᠡᠭᠲᠡᠶ ᠶᠢᠨ ᠪᠦᠢᠺᠦ ᠪᠦᠮᠪᠦᠭᠡ ᠶᠢᠨ ᠠᠩᠬᠢ ᠪᠦᠬᠦ ᠤᠯᠤᠰ ᠤᠨ ᠡᠷᠡᠭᠲᠡᠶ ᠶᠢᠨ ᠪᠤᠶᠢᠺᠦ ᠪᠥᠮᠪᠥᠭᠡᠨ ᠤ ᠬᠥᠬᠡ ᠳᠡᠰ ᠤᠨ ᠬᠤᠯᠪᠤᠭᠠᠲᠤ ᠤᠷᠤᠯᠳᠤᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2016/4/5
      ᠣᠶᠢᠷ᠎ᠠ ᠳᠤ᠂ 2016 ᠣᠨ ᠳᠤ ᠪᠦᠬᠦ ᠤᠯᠤᠰ ᠤᠨ ᠡᠷᠡᠭᠲᠡᠶ ᠶᠢᠨ ᠪᠤᠶᠢᠺᠦ ᠪᠥᠮᠪᠥᠭᠡᠨ ᠤ ᠬᠦᠬᠡ ᠳᠡᠰ ᠤᠨ  ᠬᠤᠯᠪᠤᠭᠠᠲᠤ ᠤᠷᠤᠯᠳᠤᠭᠠᠨ ᠵᠢᠶᠠᠩᠰᠦ ᠮᠤᠵᠢ ᠶᠢᠨ ᠡᠤ ᠶᠢᠨ ᠤᠷᠤᠨ ᠤ ᠪᠤᠶᠢᠺᠦ ᠪᠥᠮᠪᠥᠭᠡᠨ ᠤ ᠰᠠᠭᠤᠷᠢᠨ ᠭᠠᠵᠠᠷ ᠲᠤ ᠶᠠᠪᠤᠭᠳᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠬᠢ ᠳᠠᠪᠠᠭ᠎ᠠ ᠪᠤᠯᠭᠠᠨ ᠢ ᠢᠯᠭᠤᠮ ᠳᠠᠪᠠᠵᠤ᠂ 6 ᠲᠠᠯᠠᠪᠤᠷ ᠤᠷᠤᠯᠳᠤᠭᠠᠨ ᠳᠤ ᠪᠦᠷ ᠢᠯᠠᠭᠰᠠᠨ ᠬᠢᠷᠢ ᠪᠦᠲᠦᠮᠵᠢ ᠪᠠᠷ᠂ ᠰᠢᠢᠳᠪᠦᠷᠢᠲᠦ ᠤᠷᠤᠯᠳᠤᠭᠠᠨ ᠳᠤ ᠭᠠᠨᠰᠤ ᠮᠤᠵᠢ ᠶᠢᠨ ᠳᠤᠭᠤᠶᠢᠯᠠᠩ ᠲᠠᠢ ᠲᠠᠭᠠᠷᠠᠵᠤ᠂ ᠡᠴᠦᠰ ᠲᠡᠭᠡᠨ 7᠄1᠎ ᠶᠢᠨ ᠪᠦᠲᠦᠮᠵᠢ ᠪᠠᠷ ᠭᠠᠨᠰᠤ ᠮᠤᠵᠢ ᠶᠢᠨ ᠳᠤᠭᠤᠶᠢᠯᠠᠩ ᠢ ᠢᠯᠠᠵᠤ᠂ ᠪᠦᠬᠦ ᠤᠯᠤᠰ ᠤᠨ ᠡᠷᠡᠭᠲᠡᠶ ᠶᠢᠨ ᠪᠤᠶᠢᠺᠦ ᠪᠥᠮᠪᠥᠭᠡᠨ ᠤ ᠬᠥᠬᠡ ᠳᠡᠰ ᠤᠨ ᠬᠤᠯᠪᠤᠭᠠᠲᠤ ᠤᠷᠤᠯᠳᠤᠭᠠᠨ ᠳᠤ ᠮᠠᠩᠯᠠᠶᠢᠯᠠᠪᠠ᠃ ᠪᠦᠬᠦ ᠤᠯᠤᠰ ᠤᠨ ᠡᠷᠡᠭᠲᠡᠶ ᠶᠢᠨ ᠪᠤᠶᠢᠺᠦ ᠪᠥᠮᠪᠥᠭᠡᠨ ᠤ ᠬᠦᠬᠡ ᠳᠡᠰ ᠤᠨ ᠬᠤᠯᠪᠤᠭᠠᠲᠤ ᠤᠷᠤᠯᠳᠤᠭᠠᠨ ᠨᠢ ᠳᠡᠯᠡᠬᠡᠶ ᠶᠢᠨ  ᠬᠤᠯᠪᠤᠭᠠᠲᠤ ᠤᠷᠤᠯᠳᠤᠭᠠᠨ ᠳᠤ ᠨᠡᠶᠢᠳᠡᠮ ᠬᠡᠷᠡᠭᠯᠡᠵᠦ ᠪᠠᠶᠢᠭ᠎ᠠ ᠨᠢᠭᠡᠳᠦᠭᠡᠷ ᠱᠠᠲᠤᠨ ᠳᠤ ᠳᠤᠭᠤᠶᠢᠯᠠᠩ ᠬᠤᠪᠢᠶᠠᠨ ᠤᠷᠤᠯᠳᠤᠬᠤ ᠪᠠ ᠬᠤᠶᠠᠳᠤᠭᠠᠷ ᠱᠠᠲᠤᠨ ᠳᠤ ᠳᠠᠪᠲᠠᠬᠤ ᠤᠷᠤᠯᠳᠤᠭᠠᠨ ᠪᠠ ᠨᠡᠷ᠎ᠡ ᠵᠢᠭᠰᠠᠭᠠᠬᠤ ᠤᠷᠤᠯᠳᠤᠭᠠᠨ ᠤ ᠲᠦᠷᠢᠮ ᠢ ᠬᠡᠷᠡᠭᠯᠡᠵᠤ᠂  ᠪᠡᠭᠡᠵᠢᠩ᠂ ᠲᠢᠶᠠᠨᠵᠢᠨ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠵᠢᠶᠠᠩᠰᠦ᠂ ᠭᠤᠸᠠᠩᠳᠦ᠋ᠩ᠂ ᠰᠧᠴᠤᠸᠠᠨ᠂ ᠭᠠᠨᠰᠦ ᠵᠡᠷᠭᠡ ᠨᠡᠶᠢᠲᠡ 9 ᠠᠩᠬᠢ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号