ᠥᠪᠥᠷ ᠮᠣᠩᠭᠤᠯ ᠢᠯᠵᠠᠷᠠᠯ ᠢ ᠡᠰᠡᠷᠭᠦᠴᠡᠬᠦ ᠶᠢ ᠵᠣᠬᠢᠴᠠᠭᠤᠯᠬᠤ ᠠᠵᠢᠯ ᠤᠨ ᠪᠠᠶᠢᠩᠭᠤ ᠶᠢᠨ ᠬᠦᠴᠦᠨ ᠲᠡᠭᠦᠯᠳᠡᠷ ᠲᠣᠭᠲᠠᠴᠠ ᠶᠢ ᠢᠳᠡᠪᠬᠢᠲᠡᠶ ᠪᠠᠷ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2016/4/5
      4 ᠳ᠋ᠦ᠋ᠭᠡᠷ ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠢᠯᠵᠠᠷᠠᠯ ᠢ ᠡᠰᠡᠷᠭᠦᠴᠡᠬᠦ ᠶᠢ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠢᠯᠵᠠᠷᠠᠯ ᠢ ᠡᠰᠡᠷᠭᠦᠴᠡᠬᠦ ᠶᠢ ᠵᠣᠬᠢᠴᠠᠭᠤᠯᠬᠤ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠪᠣᠯᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠣᠷᠣᠨ ᠤ ︽ᠨᠠᠮ ᠤᠨ ᠭᠡᠰᠢᠭᠦᠨ ᠪᠣᠯᠣᠨ ᠲᠦᠷᠦ ᠶᠢᠨ ᠠᠵᠢᠯᠲᠠᠨ ᠤ ᠰᠠᠬᠢᠯᠭ᠎ᠠ ᠪᠠᠲᠤ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠰᠡᠵᠢᠭᠯᠡᠯᠲᠡᠶ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠲᠤᠬᠠᠢ ᠰᠠᠨᠠᠯ︾ ᠪᠣᠯᠤᠨ ᠪᠤᠵᠠᠷ ᠡᠳ᠋ ᠢ ᠨᠡᠬᠡᠮᠵᠢᠯᠡᠬᠦ ᠠᠵᠢᠯ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ ᠪᠠᠶᠢᠷᠢᠯᠠᠭᠤᠯᠵᠤ᠂ ᠢᠯᠵᠠᠷᠠᠯ ᠢ ᠡᠰᠡᠷᠭᠦᠴᠡᠬᠦ ᠶᠢ ᠵᠣᠬᠢᠴᠠᠭᠤᠯᠬᠤ ᠠᠵᠢᠯ ᠤᠨ ᠪᠠᠶᠢᠩᠭᠤ ᠶᠢᠨ ᠬᠦᠴᠦᠨ ᠲᠡᠭᠦᠯᠳᠡᠷ ᠲᠣᠭᠲᠠᠴᠠ ᠶᠢ ᠢᠳᠡᠪᠬᠢᠲᠡᠢ ᠪᠠᠷ ᠪᠠᠶᠢᠭᠤᠯᠵᠤ᠂ ᠢᠯᠵᠠᠷᠠᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠢᠯᠵᠠᠷᠠᠯ ᠢ ᠡᠰᠡᠷᠭᠦᠴᠡᠬᠦ ᠠᠵᠢᠯ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠢᠯᠵᠠᠷᠠᠯ ᠢ ᠡᠰᠡᠷᠭᠦᠴᠡᠬᠦ ᠶᠢ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠵᠠᠩ ᠯᠢ ᠶᠠᠷᠢᠶᠠᠨ ᠳᠠᠭᠠᠨ ᠱᠠᠭᠠᠷᠳᠠᠭᠰᠠᠨ ᠨᠢ᠂ ︽ᠰᠠᠨᠠᠯ︾᠎ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠡᠷᠡᠭ ᠪᠠ ᠬᠡᠷᠡᠭ ᠤᠨ ᠰᠦᠪᠡᠭᠴᠢ ᠶᠢ ᠮᠡᠳᠡᠭᠳᠡᠬᠦ᠂ ᠰᠢᠯᠵᠢᠭᠦᠯᠦᠨ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠮᠵᠢᠯᠴᠠᠨ ᠠᠵᠢᠯᠯᠠᠬᠤ ᠳᠠᠷᠠᠭᠠᠯᠠᠯ ᠢ ᠵᠢᠷᠤᠮᠵᠢᠭᠤᠯᠵᠤ᠂ ᠥᠨᠳᠥᠷ ᠪᠦᠲᠦᠮᠵᠢᠲᠡᠶ ᠲᠦᠷᠭᠡᠨ ᠱᠠᠯᠠᠮᠠᠭᠠᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠲᠣᠭᠲᠠᠭᠠᠯ ᠠᠴᠠ ᠵᠥᠷᠢᠴᠡᠨ ᠮᠡᠳᠡᠭᠦᠯᠬᠦ ᠦᠭᠡᠢ ᠳᠠᠷᠤᠭᠰᠠᠨ᠂ ᠣᠷᠬᠢᠭᠳᠠᠭᠤᠯᠤᠭᠰᠠᠨ᠂ ᠬᠡᠷᠡᠭ ᠪᠠ ᠬᠡᠷᠡᠭ ᠤᠨ ᠰᠦᠪᠡᠭᠴᠢ ᠤᠳᠠᠭᠠᠰᠢᠷᠠᠭᠤᠯᠤᠨ ᠮᠡᠳᠡᠭᠦᠯᠦᠭᠰᠡᠨ᠂ ᠬᠠᠮᠵᠢᠯᠴᠠᠨ ᠠᠵᠢᠯᠯᠠᠬᠤ ᠳᠤᠮᠳᠠ ᠬᠠᠷᠢᠯᠴᠠᠨ ᠲᠦᠯᠬᠢᠯᠴᠡᠭᠰᠡᠨ᠂ ᠬᠡᠷᠡᠭ ᠰᠢᠢᠳᠪᠦᠷᠢᠯᠡᠬᠦ ᠰᠠᠬᠢᠯᠭ᠎ᠠ ᠪᠠᠲᠤ ᠠᠴᠠ ᠵᠥᠷᠢᠴᠡᠨ ᠬᠦᠨᠳᠦ ᠨᠣᠴᠢᠲᠠᠶ ᠦᠷ᠎ᠡ ᠤᠷᠰᠢᠭ ᠲᠠᠲᠠᠭᠰᠠᠨ ᠪᠠᠶᠢᠪᠠᠯ᠂ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠬᠦ ᠬᠡᠷᠡᠭᠲᠡᠶ᠃ ᠣᠷᠭᠤᠨ ᠳᠤᠲᠠᠭᠠᠭᠰᠠᠳ ᠪᠠ ᠪᠤᠵᠠᠷ ᠡᠳ᠋ ᠢ ᠨᠡᠬᠡᠮᠵᠢᠯᠡᠬᠦ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠲᠩᠷᠢ ᠶᠢᠨ ᠦᠭᠡᠰᠢ 2016 ᠣᠨ︾᠎ ᠤ ᠲᠤᠰᠬᠠᠶ ᠠᠵᠢᠯᠯᠠᠭ᠎ᠠ ᠶᠢ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠰᠠᠶᠢᠲᠤᠷ ᠥᠷᠨᠢᠭᠦᠯᠵᠦ᠂ ᠳᠣᠲᠣᠭᠠᠳᠤ ᠶᠢᠨ ᠬᠠᠮᠵᠢᠯᠴᠠᠭ᠎ᠠ ᠪᠠᠨ ᠲᠠᠰᠤᠷᠠᠯᠳᠠ ᠥᠬᠡᠢ ᠴᠢᠩᠭᠠᠳᠬᠠᠵᠤ᠂ ᠬᠡᠨ ᠨᠡᠬᠡᠮᠵᠢᠯᠡᠬᠦ᠂ ᠶᠠᠭᠠᠬᠢᠵᠤ ᠨᠡᠬᠡᠮᠵᠢᠯᠡᠬᠦ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠠᠳᠠᠭᠰᠢ ᠳᠤᠲᠠᠭᠠᠭᠰᠠᠨ ᠬᠥᠮᠥᠰ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠡᠷᠡᠴᠢ ᠪᠠᠷᠢᠮᠲᠠ ᠶᠢᠨ ᠰᠦᠪᠡᠭᠴᠢ ᠶᠢ ᠭᠦᠨᠵᠡᠭᠡᠢ ᠡᠷᠢᠵᠦ᠂ ᠬᠤᠯᠪᠣᠭᠳᠠᠯ ᠪᠦᠬᠦᠢ ᠰᠠᠭᠤᠷᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠵᠢᠯᠲᠠᠨ᠂ ᠵᠠᠷᠤᠳᠠᠯ ᠪᠣᠯᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号