| ᠰᠤᠷᠪᠤᠯᠵᠢᠯᠠᠭᠰᠠᠨ ᠴᠠᠭ᠄ | 2016 ᠣᠨ ᠤ 3 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 4 ᠴᠠᠭ ᠲᠤ | ᠰᠤᠷᠪᠤᠯᠵᠢᠯᠠᠭᠰᠠᠨ ᠵᠣᠴᠢᠳ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠸᠠᠩ ᠶᠢᠨ ᠪᠤᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ︽13· 5︾ ᠶᠢᠨ ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠪᠣᠯ᠄ ᠠᠵᠤ ᠠᠬᠤᠶ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ | ᠪᠠᠲᠤᠯᠠᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠪᠦᠲᠦᠴᠡ ᠶᠢ ᠰᠢᠯᠢᠳᠡᠭᠵᠢᠭᠦᠯᠵᠦ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶ ᠶᠢᠨ ᠨᠡᠮᠡᠭᠳᠡᠯ ᠳᠤ ᠬᠡᠷᠡᠭᠯᠡᠭᠡᠨ ᠤ ᠦᠵᠡᠭᠦᠯᠬᠦ ᠬᠤᠪᠢ ᠨᠡᠮᠡᠷᠢ ᠶᠢ | ᠢᠯᠡᠳᠲᠡ ᠳᠡᠭᠡᠭᠰᠢᠯᠡᠭᠦᠯᠵᠦ᠂ ᠠᠵᠤ ᠠᠬᠤᠶ ᠶᠢᠨ ᠨᠡᠮᠡᠭᠳᠡᠯ ᠳᠤ ᠭᠠᠳᠠᠭᠠᠳᠤ ᠭᠠᠷᠭᠠᠯᠲᠠ ᠶᠢᠨ ᠠᠬᠢᠭᠤᠯᠬᠤ | ᠦᠢᠯᠡᠳᠦᠯ ᠢ ᠴᠢᠩᠭᠠᠳᠬᠠᠨ᠎ᠠ︔ ᠬᠠᠩᠭᠠᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠶᠠᠰᠤ ᠴᠢᠨᠠᠷ ᠢ | ᠰᠠᠶᠢᠵᠢᠷᠠᠭᠤᠯᠤᠨ᠎ᠠ︔ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠨᠡᠩ ᠢᠯᠡᠭᠦᠦ ᠲᠡᠭᠦᠯᠳᠡᠷᠵᠢᠭᠦᠯᠦᠨ᠎ᠡ︔ | ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠣᠯᠭ᠎ᠠ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠨᠤᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠷᠠᠭᠠᠨ ᠤ ᠦᠨ᠎ᠡ ᠬᠠᠩᠰᠢ ᠶᠢᠨ ᠬᠡᠮᠵᠢᠶ᠎ᠡ ᠶᠢ ᠵᠦᠶ ᠵᠣᠬᠢᠰᠲᠠᠶ ᠣᠷᠣᠨ | ᠵᠠᠶ ᠳᠤ ᠪᠠᠶᠢᠯᠭᠠᠵᠤ᠂ ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ ᠶᠢ ᠲᠡᠩᠴᠡᠭᠦᠷᠢᠲᠡᠶ ᠵᠣᠬᠢᠴᠠᠩᠭᠤᠶ | ᠪᠠᠶᠢᠯᠭᠠᠨ᠎ᠠ᠃ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ | ᠭᠠᠷᠭᠠᠵᠤ᠂ ᠠᠵᠤ ᠦᠢᠯᠡᠰ ᠢ ᠳᠤᠮᠳᠠ ᠳᠡᠭᠡᠳᠦ ᠳᠠᠪᠬᠤᠷᠭ᠎ᠠ ᠵᠦᠭ ᠬᠥᠭᠵᠢᠭᠦᠯᠵᠦ᠂ ᠤᠯᠠᠨ ᠡᠰᠢᠵᠢᠭᠦᠯᠦᠨ | ᠬᠦᠭᠵᠢᠭᠦᠯᠬᠦ ᠤᠯᠠᠨ ᠲᠦᠢᠯᠰᠢᠷᠠᠯ ᠢᠶᠠᠷ ᠲᠦᠰᠢᠭ ᠪᠣᠯᠭᠠᠭᠰᠠᠨ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ︔ ︽ᠲᠠᠪᠤᠨ ᠶᠡᠭᠡ ᠰᠠᠭᠤᠷᠢᠨ︾ ᠤ ᠪᠦᠲᠦᠬᠡᠨ | ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ ᠡᠬᠢ ᠪᠠᠶᠠᠯᠢᠭ ᠢ ᠶᠠᠷᠦᠩᠬᠡᠶᠢᠯᠠᠨ ᠠᠰᠢᠡᠡᠯᠠᠬᠤ ᠨᠤᠷᠮ᠎ᠠ ᠪᠠ ᠨᠠᠷᠢᠯᠢᠭ | ᠡᠳ᠋ᠰᠢᠬᠦᠯᠤᠨ ᠪᠣᠯᠪᠠᠰᠣᠷᠠᠭᠤᠯᠬᠤ ᠬᠡᠮᠵᠢᠶ᠎ᠠ ᠶᠢ ᠲᠠᠬᠡᠭᠰᠢᠯᠡᠬᠦᠯᠤᠨ᠎ᠠ︔ ᠠᠵᠣ ᠠᠬᠤᠢ ᠶᠢᠨ ᠨᠡᠮᠡᠭᠳᠡᠯ ᠳᠠᠬᠢ ᠰᠢᠨᠵᠢᠯᠡᠬᠦ | ᠣᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ | ᠪᠣᠯᠭᠠᠭᠰᠠᠨ ᠬᠦᠭᠵᠢᠯᠳᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠎ᠡ︔ ᠬᠤᠳᠠ ᠪᠠᠯᠭᠠᠰᠣᠵᠢᠯᠳᠠ ᠶᠢᠨ | ᠲᠤᠳᠤᠭᠠᠳᠤ ᠠᠭᠤᠯᠬᠤᠨ ᠢ ᠬᠦᠭᠵᠢᠭᠦᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠳᠠ ᠬᠦᠳᠡᠭᠡ | ᠵᠣᠬᠢᠴᠠᠩᠭᠤᠢ ᠪᠠᠷ ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠦᠢᠯᠡᠳᠪᠦᠷᠢᠯᠡᠯ ᠤᠨ | ᠬᠦᠴᠦᠨ ᠤ ᠳᠠᠷᠬᠠᠴᠠ ᠶᠢ ᠴᠢᠨᠠᠭᠰᠢᠳᠠ ᠰᠢᠯᠢᠳᠡᠭᠵᠢᠭᠦᠯᠵᠦ᠂ ᠣᠷᠣᠨ ᠪᠦᠰᠡ ᠶᠢᠨ ᠬᠦᠭᠵᠢᠯᠳᠡ ᠶᠢᠨ ᠵᠣᠬᠢᠴᠠᠩᠭᠤᠢ | ᠴᠢᠨᠠᠷ ᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠠᠮᠢᠳᠣᠷᠠᠯ ᠤᠨ ᠲᠦᠪᠰᠢᠨ ᠪᠣᠯᠣᠨ ᠴᠢᠨᠠᠷ | ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ | ᠣᠯᠣᠰ ᠤᠨ ᠲᠤᠮᠲᠠᠴᠢ ᠲᠦᠪᠰᠢᠨ ᠳᠤ ᠬᠦᠷᠬᠡᠵᠤ᠂ ᠤᠯᠤᠰ ᠤᠨ ᠤᠲᠣ ᠶᠢᠨ ᠬᠡᠷᠡᠭᠵᠢᠬᠦᠯᠵᠤ ᠪᠦᠬᠦᠢ | ᠪᠠᠷᠢᠮᠵᠢᠶ᠎ᠠ ᠠᠴᠠ ᠲᠤᠤᠷ᠎ᠠ ᠪᠠᠶᠢᠭ᠎ᠠ ᠶᠠᠲᠠᠭᠤ ᠬᠦᠴᠢᠷᠲᠡᠯᠳᠠᠢ ᠬᠦᠮᠤᠨ ᠠᠮᠠ ᠶᠢ ᠶᠠᠲᠠᠭᠤ ᠠᠴᠠ ᠠᠩᠭᠢᠵᠢᠷᠠᠭᠤᠯᠵᠤ᠂ | ᠶᠠᠲᠠᠭᠤ ᠬᠦᠴᠢᠷ ᠲᠠᠢ ᠬᠤᠰᠢᠭᠤ ᠰᠢᠶᠠᠨ ᠪᠦᠬᠦᠨ ᠢ ᠶᠠᠲᠠᠭᠤ ᠠᠴᠠ ᠠᠩᠭᠢᠵᠢᠷᠠᠭᠤᠯᠵᠤ᠂ ᠶᠠᠲᠠᠭᠤ ᠬᠦᠴᠢᠷᠲᠡᠯᠳᠠᠢ | ᠠᠰᠠᠭᠤᠳᠠᠯ ᠢ ᠤᠷᠤᠨ ᠪᠦᠰᠡ ᠶᠢᠨ ᠴᠢᠨᠠᠷᠲᠠᠢ ᠪᠦᠬᠦᠯᠢ ᠴᠤᠭᠴᠠ ᠪᠠᠷ ᠢᠶᠠᠨ ᠰᠢᠢᠳᠪᠤᠷᠢᠯᠠᠨ᠎ᠠ᠃ ᠤᠯᠤᠰ | ᠠᠷᠠᠳ ᠤᠨ ᠬᠡᠪ ᠪᠤᠯᠪᠠᠰᠤᠷᠠᠯ ᠪᠣᠯᠣᠨ ᠨᠠᠶᠢᠬᠡᠮ ᠤᠨ ᠪᠤᠯᠪᠠᠰᠤᠨ ᠤ ᠲᠦᠪᠰᠢᠨ ᠢ ᠮᠡᠳᠡᠭᠲᠠᠮᠠ ᠲᠠᠬᠡᠭᠰᠢᠯᠡᠬᠦᠯᠤᠨ᠎ᠠ᠃ | ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠠᠨ ᠰᠠᠶᠢᠵᠢᠷᠠᠭᠤᠯᠤᠨ᠎ᠠ᠃ ᠡᠯ᠎ᠠ | ᠲᠠᠯ᠎ᠠ ᠶᠢᠨ ᠪᠠᠶᠢᠭᠤᠯᠤᠮᠵᠢ ᠲᠤᠭᠲᠠᠴᠠ ᠶᠢ ᠨᠠᠩ ᠪᠦᠷᠢᠨᠰᠢᠬᠦᠯᠤᠨ ᠲᠠᠬᠦᠯᠲᠠᠷᠵᠢᠬᠦᠯᠤᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ· | ᠥᠪᠥᠷ ᠮᠣᠩᠭᠤᠯ ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠤᠳᠠᠭᠠᠨ ᠤ ᠪᠥᠬᠦᠳᠡ | ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠵᠤ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ ᠶᠢ ᠪᠦᠬᠦ | ᠲᠠᠯ᠎ᠠ ᠪᠠᠷ ᠵᠠᠳᠠᠯᠵᠤ᠂ ︽13 · 5︾ ᠶᠢᠨ ᠬᠤᠭᠤᠴᠠᠭ᠎ᠠ ᠪᠣᠯ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠰᠢᠢᠳᠪᠦᠷᠢᠲᠦ ᠱᠠᠲᠤ ᠪᠣᠯᠬᠤᠷ᠂ ︽13 · 5︾ ᠶᠢᠨ | ᠲᠥᠯᠥᠪᠵᠢᠭᠦᠯᠭᠡ ᠶᠢ ᠡᠷᠬᠡᠪᠰᠢ ᠡᠨᠡ ᠬᠦ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ | ᠲᠣᠭᠲᠠᠭᠠᠬᠤ ᠬᠡᠷᠡᠭᠲᠡᠶ ᠭᠡᠵᠦ ᠦᠵᠡᠵᠡᠢ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠤᠤ ᠶᠢ ᠤᠷᠢᠵᠤ᠂ | ᠮᠠᠨ ᠤ ᠣᠷᠣᠨ ᠤ ︽13 · 5︾ ᠶᠢᠨ ᠲᠥᠯᠥᠪᠵᠢᠭᠦᠯᠭᠡ ᠶᠢᠨ ︽ᠬᠥᠲᠥᠯᠪᠦᠷᠢ︾ ᠶᠢᠨ ᠲᠣᠬᠠᠢ ᠤᠯᠠᠨ ᠳᠤ | ᠨᠠᠷᠢᠨ ᠲᠣᠳᠣᠷᠬᠠᠶ ᠲᠠᠶᠢᠯᠦᠮᠵᠢ ᠬᠢᠬᠦ ᠪᠠᠷ ᠪᠤᠢ᠃ ᠸᠠᠩ ᠡᠷᠬᠢᠯᠡᠭᠴᠢ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠠᠩ ᠶᠢᠨ ᠪᠤᠤ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠲᠠ ᠪᠦᠬᠦᠨ ᠲᠠᠢ ᠮᠠᠨ ᠤ | ᠣᠷᠣᠨ ᠤ ︽13 · 5︾ ᠶᠢᠨ ᠲᠥᠯᠥᠪᠵᠢᠭᠦᠯᠭᠡ ᠶᠢᠨ ︽ᠬᠥᠲᠥᠯᠪᠦᠷᠢ︾ ᠶᠢᠨ ᠲᠣᠬᠠᠢ ᠰᠠᠨᠠᠯ ᠢᠶᠠᠨ ᠰᠣᠯᠢᠯᠴᠠᠬᠤ | ᠪᠣᠯᠣᠭᠰᠠᠨ ᠳᠠᠭᠠᠨ ᠪᠠᠶᠠᠷᠲᠠᠢ ᠪᠠᠶᠢᠨ᠎ᠠ᠃ | ᠬᠥᠲᠥᠯᠥᠭᠴᠢ᠄ | ᠶᠠᠭᠠᠬᠢᠭᠠᠳ ︽13 · 5︾ ᠶᠢᠨ ᠬᠤᠭᠤᠴᠠᠭᠠᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠠᠬᠢᠴᠠ | ᠳᠤᠮᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠬᠤᠭᠤᠴᠠᠭ᠎ᠠ ᠭᠡᠬᠦ ᠪᠤᠢ︖ | ᠸᠠᠩ ᠶᠢᠨ ᠪᠤᠤ᠄ | ᠲᠠᠪᠤᠨ ᠵᠢᠯ ᠤᠨ ᠲᠤᠷᠰᠢ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠠᠵᠤ ᠠᠬᠤᠶ ᠶᠢᠨ ᠨᠠᠷᠢᠨ ᠪᠣᠳᠣᠯᠢᠶᠠᠨᠲᠠᠢ ᠬᠦᠨᠳᠦ ᠬᠡᠴᠡᠭᠦᠦ ᠪᠠᠶᠢᠳᠠᠯ ᠪᠣᠯᠣᠨ ᠥᠭᠡᠷᠡᠴᠢᠯᠡᠯᠲᠡ ᠬᠦᠭᠵᠢᠯᠲᠡ ᠶᠢ | ᠲᠣᠭᠲᠠᠭᠤᠨ ᠪᠠᠶᠢᠯᠭᠠᠬᠤ ᠬᠠᠲᠠᠭᠤ ᠪᠡᠷᠭᠡ ᠡᠭᠦᠷᠭᠡ ᠳᠤ ᠬᠠᠨᠳᠤᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠴᠢᠩᠭ᠎ᠠ ᠲᠦᠰᠢᠭᠯᠡᠵᠦ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽8337︾ ᠬᠥᠭᠵᠢᠯᠲᠡ ᠶᠢᠨ | ᠰᠡᠳᠬᠢᠮᠵᠢ ᠪᠣᠯᠣᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠯᠠᠭᠤᠯᠤᠯᠲᠠ | ᠪᠣᠯᠣᠨ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯᠠᠭᠤᠯᠤᠯᠲᠠ ᠨᠠᠶᠢᠳᠠᠪᠤᠷᠢᠵᠢᠭᠤᠯᠬᠤ᠂ | ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠢ ᠴᠣᠭᠴᠠᠯᠠᠬᠤ ᠶᠢᠨ | ᠲᠣᠭᠤᠷᠢᠨ ᠳᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠪᠦᠬᠦ ᠣᠷᠣᠨ ᠤ | ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ᠂ | ᠬᠤᠳᠠ ᠬᠥᠳᠡᠭᠡ ᠶᠢᠨ ᠬᠥᠭᠵᠢᠯᠲᠡ ᠶᠢᠨ ᠳᠦᠷᠰᠦ ᠪᠠᠶᠢᠳᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ | ᠬᠢᠷᠢ ᠬᠡᠮᠵᠢᠶ᠎ᠡ᠂ ᠬᠥᠭᠵᠢᠯᠲᠡ ᠶᠢ ᠪᠠᠲᠤᠯᠠᠬᠤ ᠴᠢᠳᠠᠪᠤᠷᠢ ᠪᠣᠯᠣᠨ ᠠᠷᠠᠳ ᠲᠦᠮᠡᠨ ᠤ ᠠᠮᠢᠳᠤᠷᠠᠯ ᠤᠨ ᠲᠥᠪᠰᠢᠨ ᠢ | ᠴᠥᠮ ᠨᠢᠭᠡᠨ ᠶᠡᠭᠡ ᠳᠡᠭᠲᠡᠷ ᠳᠠᠪᠠᠭ᠋ᠤ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠂ ᠨᠡᠶᠢᠭᠡᠮ ᠤᠨ | ᠦᠢᠯᠡᠰ᠂ ᠡᠶ᠎ᠡ ᠵᠣᠬᠢᠴᠠᠩᠭᠤᠢ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠣ ᠰᠢᠨ᠎ᠡ ᠪᠠᠶᠢᠳᠠᠯ ᠢ | ᠨᠡᠭᠡᠭᠡᠭᠰᠡᠨ ᠪᠠᠶᠢᠨ᠎ᠠ᠃ | ᠬᠥᠲᠥᠯᠥᠭᠴᠢ᠄ | ︽13· 5︾ ᠶᠢᠨ ᠲᠥᠯᠥᠪᠵᠢᠭᠦᠯᠭᠡ ᠶᠢᠨ ᠲᠡᠦᠬᠡᠨ ᠪᠠᠶᠢᠷᠢ ᠲᠣᠭᠲᠠᠭᠠᠯᠲᠠ ᠶᠢ ᠬᠡᠷᠬᠢᠨ ᠰᠢᠨᠵᠢᠯᠡᠬᠦ | ᠤᠬᠠᠭᠠᠨᠴᠢ ᠪᠠᠷ ᠡᠵᠡᠮᠰᠢᠬᠦ ᠪᠤᠢ︖ | ᠸᠠᠩ ᠶᠢᠨ ᠪᠤᠤ᠄ | ᠨᠢᠭᠡ ᠳᠤ ︽ᠬᠤᠣᠰ ᠵᠠᠭᠤᠨ ᠵᠢᠯ︾ ᠤᠨ ᠠᠤᠭ᠎ᠠ ᠬᠠᠷᠠᠯᠲᠠ ᠶᠢ ᠥᠷᠭᠦᠯᠵᠢᠯᠡᠭᠦᠯᠬᠦ ᠲᠠᠪᠤᠨ ᠵᠢᠯ ᠤᠨ | ᠲᠥᠯᠥᠪᠵᠢᠭᠦᠯᠭᠡ ᠪᠣᠯᠣᠨ᠎ᠠ᠃ ︽13· 5︾ ᠶᠢᠨ ᠲᠥᠯᠥᠪᠵᠢᠭᠦᠯᠭᠡ ᠪᠣᠯ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠡᠶᠡᠯᠡᠭᠦᠯᠵᠦ᠂ ᠮᠠᠨ ᠤ ᠨᠠᠮ ᠤᠨ ᠲᠣᠭᠲᠠᠭᠠᠭᠰᠠᠨ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢᠨ ᠳᠣᠲᠣᠷᠠᠬᠢ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ | ᠰᠢᠢᠳᠪᠦᠷᠢᠲᠦ ᠱᠠᠲᠤᠨ ᠤ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠂ ᠪᠠᠰᠠ ᠴᠤ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠰᠠᠶᠢᠨ ᠰᠠᠶᠢᠬᠠᠨ ᠰᠠᠭᠤᠷᠢ ᠲᠠᠯᠪᠢᠬᠤ ᠵᠠᠩᠭᠢᠯᠠᠭ᠎ᠠ ᠶᠢᠨ | ᠬᠤᠭᠤᠴᠠᠭᠠᠨ ᠤ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠃ | ᠬᠤᠶᠠᠷ ᠲᠤ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠃ ︽13 · 5︾ | ᠶᠢᠨ ᠲᠥᠯᠥᠪᠵᠢᠭᠦᠯᠭᠡ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠡᠨᠡ ᠬᠦ | ᠰᠢᠢᠳᠪᠦᠷᠢᠯᠡᠭᠴᠢ ᠴᠢᠨᠠᠷᠲᠠᠶ ᠵᠠᠩᠭᠢᠯᠠᠭ᠎ᠠ ᠶᠢᠨ ᠴᠠᠭ ᠳᠡᠭᠡᠷᠡᠬᠢ ᠲᠠᠪᠤᠨ ᠵᠢᠯ ᠤᠨ ᠲᠥᠯᠥᠪᠵᠢᠭᠦᠯᠭᠡ ᠪᠣᠯᠬᠤ ᠪᠦᠭᠡᠳ | ᠮᠦᠨ ᠴᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠣᠷᠣᠨ ᠢᠶᠠᠨ ᠪᠦᠬᠦ ᠲᠠᠯ᠎ᠠ ᠪᠠᠷ ᠬᠠᠤᠯᠢ | ᠶᠣᠰᠣᠭᠠᠷ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠬᠤᠶ ᠪᠠᠶᠢᠳᠠᠯ ᠤᠨ ᠳᠣᠣᠷ᠎ᠠ ᠨᠠᠶᠢᠷᠠᠭᠤᠯᠤᠨ | ᠵᠣᠬᠢᠶᠠᠭᠰᠠᠨ ᠠᠩᠬᠠᠳᠠᠭᠴᠢ ᠲᠠᠪᠤᠨ ᠵᠢᠯ ᠤᠨ ᠲᠥᠯᠥᠪᠵᠢᠭᠦᠯᠭᠡ ᠪᠣᠯᠣᠨ᠎ᠠ᠃ | ᠭᠤᠷᠪᠠ ᠳᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠣᠣᠷᠠᠬᠢ ᠠᠩᠬᠠᠳᠠᠭᠴᠢ ᠲᠠᠪᠤᠨ | ᠵᠢᠯ ᠤᠨ ᠲᠥᠯᠥᠪᠵᠢᠭᠦᠯᠭᠡ ᠪᠣᠯᠣᠨ᠎ᠠ᠃ ︽13 · 5︾ ᠶᠢᠨ ᠬᠤᠭᠤᠴᠠᠭᠠᠨ ᠳᠤ᠂ ᠮᠠᠨ ᠤ ᠣᠷᠣᠨ ᠤ ᠠᠵᠤ | ᠠᠬᠤᠶ ᠶᠢᠨ ᠬᠥᠭᠵᠢᠯᠲᠡ ᠴᠦ ᠪᠥᠬᠦ ᠤᠯᠤᠰ ᠲᠠᠢ ᠠᠳᠠᠯᠢ ᠪᠠᠷ ᠰᠢᠨ᠎ᠡ ᠬᠡᠪ ᠪᠠᠶᠢᠳᠠᠯ ᠳᠤ ᠣᠷᠣᠵᠤ᠂ ᠠᠵᠤ | ᠠᠬᠤᠶ ᠶᠢᠨ ᠨᠡᠮᠡᠭᠳᠡᠯ ᠤᠨ ᠬᠤᠷᠳᠤᠴᠠ ᠳᠡᠭᠡᠳᠦ ᠨᠡᠮᠡᠭᠳᠡᠯ ᠠᠴᠠ ᠪᠠᠨ ᠳᠤᠮᠳᠠ ᠳᠡᠭᠡᠳᠦ ᠨᠡᠮᠡᠭᠳᠡᠯ ᠲᠡᠰᠢ ᠰᠢᠯᠵᠢᠵᠦ᠂ | ᠬᠥᠭᠵᠢᠯᠲᠡ ᠶᠢᠨ ᠠᠷᠭ᠎ᠠ ᠬᠡᠯᠪᠡᠷᠢ ᠨᠢ ᠬᠡᠪᠴᠢᠶ᠎ᠡ ᠪᠣᠯᠤᠨ ᠬᠤᠷᠳᠤᠴᠠ ᠶᠢᠨ ᠬᠡᠯᠪᠡᠷᠢ ᠶᠢᠨ ᠪᠦᠳᠦᠭᠦᠯᠢᠭ ᠨᠡᠮᠡᠭᠳᠡᠯ | ᠠᠴᠠ ᠪᠠᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢᠨ ᠬᠡᠯᠪᠡᠷᠢ ᠶᠢᠨ ᠡᠷᠴᠢᠮᠯᠢᠭ ᠨᠡᠮᠡᠭᠳᠡᠯ ᠵᠦᠭ ᠰᠢᠯᠵᠢᠵᠦ᠂ | ᠠᠵᠤ ᠠᠬᠤᠶ ᠶᠢᠨ ᠪᠦᠲᠦᠴᠡ ᠨᠢ ᠬᠡᠮᠵᠢᠶ᠎ᠡ ᠪᠠᠨ ᠨᠡᠮᠡᠭᠳᠡᠭᠦᠯᠵᠦ ᠴᠢᠳᠠᠮᠵᠢ ᠪᠠᠨ ᠥᠷᠭᠡᠳᠬᠡᠬᠦ ᠪᠠᠷ ᠭᠤᠣᠯ ᠪᠣᠯᠭᠠᠵᠤ | ᠪᠠᠶᠢᠭᠰᠠᠨ ᠠᠴᠠ ᠪᠠᠨ ᠬᠠᠳᠠᠭᠠᠯᠠᠮᠵᠢ ᠪᠠᠨ ᠲᠣᠬᠢᠷᠠᠭᠤᠯᠬᠤ᠂ ᠰᠢᠯᠢᠳᠡᠭᠵᠢᠭᠦᠯᠦᠨ ᠬᠡᠮᠵᠢᠶ᠎ᠡ ᠪᠠᠨ ᠨᠡᠮᠡᠭᠳᠡᠭᠦᠯᠬᠦ ᠶᠢ ᠴᠤᠭ | ᠲᠤᠨᠢ ᠠᠳᠬᠤᠬᠤ ᠵᠦᠭ ᠬᠤᠪᠢᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠭᠤᠣᠯᠳᠠᠭᠤ ᠡᠬᠢ ᠪᠠᠶᠠᠯᠢᠭ | ᠪᠣᠯᠣᠨ ᠳᠣᠣᠷ᠎ᠠ ᠥᠪᠡᠷ ᠤᠨ ᠥᠷᠲᠡᠭᠲᠦ ᠬᠥᠳᠡᠯᠮᠦᠷᠢ ᠶᠢᠨ ᠬᠦᠴᠦᠨ ᠵᠡᠷᠭᠡ ᠴᠢᠬᠤᠯᠠ ᠡᠯᠧᠮᠧᠨ᠋ᠲ ᠤᠨ | ᠣᠷᠣᠭᠤᠯᠤᠯᠲᠠ ᠳᠤ ᠲᠦᠰᠢᠭᠯᠡᠬᠦ ᠠᠴᠠ ᠪᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠵᠦᠭ | ᠬᠤᠪᠢᠷᠠᠭᠤᠯᠤᠨ᠎ᠠ᠂ ᠪᠢᠳᠡ ᠰᠢᠨ᠎ᠡ ᠬᠡᠪ ᠪᠠᠶᠢᠳᠠᠯ ᠳᠣᠣᠷᠠᠬᠢ ᠬᠥᠭᠵᠢᠯᠲᠡ ᠶᠢᠨ ᠶᠡᠭᠡ ᠬᠠᠨᠳᠤᠰᠢ ᠶᠢ ᠡᠷᠬᠡᠪᠰᠢ | ᠭᠦᠨᠵᠡᠭᠡᠶ ᠲᠠᠨᠢᠵᠤ᠂ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ | ᠥᠪᠥᠷ ᠮᠣᠩᠭᠤᠯ ᠤᠨ ᠣᠨᠴᠠᠯᠢᠭ ᠪᠦᠬᠦᠢ ᠰᠢᠨ᠎ᠡ ᠬᠡᠪ ᠪᠠᠶᠢᠳᠠᠯ ᠤᠨ ᠬᠥᠭᠵᠢᠯᠲᠡ ᠶᠢᠨ ᠵᠠᠮ ᠢᠶᠠᠷ ᠵᠠᠮᠨᠠᠬᠤ | ᠬᠡᠷᠡᠭᠲᠡᠶ᠃ | ᠬᠥᠲᠥᠯᠥᠭᠴᠢ᠄ | ︽13 · 5︾ ᠶᠢᠨ ᠬᠤᠭᠤᠴᠠᠭᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠶᠠᠮᠠᠷ ᠶᠠᠮᠠᠷ ᠠᠵᠠ ᠲᠣᠬᠢᠶᠠᠯ ᠪᠣᠯᠣᠨ ᠥᠷᠢᠰᠥᠯᠳᠦᠭᠡᠨ ᠣᠷᠣᠰᠢᠵᠤ ᠪᠠᠶᠢᠭ᠎ᠠ ᠪᠤᠢ︖ | ᠸᠠᠩ ᠶᠢᠨ ᠪᠤᠤ᠄ | ᠠᠵᠠ ᠲᠣᠬᠢᠶᠠᠯ ᠲᠠᠯ᠎ᠠ ᠪᠠᠷ᠄ ︽13 · 5︾ ᠶᠢᠨ ᠬᠤᠭᠤᠴᠠᠭᠠᠨ ᠳᠤ᠂ ᠤᠯᠠᠨ ᠤᠯᠤᠰ ᠤᠨ ᠣᠷᠴᠢᠨ | ᠲᠣᠭᠤᠷᠢᠨ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ᠂ ᠳᠡᠯᠡᠬᠡᠶ ᠶᠢᠨ ᠠᠵᠤ ᠠᠬᠤᠶ ᠭᠦᠨᠵᠡᠭᠡᠶ | ᠳᠤᠬᠢᠷᠠᠭᠤᠯᠤᠯᠲᠠ ᠶᠢᠨ ᠳᠤᠮᠳᠠ ᠰᠡᠷᠭᠦᠵᠦ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ | ᠪᠠᠶᠢᠳᠠᠯ ᠳᠤ ᠣᠷᠣᠵᠤ᠂ ᠠᠵᠤ ᠦᠢᠯᠡᠰ ᠤᠨ ᠪᠦᠲᠦᠴᠡ ᠳᠤᠮᠳᠠ ᠳᠡᠭᠡᠳᠦ ᠳᠠᠪᠬᠤᠷᠭ᠎ᠠ ᠵᠦᠭ ᠲᠥᠷᠭᠡᠨ ᠬᠦᠭᠵᠢᠵᠦ᠂ | ︽ᠳᠤᠮᠳᠠᠳᠤ ᠤᠯᠤᠰ ᠦᠢᠯᠡᠳᠬᠦᠢ 2025︾᠂ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ᠡᠨᠧᠷᠭᠢ ᠶᠢᠨ ᠦᠢᠯᠡᠳᠪᠦᠷᠢᠯᠡᠯ ᠪᠣᠯᠣᠨ ᠬᠡᠷᠡᠭᠯᠡᠭᠡᠨ ᠤ ᠬᠤᠪᠢᠰᠬᠠᠯ ᠭᠦᠨᠵᠡᠭᠡᠶᠢᠷᠡᠨ | ᠠᠬᠢᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠮᠠᠰᠢ ᠲᠦᠷᠭᠡᠨ ᠢᠶᠠᠷ ᠲᠡᠰ | ᠲᠠᠪᠰᠢᠵᠥ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠠᠯᠬᠤᠮ ᠠᠯᠬᠤᠮ ᠢᠶᠠᠷ ᠬᠦᠴᠦᠨ ᠢᠶᠠᠨ ᠢᠯᠡᠷᠡᠭᠦᠯᠵᠦ᠂ | ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠲᠦᠷᠬᠡᠨ | ᠠᠬᠢᠭᠳᠠᠵᠠᠢ᠂ ᠮᠠᠨ ᠤ ᠣᠷᠣᠨ ᠳᠤ ᠲᠤᠯᠭᠠᠷᠠᠵᠤ ᠪᠠᠶᠢᠭ᠎ᠠ ᠴᠢᠬᠤᠯᠠ ᠠᠵᠠ ᠲᠣᠬᠢᠶᠠᠯ ᠨᠢ ᠭᠤᠣᠯᠳᠠᠭᠤ᠄ ᠨᠢᠭᠡ ᠪᠣᠯ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠥᠷᠭᠡᠳᠬᠡᠵᠦ᠂ ᠬᠥᠭᠵᠢᠯᠲᠡ ᠶᠢᠨ ᠶᠠᠰᠤ | ᠴᠢᠨᠠᠷ ᠪᠣᠯᠣᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠶᠡᠭᠡ ᠴᠠᠭ ᠲᠣᠬᠢᠶᠠᠯ ᠪᠣᠯᠣᠨ᠎ᠠ︔ | ᠬᠤᠶᠠᠷ ᠪᠣᠯ ᠲᠡᠷᠢᠭᠦᠨ ᠤ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ | ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠢ ᠲᠦᠷᠭᠡᠨ ᠬᠥᠭᠵᠢᠭᠦᠯᠵᠦ᠂ ᠭᠠᠵᠠᠷ ᠣᠷᠣᠨ ᠤ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠳᠠᠬᠢᠨ ᠪᠦᠲᠦᠭᠡᠬᠦ ᠴᠢᠬᠤᠯᠠ ᠶᠡᠭᠡ ᠴᠠᠭ ᠲᠣᠬᠢᠶᠠᠯ ᠪᠣᠯᠣᠨ᠎ᠠ︔ ᠭᠤᠷᠪᠠ | ᠪᠣᠯ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠥᠷᠭᠡᠳᠬᠡᠬᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠦᠢᠯᠡᠰ ᠤᠨ ᠬᠡᠯᠬᠢᠶ᠎ᠡ ᠦᠷᠲᠡᠭ ᠤᠨ ᠬᠡᠯᠬᠢᠶ᠎ᠡ ᠲᠠᠢ ᠭᠦᠨᠵᠡᠭᠡᠢ ᠠᠭᠤᠰᠤᠯᠴᠠᠬᠤ ᠴᠢᠬᠤᠯᠠ | ᠶᠡᠭᠡ ᠴᠠᠭ ᠲᠣᠬᠢᠶᠠᠯ ᠪᠣᠯᠣᠨ᠎ᠠ︔ ᠲᠦᠷᠪᠡ ᠪᠣᠯ ᠳᠤᠮᠳᠠ ᠪᠠᠷᠠᠭᠤᠨ ᠣᠷᠣᠨ ᠤ ᠵᠣᠬᠢᠬᠤ ᠣᠷᠣᠨ ᠵᠠᠢ ᠶᠢ | ᠠᠭᠤᠳᠠᠯᠵᠤ᠂ ᠬᠦᠭᠵᠢᠭᠡᠳᠦᠢ ᠭᠠᠵᠠᠷ ᠣᠷᠣᠨ ᠤ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ | ᠣᠷᠬᠢᠯᠤᠭᠤᠯᠵᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠦᠳᠡᠯᠭᠡᠭᠦᠷ ᠢ ᠴᠣᠭᠴᠠᠯᠠᠨ᠂ ᠪᠦᠬᠦ ᠤᠯᠤᠰ ᠤᠨ | ᠬᠥᠭᠵᠢᠯᠲᠡ ᠯᠤᠭ᠎ᠠ ᠶᠢᠨ ᠵᠥᠷᠢᠶ᠎ᠡ ᠶᠢ ᠪᠠᠭᠠᠰᠬᠠᠬᠤ ᠴᠢᠬᠤᠯᠠ ᠶᠡᠭᠡ ᠠᠵᠠ ᠲᠣᠬᠢᠶᠠᠯ ᠪᠣᠯᠬᠤ ᠶᠤᠮ᠃ | ᠥᠷᠢᠰᠥᠯᠳᠦᠭᠡᠨ ᠤ ᠲᠠᠯ᠎ᠠ ᠪᠠᠷ᠄ ᠮᠠᠨ ᠤ ᠣᠷᠣᠨ ᠤ ᠬᠥᠭᠵᠢᠯᠲᠡ ᠨᠢ ᠮᠥᠨ ᠯᠡ ᠮᠠᠰᠢ ᠤᠯᠠᠨ ᠵᠥᠷᠢᠴᠡᠯ | ᠰᠤᠯᠪᠢᠴᠠᠭᠰᠠᠨ ᠬᠠᠲᠠᠭᠤ ᠴᠢᠩᠭ᠎ᠠ ᠥᠷᠢᠰᠥᠯᠳᠦᠭᠡᠨ ᠳᠤ ᠲᠤᠯᠭᠠᠷᠠᠵᠤ ᠪᠤᠢ᠂ ᠡᠭᠦᠨ ᠤ ᠭᠤᠣᠯ ᠢᠯᠡᠷᠡᠯ ᠨᠢ᠄ | ᠨᠢᠭᠡ ᠳᠤ ᠠᠵᠤ ᠦᠢᠯᠡᠰ ᠤᠨ ᠪᠦᠲᠦᠴᠡ ᠳᠠᠩ ᠴᠤᠯᠭᠤᠶ᠂ ᠬᠦᠨᠳᠦ ᠬᠡᠯᠪᠡᠷᠢ ᠶᠢᠨ ᠣᠨᠴᠠᠯᠢᠭ ᠢᠶᠠᠷ ᠢᠯᠡᠷᠬᠡᠶ᠂ | ᠨᠡᠭᠦᠷᠡᠰᠦ ᠵᠡᠷᠭᠡ ᠡᠬᠢ ᠪᠠᠶᠠᠯᠢᠭ ᠤᠨ ᠬᠡᠯᠪᠡᠷᠢ ᠪᠥᠬᠦᠢ ᠠᠵᠤ ᠦᠢᠯᠡᠰ ᠤᠨ ᠬᠤᠪᠢ ᠶᠢᠨ ᠵᠢᠩ ᠨᠢ ᠭᠡᠳᠦ ᠬᠦᠨᠳᠦ᠂ | ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠭᠦᠢᠴᠡᠳ ᠪᠤᠰᠤ | ᠪᠠᠶᠢᠨ᠎ᠠ︔ ᠬᠤᠶᠠᠷ ᠲᠤ᠂ ᠠᠵᠤ ᠠᠬᠤᠶ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠲᠡᠩᠴᠡᠭᠦᠷᠢ ᠦᠬᠡᠢ᠂ | ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠰᠤᠯᠠᠪᠲᠤᠷ᠂ ᠪᠦᠲᠦᠮᠵᠢᠲᠡᠶ ᠬᠡᠷᠡᠭᠴᠡᠭᠡ ᠪᠣᠯᠣᠨ | ᠪᠦᠲᠦᠮᠵᠢᠲᠡᠶ ᠬᠠᠩᠭᠠᠯᠭ᠎ᠠ ᠬᠦᠷᠦᠯᠴᠡᠬᠦ ᠦᠭᠡᠢ ᠶᠠᠪᠤᠳᠠᠯ ᠵᠡᠷᠭᠡᠴᠡᠨ ᠣᠷᠣᠰᠢᠵᠤ᠂ ᠬᠥᠳᠡᠯᠮᠦᠷᠢ ᠶᠢᠨ ᠬᠦᠴᠦ᠂ ᠪᠡᠯᠡ | ᠮᠥᠩᠭᠦ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠪᠠᠴᠢᠮ ᠪᠣᠯᠬᠤ | ᠬᠠᠨᠳᠤᠰᠢ ᠲᠠᠢ ᠪᠠᠶᠢᠨ᠎ᠠ︔ ᠭᠤᠷᠪᠠ ᠳᠤ ᠠᠮᠢ ᠠᠬᠤᠶ ᠶᠢᠨ ᠣᠷᠴᠢᠨ ᠲᠣᠭᠤᠷᠢᠨ ᠪᠠᠰᠠ ᠳᠣᠷᠣᠢ ᠪᠠᠭᠤᠷᠠᠶ ᠪᠠᠶᠢᠨ᠎ᠠ︔ | ᠲᠦᠷᠪᠡ ᠳᠤ ᠠᠵᠤ ᠠᠬᠤᠶ ᠶᠢᠨ ᠠᠵᠢᠯᠯᠠᠭᠠᠨ ᠳᠤ ᠬᠤᠷᠠᠮᠳᠤᠭᠤᠯᠤᠭᠰᠠᠨ ᠳᠠᠯᠳᠠ ᠠᠶᠤᠯ ᠲᠦᠭᠰᠢᠭᠦᠷᠢ ᠠᠷᠪᠢᠨ | ᠪᠣᠯᠵᠤ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠨᠢ ᠦᠯᠡᠭᠦᠳᠡᠵᠦ᠂ ᠴᠥᠭᠡᠨ ᠪᠤᠰᠤ ᠠᠵᠤ | ᠠᠬᠤᠶᠢᠯᠠᠯ ᠤᠨ ᠡᠵᠡᠩᠨᠡᠯᠲᠡ ᠨᠢ ᠬᠦᠴᠢᠷᠲᠡᠶ ᠪᠤᠯᠵᠦ᠂ ᠵᠠᠷᠢᠮ ᠣᠷᠣᠨ ᠨᠤᠲᠤᠭ ᠤᠨ ᠵᠠᠰᠠᠭ ᠤᠨ ᠣᠷᠳᠣᠨ ᠤ | ᠥᠭᠴᠡᠭᠡᠨ ᠤ ᠳᠠᠷᠤᠭᠠᠰᠤ ᠬᠦᠨᠳᠦᠷᠡᠵᠦ ᠪᠠᠶᠢᠨ᠎ᠠ᠃ | ᠸᠠᠩ ᠶᠢᠨ ᠪᠤᠤ᠄ | ︵ᠨᠢᠭᠡ︶ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠲᠡᠭ ᠤᠨ ᠨᠡᠮᠡᠭᠳᠡᠬᠦ ᠬᠤᠷᠳᠤᠴᠠ ᠶᠢᠨ | ᠲᠣᠬᠠᠢ | ᠲᠥᠪ ᠤᠨ ︽13 · 5︾ ᠶᠢᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠳᠤ ᠲᠣᠭᠲᠠᠭᠠᠭᠰᠠᠨ ︽13 · | 5︾ ᠶᠢᠨ ᠬᠤᠭᠤᠴᠠᠭᠠᠨ ᠳᠤ ᠪᠦᠭᠦ ᠤᠯᠤᠰ ᠤᠨ ᠠᠵᠤ ᠠᠬᠤᠶ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ | ᠪᠠᠲᠤᠯᠠᠵᠤ᠂ 2020 ᠣᠨ ᠪᠣᠯᠬᠤ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠭᠡᠢ | ᠦᠷᠲᠡᠭ ᠢ 2010 ᠣᠨ ᠤ ᠬᠢ ᠠᠴᠠ ᠬᠤᠶᠠᠷ ᠳᠠᠬᠢᠨ ᠨᠡᠮᠡᠭᠳᠡᠭᠦᠯᠵᠦ᠂ ᠵᠢᠱᠢᠯᠲᠠ ᠪᠠᠷ ᠤᠯᠤᠰ ᠬᠡᠷᠪᠡ ᠬᠤᠪᠢ | ᠳᠠᠬᠢᠨ ᠪᠠᠷ ᠨᠡᠮᠡᠭᠳᠡᠬᠦ ᠶᠢ ᠪᠡᠶᠡᠯᠡᠭᠦᠯᠦᠶ᠎ᠡ ᠭᠡᠪᠡᠯ ︽13 · 5︾ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠨᠡᠮᠡᠭᠳᠡᠯ ᠢ ᠨᠠᠭᠠᠳᠤ ᠵᠠᠬ᠎ᠠ ᠳᠠᠭᠠᠨ 6.5% ᠪᠠᠶᠢᠯᠭᠠᠵᠤ᠂ ᠮᠠᠨ ᠤ | ᠣᠷᠣᠨ ᠬᠤᠶᠠᠷ ᠳᠠᠬᠢᠨ ᠪᠠᠷ ᠨᠡᠮᠡᠭᠳᠡᠬᠦ ᠶᠢ ᠪᠡᠶᠡᠯᠡᠭᠦᠯᠬᠦ ᠳᠤ ︽13 · 5︾ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠵᠢᠯ ᠪᠦᠷᠢ ᠳᠤᠮᠳᠠᠴᠢ ᠪᠠᠷ 4.4% ᠣᠷᠴᠢᠮ ᠨᠡᠮᠡᠭᠳᠡᠭᠦᠯᠬᠦ | ᠴᠢᠬᠤᠯᠠᠲᠠᠢ᠃ ᠥᠪᠡᠷᠲᠡᠭᠡᠨ ᠵᠠᠰᠠᠬᠤ ᠣᠷᠣᠨ ᠤ ︽ ᠬᠦᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ | ᠲᠠᠪᠤᠨ ᠵᠢᠯ ᠳᠤ ᠮᠠᠨ ᠤ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠵᠢᠯ ᠪᠦᠷᠢ | ᠳᠤᠮᠳᠠᠴᠢ ᠪᠠᠷ 7.5% ᠣᠷᠴᠢᠮ ᠨᠡᠮᠡᠭᠳᠡᠵᠦ᠂ 2020 ᠣᠨ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠦᠷᠳᠡᠭ ᠨᠢ 2.6 ᠲᠦᠮᠡᠨ ᠳ᠋ᠦᠩᠰᠢᠭᠤᠷ ᠲᠥᠭᠦᠷᠢᠭ ᠣᠷᠴᠢᠮ ᠲᠤ ᠬᠦᠷᠦᠨ᠎ᠡ᠃ ᠡᠭᠦᠨ ᠤ ᠭᠤᠣᠯ | ᠰᠢᠯᠲᠠᠭᠠᠨ ᠪᠣᠯ᠄ ᠨᠢᠭᠡ ᠳᠤ᠂ ᠬᠡᠷᠡᠭᠴᠡᠭᠡ ᠶᠢ ᠪᠣᠳᠣᠯᠬᠢᠯᠠᠭᠰᠠᠨ ᠶᠤᠮ᠃ ᠮᠠᠨ ᠤ ᠣᠷᠣᠨ ᠤ ᠬᠥᠭᠵᠢᠯᠲᠡ | ᠲᠡᠩᠴᠡᠭᠦᠷᠢ ᠦᠭᠡᠢ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠲᠠᠢ | ᠬᠠᠷᠢᠴᠠᠭᠤᠯᠪᠠᠯ ᠪᠠᠰᠠ ᠨᠡᠯᠢᠶᠡᠳ ᠲᠤᠲᠠᠮᠠᠭ ᠪᠠᠶᠢᠵᠤ᠂ ᠲᠤᠲᠠᠭᠤ ᠲᠠᠯ᠎ᠠ ᠪᠠᠨ ᠨᠥᠬᠦᠪᠦᠷᠢᠯᠡᠬᠦ ᠶᠢᠨ ᠲᠥᠯᠥᠭᠡ᠂ | ᠥᠷᠭᠦᠯᠵᠢᠯᠡᠨ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠲᠦᠷᠭᠡᠨ ᠨᠡᠮᠡᠭᠳᠡᠯ ᠤᠨ | ᠬᠤᠷᠳᠤᠴᠠ ᠲᠠᠢ ᠪᠠᠶᠢᠯᠭᠠᠬᠤ ᠬᠡᠷᠡᠭᠲᠡᠶ ᠶᠤᠮ︔ ᠬᠤᠶᠠᠷ ᠲᠤ ᠪᠣᠯᠤᠮᠵᠢ ᠶᠢ ᠪᠣᠳᠣᠯᠬᠢᠯᠠᠭᠰᠠᠨ ᠶᠤᠮ᠃ ᠤᠯᠠᠨ | ᠵᠢᠯ ᠤᠨ ᠬᠤᠷᠠᠮᠳᠤᠭᠤᠯᠤᠯ ᠢᠶᠠᠷ᠂ ᠮᠠᠨ ᠤ ᠣᠷᠣᠨ ᠬᠥᠭᠵᠢᠯᠲᠡ ᠶᠢᠨ ᠵᠣᠬᠢᠬᠤ ᠰᠠᠭᠤᠷᠢ ᠲᠠᠢ ᠪᠣᠯᠵᠤ᠂ ᠢᠯᠠᠩᠭᠤᠶ᠎ᠠ | ᠤᠢᠢᠷ᠎ᠠ ᠶᠢᠨ ᠵᠢᠯ ᠤᠳ ᠲᠤ ᠪᠦᠲᠦᠮᠵᠢᠲᠡᠶ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠦᠨ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ︽ᠲᠠᠪᠤᠨ ᠶᠡᠭᠡ ᠰᠠᠭᠤᠷᠢᠨ | ᠭᠠᠵᠠᠷ︾ ᠠᠩᠬ᠎ᠠ ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠰᠠᠭᠤᠷᠢ | ᠪᠡᠯᠡᠳᠬᠡᠮᠵᠢ ᠪᠣᠯᠤᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠴᠢᠬᠤᠯᠠ ᠶᠡᠭᠡ ᠲᠥᠷᠥᠯ | ᠵᠦᠢᠯ ᠤᠳ ᠶᠠᠭ ᠵᠠᠯᠭᠠᠭ᠎ᠠ ᠪᠠᠷ ᠠᠵᠢᠯ ᠢᠶᠠᠨ ᠡᠬᠢᠯᠡᠭᠦᠯᠦᠨ ᠪᠥᠳᠥᠭᠡᠨ ᠪᠠᠶᠢᠭᠤᠯᠤᠭᠳᠠᠵᠤ ᠪᠤᠢ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠬᠦ ᠪᠠ | ᠥᠭᠡᠷᠡᠴᠢᠯᠡᠯᠲᠡ ᠨᠠᠭᠡᠭᠡᠯᠲᠠ ᠶᠢ ᠲᠠᠰᠣᠷᠠᠯᠲᠠ ᠣᠢᠭᠡᠢ ᠭᠦᠨᠵᠡᠭᠡᠶᠢᠷᠡᠭᠦᠯᠬᠦ ᠶᠢ ᠳᠠᠭᠠᠯᠳᠤᠨ᠂ ᠰᠢᠨ᠎ᠡ ᠠᠵᠤ ᠦᠢᠯᠡᠰ᠂ | ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠶᠡᠭᠡ ᠬᠡᠮᠵᠢᠶ᠎ᠡ ᠪᠠᠷ ᠴᠣᠯᠭᠤᠷᠠᠨ ᠭᠠᠷᠴᠤ᠂ | ᠴᠢᠷᠮᠠᠶᠢᠯᠭ᠎ᠠ ᠪᠠᠷ ᠳᠠᠮᠵᠢᠭᠠᠳ᠂ 7.5% ᠣᠷᠴᠢᠮ ᠤᠨ ᠨᠡᠮᠡᠭᠳᠡᠯ ᠤᠨ ᠬᠤᠷᠳᠤᠴᠠ ᠶᠢ ᠪᠠᠲᠤᠯᠠᠬᠤ ᠨᠢ ᠪᠡᠶᠡᠯᠡᠭᠳᠡᠬᠦ | ᠪᠣᠯᠣᠮᠵᠢ ᠲᠠᠢ᠃ | ︵ᠬᠤᠶᠠᠷ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠶᠢᠨ ᠲᠣᠬᠠᠢ | ︽ᠬᠥᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ ᠤ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠢᠯ ᠪᠦᠷᠢ ᠳᠤᠮᠳᠠᠴᠢ ᠪᠠᠷ ᠲᠤᠰ ᠳᠤᠰ 8% ᠪᠠ 9% | ᠣᠷᠴᠢᠮ ᠨᠡᠮᠡᠭᠳᠡᠨ᠎ᠡ᠃ ᠢᠩᠭᠢᠵᠦ ᠪᠠᠶᠢᠷᠢᠯᠠᠭᠤᠯᠬᠤᠨᠢ ᠭᠤᠣᠯᠳᠠᠭᠤ ᠭᠤᠷᠪᠠᠨ ᠬᠦᠴᠦᠨ ᠵᠦᠢᠯ ᠢ ᠪᠣᠳᠣᠯᠬᠢᠯᠠᠪᠠ᠄ | ᠨᠢᠭᠡᠳᠦᠭᠡᠷ ᠲᠤ᠂ ᠲᠥᠪ ᠤᠨ ︽13· 5︾ ᠶᠢᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠳᠤ ︽ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠶ ᠶᠢᠨ ᠨᠡᠮᠡᠭᠳᠡᠯ ᠢ ᠠᠳᠠᠯᠢ ᠠᠯᠬᠤᠮ ᠲᠠᠢ ᠪᠠᠶᠢᠯᠭᠠᠵᠤ᠂ | ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠳᠡᠭᠡᠭᠰᠢᠯᠡᠯᠲᠡ ᠪᠣᠯᠣᠨ ᠬᠥᠳᠡᠯᠮᠦᠷᠢ ᠦᠢᠯᠡᠳᠪᠦᠷᠢᠯᠡᠯ ᠤᠨ | ᠪᠦᠲᠦᠭᠡᠮᠵᠢ ᠶᠢᠨ ᠳᠡᠭᠡᠭᠰᠢᠯᠡᠯᠲᠡ ᠶᠢ ᠠᠳᠠᠯᠢ ᠠᠯᠬᠤᠮ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ︾ ᠭᠡᠵᠡᠢ︔ | ᠬᠤᠶᠠᠳᠤᠭᠠᠷ ᠲᠤ᠂ ᠵᠢᠱᠢᠵᠦ ᠪᠣᠳᠣᠭᠰᠠᠨ ᠢᠶᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ | ᠬᠠᠷᠠᠯᠲᠠ ᠶᠢ ᠪᠡᠶᠡᠯᠡᠭᠦᠯᠬᠦ ᠭᠡᠪᠡᠯ ︽13· 5︾ ᠶᠢᠨ ᠬᠤᠭᠤᠴᠠᠭᠠᠨ ᠳᠤ ᠪᠦᠬᠦ ᠤᠯᠤᠰ ᠤᠨ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠨᠠᠭᠠᠳᠤ ᠵᠠᠬ᠎ᠠ ᠳᠠᠭᠠᠨ ᠵᠢᠯ ᠪᠦᠷᠢ ᠳᠤᠮᠳᠠᠴᠢ ᠪᠠᠷ ᠲᠤᠰ ᠲᠤᠰ | 6.5% ᠪᠠ 4.5% ᠣᠷᠴᠢᠮ ᠪᠠᠷ ᠪᠣᠳᠠᠲᠠᠶ ᠨᠡᠮᠡᠭᠳᠡᠵᠦ᠂ ᠮᠠᠨ ᠤ ᠣᠷᠣᠨ ᠤ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠨᠢ ᠳᠤᠮᠳᠠᠴᠢ ᠪᠠᠷ ᠵᠢᠯ ᠪᠦᠷᠢ ᠲᠤᠰ ᠲᠤᠰ 6.4% ᠪᠠ 3.8% ᠪᠠᠷ ᠪᠣᠳᠠᠲᠠᠶ ᠨᠡᠮᠡᠭᠳᠡᠬᠦ | ᠬᠡᠷᠡᠭᠲᠡᠢ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠨᠢ | ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠣᠣᠷ᠎ᠠ ᠪᠠᠶᠢᠵᠤ᠂ ︽ ᠲᠣᠲᠠᠭᠤ ᠲᠠᠯ᠎ᠠ︾ ᠪᠠᠨ ᠨᠦᠬᠦᠬᠦ | ᠠᠵᠢᠯ ᠤᠨ ᠤᠳᠤᠷᠢᠳᠤᠮᠵᠢ ᠶᠢ ᠬᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠬᠥᠭᠵᠢᠯᠲᠡ ᠶᠢᠨ | ᠦᠷ᠎ᠡ ᠪᠦᠲᠦᠭᠡᠯ ᠢ ᠬᠠᠮᠲᠤ ᠪᠠᠷ ᠬᠦᠷᠲᠡᠭᠡᠵᠦ᠂ ︽ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ | ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠡᠷᠬᠡᠪᠰᠢ | ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠯᠭᠠᠬᠤ ᠬᠡᠷᠡᠭᠲᠡᠢ︔ ᠭᠤᠷᠪᠠᠳᠤᠭᠠᠷ ᠲᠤ᠂ | ᠪᠣᠯᠣᠯᠴᠠᠭᠠᠲᠤ ᠴᠢᠨᠠᠷ ᠠᠴᠠ ᠦᠵᠡᠪᠡᠯ᠂ ︽13· 5︾ ᠶᠢᠨ ᠬᠤᠭᠤᠴᠠᠭᠠᠨ ᠳᠤ᠂ ᠮᠠᠨ ᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠪᠦᠬᠦ ᠲᠠᠯ᠎ᠠ ᠪᠠᠷ ᠪᠠᠶᠢᠭᠤᠯᠤᠨ | ᠪᠡᠶᠡᠯᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠢᠯ ᠲᠣᠰᠬᠤᠨ ᠤ ᠳᠦᠷᠰᠦ ᠪᠠᠶᠢᠳᠠᠯ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠪᠣᠯᠣᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠲᠩᠷᠢ ᠭᠠᠵᠠᠷ ᠢ | ᠳᠣᠩᠰᠣᠯᠭᠠᠮ᠎ᠠ ᠬᠤᠪᠢᠷᠠᠯᠲᠠ ᠭᠠᠷᠴᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠲᠦᠯᠭᠢᠨ ᠠᠬᠢᠭᠤᠯᠬᠤ ᠳᠤ ᠴᠢᠬᠤᠯᠠ ᠶᠡᠭᠡ ᠠᠴᠢ ᠲᠤᠰᠠ ᠦᠵᠡᠭᠦᠯᠬᠦ ᠶᠤᠮ᠂ ᠢᠯᠠᠩᠭᠤᠶ᠎ᠠ ᠨᠤᠷᠠᠬᠤ | ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠪᠠ ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠢ | ᠬᠡᠷᠡᠭᠵᠢᠭᠦᠯᠬᠦ ᠨᠢ ᠮᠠᠯᠴᠢᠨ ᠲᠠᠷᠢᠶᠠᠴᠢᠳ ᠤᠨ ᠰᠢᠯᠵᠢᠯ ᠤᠨ ᠴᠢᠨᠠᠷᠲᠠᠶ ᠣᠷᠣᠯᠭ᠎ᠠ ᠪᠣᠯᠣᠨ ᠴᠠᠯᠢᠩ ᠤᠨ ᠴᠢᠨᠠᠷᠲᠠᠶ | ᠣᠷᠣᠯᠭ᠎ᠠ ᠶᠢ ᠳᠡᠭᠡᠭᠰᠢᠯᠡᠭᠦᠯᠵᠦ᠂ ᠣᠷᠣᠯᠭ᠎ᠠ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢᠨ ᠤᠯᠠᠮ ᠨᠢᠭᠡ | ᠠᠯᠬᠤᠮ ᠲᠡᠭᠦᠯᠳᠡᠷᠵᠢᠬᠦ ᠶᠢ ᠳᠠᠭᠠᠯᠳᠤᠨ᠂ ᠢᠯᠠᠩᠭᠤᠶ᠎ᠠ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠥᠪᠡᠷ ᠤᠨ | ᠦᠷᠳᠡᠭ ᠢ ᠪᠠᠭᠤᠷᠠᠭᠤᠯᠬᠤ ᠠᠵᠢᠯᠯᠠᠭ᠎ᠠ᠂ ᠪᠦᠲᠦᠴᠡ ᠶᠢᠨ ᠴᠢᠨᠠᠷᠲᠠᠶ ᠪᠣᠯᠣᠨ ᠲᠦᠭᠡᠮᠡᠯ ᠬᠦᠷᠲᠡᠭᠡᠮᠵᠢ ᠶᠢᠨ ᠴᠢᠨᠠᠷᠲᠠᠶ | ᠭᠠᠶᠢᠯᠢ ᠬᠥᠩᠭᠡᠯᠡᠬᠦ᠂ ᠲᠦᠭᠡᠮᠡᠯ ᠴᠢᠨᠠᠷᠲᠠᠶ ᠪᠠᠷ ᠰᠦᠢᠳᠬᠡᠯ ᠪᠠᠭᠤᠷᠠᠭᠤᠯᠬᠤ ᠵᠢᠴᠢ ᠦᠢ ᠣᠯᠠᠨ ᠢᠶᠠᠷ ᠢᠶᠠᠨ ᠠᠳᠠᠯ | ᠦᠢᠯᠡᠰ ᠴᠣᠭᠴᠠᠯᠠᠬᠤ ᠪᠠ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠵᠡᠷᠭᠡ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠨᠢ ᠠᠵᠢᠯ ᠣᠯᠭᠤᠯᠲᠠ ᠶᠢ ᠠᠬᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠣᠷᠣᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠣᠨ᠎ᠠ᠃ | ᠬᠥᠲᠥᠯᠥᠭᠴᠢ᠄ | ᠮᠠᠨ ᠤ ᠣᠷᠣᠨ ᠤ ︽13· 5︾ ᠶᠢᠨ ᠲᠥᠯᠥᠪᠵᠢᠭᠦᠯᠭᠡ ᠶᠢᠨ ︽ᠬᠦᠲᠦᠯᠪᠦᠷᠢ︾ ᠶᠢ ᠨᠠᠶᠢᠷᠠᠭᠤᠯᠤᠨ | ᠲᠤᠭᠤᠷᠪᠢᠬᠤ ᠳᠤ ᠪᠠᠶᠢᠷᠢᠯᠠᠭᠤᠯᠤᠯᠲᠠ ᠶᠢᠨ ᠲᠠᠯ᠎ᠠ ᠪᠠᠷ ᠭᠤᠤᠯᠳᠠᠭᠤ ᠶᠠᠭᠤ ᠶᠢ ᠪᠤᠳᠤᠯᠬᠢᠯᠠᠭᠰᠠᠨ ᠪᠤᠢ︖ ᠲᠡᠭᠦᠨ ᠤ | ᠣᠨᠴᠠᠯᠢᠭ ᠨᠢ ᠶᠠᠭᠤ ᠪᠤᠢ︖ | ᠸᠠᠩ ᠶᠢᠨ ᠪᠦᠦ᠄ | ︽ᠬᠦᠲᠦᠯᠪᠦᠷᠢ︾ ᠶᠢᠨ ᠦᠨᠳᠦᠰᠦᠨ ᠲᠥᠯᠥᠪ ᠢ ᠭᠤᠷᠪᠠᠨ ᠲᠤᠮᠤ ᠬᠡᠰᠡᠭ ᠪᠤᠯᠭᠠᠨ ᠬᠤᠪᠢᠶᠠᠵᠤ᠂ ᠨᠡᠶᠢᠲᠡ | ᠠᠷᠪᠠᠨ ᠠᠩᠬᠢ᠂ ᠳᠥᠴᠢᠨ ᠬᠤᠶᠠᠷ ᠪᠦᠯᠦᠭ ᠲᠠᠢ᠃ | ᠨᠢᠭᠡᠳᠦᠭᠡᠷ ᠲᠤᠮᠤ ᠬᠡᠰᠡᠭ ᠨᠢ ᠨᠢᠭᠡᠳᠦᠭᠡᠷ᠂ ᠬᠤᠶᠠᠳᠤᠭᠠᠷ ᠠᠩᠬᠢ ᠪᠠᠷ ᠪᠦᠷᠢᠯᠳᠦᠪᠡ᠃ ᠨᠢᠭᠡᠳᠦᠭᠡᠷ | ᠠᠩᠬᠢ ᠳᠤ ︽12· 5︾ ᠶᠢᠨ ᠲᠦᠯᠦᠪᠵᠢᠬᠦᠯᠭᠡ ᠶᠢ ᠡᠷᠭᠢᠴᠡᠭᠦᠯᠵᠦ᠂ ᠪᠠᠲᠤ ᠪᠠᠬᠢ ᠬᠥᠭᠵᠢᠯᠲᠡ ᠶᠢᠨ | ᠰᠠᠭᠤᠷᠢ ᠶᠢ ᠲᠠᠯᠪᠢᠵᠤ᠂ ᠮᠠᠨ ᠤ ᠣᠷᠣᠨ ᠤ ︽12· 5︾ ᠶᠢᠨ ᠲᠦᠯᠦᠪᠵᠢᠬᠦᠯᠭᠡ ᠶᠢᠨ ᠬᠥᠭᠵᠢᠯᠲᠡ ᠶᠢᠨ | ᠠᠮᠵᠢᠯᠲᠠ᠂ ᠦᠨᠳᠦᠰᠦᠨ ᠲᠤᠷᠰᠢᠯᠭ᠎ᠠ ᠶᠢ ᠡᠷᠭᠢᠴᠡᠭᠦᠯᠦᠨ ᠳ᠋ᠦᠡᠭᠨᠡᠪᠡ᠃ ᠬᠤᠶᠠᠳᠤᠭᠠᠷ ᠠᠩᠬᠢ ᠳᠤ ︽13·5︾ | ᠶᠢᠨ ᠲᠦᠯᠦᠪᠵᠢᠬᠦᠯᠭᠡ ᠶᠢ ᠪᠠᠷᠠᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠵᠢᠷᠤᠭᠯᠠᠵᠤ᠂ | ᠥᠪᠡᠷᠲᠡᠭᠡᠨ ᠵᠠᠰᠠᠬᠤ ᠣᠷᠣᠨ ᠤ ︽13· 5︾ ᠶᠢᠨ ᠲᠦᠯᠦᠪᠵᠢᠬᠦᠯᠭᠡ ᠳᠤ ᠲᠤᠯᠭᠠᠷᠠᠵᠤ ᠪᠠᠶᠢᠭ᠎ᠠ ᠤᠯᠤᠰ ᠤᠨ | ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠭᠦᠨᠵᠡᠭᠡᠶ ᠵᠠᠳᠠᠯᠵᠤ᠂ ᠰᠢᠨ᠎ᠡ ᠬᠡᠪ ᠪᠠᠶᠢᠳᠠᠯ | ᠳᠤᠤᠷᠠᠬᠢ ᠠᠵᠤ ᠠᠬᠤᠶ ᠶᠢᠨ ᠬᠥᠭᠵᠢᠯᠲᠡ ᠶᠢᠨ ᠬᠤᠷᠳᠤᠴᠠ ᠶᠢ ᠬᠤᠪᠢᠷᠠᠭᠤᠯᠬᠤ᠂ ᠪᠦᠲᠦᠴᠡ ᠶᠢ ᠰᠢᠯᠢᠳᠡᠭᠵᠢᠬᠦᠯᠬᠦ᠂ | ᠬᠥᠳᠡᠯᠭᠡᠬᠦ ᠬᠦᠴᠦᠨ ᠤ ᠬᠤᠪᠢᠷᠠᠭᠤᠯᠤᠯᠲᠠ ᠶᠢᠨ ᠬᠠᠨᠳᠤᠰᠢ ᠪᠤᠯᠤᠨ ᠮᠥᠨ ᠴᠢᠨᠠᠷ ᠤᠨ ᠱᠠᠭᠠᠷᠳᠠᠯᠭ᠎ᠠ ᠶᠢ ᠪᠠᠲᠤ | ᠡᠵᠡᠮᠰᠢᠵᠦ᠂ ︽13 · 5︾ ᠶᠢᠨ ᠲᠦᠯᠦᠪᠵᠢᠬᠦᠯᠭᠡ ᠶᠢᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ᠂ ᠬᠦᠭᠵᠢᠯᠲᠡ ᠶᠢᠨ ᠤᠨᠤᠯᠵᠢᠬᠤᠨ ᠪᠤᠯᠤᠨ ᠬᠥᠭᠵᠢᠯᠲᠡ ᠶᠢᠨ ᠬᠠᠷᠠᠯᠲᠠ ᠶᠢ ᠳᠤᠷᠠᠳᠪᠠ᠃ | ᠬᠤᠶᠠᠳᠤᠭᠠᠷ ᠲᠤᠮᠤ ᠬᠡᠰᠡᠭ ᠨᠢ ᠭᠤᠷᠪᠠᠳᠤᠭᠠᠷ ᠠᠩᠬᠢ ᠠᠴᠠ ᠶᠢᠰᠦᠳᠦᠭᠡᠷ ᠠᠩᠬᠢ ᠬᠦᠷᠲᠡᠯᠡᠬᠢ ᠳᠤᠯᠤᠭᠠᠨ | ᠠᠩᠬᠢ ᠪᠠᠷ ᠪᠦᠷᠢᠯᠳᠦᠪᠡ᠃ ᠡᠨᠡ ᠭᠡᠰᠡᠭ ᠪᠣᠯ ︽ᠬᠦᠲᠦᠯᠪᠦᠷᠢ︾ ᠶᠢᠨ ᠭᠤᠣᠯ ᠬᠡᠰᠡᠭ ᠪᠣᠯᠤᠨ᠎ᠠ᠂ ᠨᠠᠶᠢᠷᠠᠭᠤᠯᠤᠨ | ᠲᠤᠭᠤᠷᠪᠢᠬᠤ ᠳᠤ ᠪᠠᠨ ᠲᠦᠪ ᠬᠤᠷᠢᠶ᠎ᠠ ᠶᠢᠨ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾ ᠲᠠᠢ ᠨᠢᠭᠲᠠ | ᠤᠶᠠᠯᠳᠤᠭᠤᠯᠤᠨ᠂ ︽13 · 5︾ ᠶᠢᠨ ᠲᠦᠯᠦᠪᠵᠢᠬᠦᠯᠭᠡ ᠶᠢᠨ ᠲᠠᠪᠤᠨ ᠶᠡᠭᠡ ᠪᠠᠶᠢᠯᠳᠤᠬᠤ ᠪᠤᠳᠤᠯᠭ᠎ᠠ ᠶᠢᠨ | ᠡᠭᠦᠷᠭᠡ ᠶᠢ ᠳᠤᠷᠠᠳᠤᠨ ᠭᠠᠷᠭᠠᠭᠰᠠᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠪᠣᠳᠠᠲᠠᠶ ᠨᠡᠮᠡᠭᠰᠡᠨ ᠬᠤᠶᠠᠷ ᠶᠡᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠲᠠᠢ ᠤᠶᠠᠯᠳᠤᠭᠤᠯᠤᠨ᠂ ︽5 + 2︾ ᠢ ᠨᠡᠮᠡᠭᠰᠡᠨ ᠳᠤᠯᠤᠭᠠᠨ ᠶᠡᠭᠡ | ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠴᠤ ᠭᠠᠷᠭᠠᠪᠠ᠃ ᠲᠠᠪᠤᠨ ᠶᠡᠭᠡ ᠪᠠᠶᠢᠯᠳᠤᠬᠤ ᠪᠤᠳᠤᠯᠭ᠎ᠠ ᠶᠢᠨ | ᠡᠭᠦᠷᠭᠡ ᠪᠣᠯ᠄ ᠨᠢᠭᠡ ᠳᠤ ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ | ᠪᠤᠯᠤᠨ ᠦᠷ᠎ᠡ ᠠᠰᠢᠭ ᠢ ᠳᠡᠭᠡᠭᠰᠢᠯᠡᠭᠦᠯᠬᠦ︔ ᠬᠤᠶᠠᠷ ᠲᠤ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠵᠤ᠂ | ᠬᠥᠭᠵᠢᠯᠲᠡ ᠶᠢᠨ ᠪᠦᠬᠦᠯᠢ ᠴᠤᠭᠴᠠᠲᠤ ᠴᠢᠨᠠᠷ ᠢ ᠬᠦᠴᠦᠷᠭᠡᠭᠵᠢᠬᠦᠯᠬᠦ︔ ᠭᠤᠷᠪᠠ ᠳᠤ ᠪᠣᠬᠢᠷᠲᠤᠯ ᠦᠭᠡᠢ | ᠬᠥᠭᠵᠢᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠬᠦᠯᠬᠦ︔ ᠲᠦᠷᠪᠡ ᠳᠤ᠂ ᠭᠠᠳᠠᠭᠰᠢ ᠨᠡᠭᠡᠭᠡᠬᠦ ᠶᠢ ᠪᠠᠷᠢᠮᠲᠠᠯᠠᠵᠤ᠂ ᠭᠠᠳᠠᠭᠰᠢ | ᠨᠡᠭᠡᠭᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ︔ ᠲᠠᠪᠤ ᠳᠤ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ | ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠬᠦᠯᠬᠦ ᠪᠤᠯᠤᠨ᠎ᠠ᠃ ᠬᠤᠶᠠᠷ ᠶᠡᠭᠡ ᠪᠠᠶᠢᠯᠳᠤᠬᠤ | ᠪᠤᠳᠤᠯᠭ᠎ᠠ ᠶᠢᠨ ᠡᠭᠦᠷᠭᠡ ᠪᠣᠯ᠄ ᠨᠢᠭᠡᠳᠦᠭᠡᠷ ᠲᠤ᠂ ᠠᠵᠤ ᠠᠬᠤᠶ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠶᠢ | ᠠᠬᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠤᠵᠠᠭᠠᠶᠢᠷᠠᠭᠤᠯᠬᠤ︔ | ᠬᠤᠶᠠᠳᠤᠭᠠᠷ ᠲᠤ᠂ ᠡᠶ᠎ᠡ ᠵᠣᠬᠢᠴᠠᠯ ᠲᠠᠢ ᠥᠪᠥᠷ ᠮᠣᠩᠭᠤᠯ ᠢ ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠬᠢᠵᠢᠬᠦᠯᠬᠦ ᠪᠤᠯᠤᠨ᠎ᠠ᠃ | ᠭᠤᠷᠪᠠᠳᠤᠭᠠᠷ ᠬᠡᠰᠡᠭ ᠨᠢ ᠳᠠᠷᠤᠢ ᠠᠷᠪᠠᠳᠤᠭᠠᠷ ᠠᠩᠬᠢ ᠪᠤᠯᠤᠨ᠎ᠠ᠂ ᠥᠭᠡᠷ᠎ᠡ ᠪᠠᠷ ᠬᠡᠯᠡᠪᠡᠯ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠂ ᠲᠥᠯᠥᠪᠵᠢᠭᠦᠯᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠵᠤ᠂ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠲᠥᠯᠥᠪᠵᠢᠭᠦᠯᠭᠡ ᠶᠢᠨ ᠬᠡᠷᠡᠭᠵᠢᠬᠦᠯᠦᠯᠲᠡ ᠬᠠᠮᠢᠶᠠᠷᠤᠯᠲᠠ ᠶᠢ | ᠴᠢᠩᠭᠠᠳᠬᠠᠬᠤ ᠪᠠ ᠦᠨᠡᠯᠡᠨ ᠵᠢᠱᠢᠬᠦ ᠬᠢᠨᠠᠯᠲᠠ ᠲᠠᠯᠪᠢᠬᠤ ᠵᠡᠷᠭᠡ ᠭᠤᠷᠪᠠᠨ ᠲᠠᠯ᠎ᠠ ᠪᠠᠷ ᠦᠭᠦᠯᠡᠭᠰᠡᠨ ᠪᠠᠶᠢᠨ᠎ᠠ᠃ | ᠬᠥᠲᠥᠯᠥᠭᠴᠢ᠄ | ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠦᠵᠡᠯ ᠰᠠᠨᠠᠭ᠎ᠠ ᠨᠢ ᠶᠠᠭᠤ ᠪᠤᠶ︖ | ᠸᠠᠩ ᠶᠢᠨ ᠪᠦᠦ᠄ | ︽13· 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠨ ᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢ ᠶᠡᠷᠦᠩᠬᠡᠶᠢᠯᠡᠨ ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ | ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ | ᠨᠢᠭᠡᠳᠦᠭᠡᠷ᠂ ᠠᠷᠪᠠᠨ ᠬᠤᠶᠠᠳᠤᠭᠠᠷ᠂ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ ᠤᠳᠠᠭᠠᠨ ᠤ ᠪᠦᠬᠦ | ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠢᠶᠠᠨ ᠪᠦᠬᠦ ᠲᠠᠯ᠎ᠠ ᠪᠠᠷ ᠬᠠᠤᠯᠢ | ᠶᠣᠰᠣᠭᠠᠷ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠠᠷᠢᠮᠲᠠᠯᠠᠵᠤ᠂ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ ᠪᠤᠯᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ᠂ | ᠵᠤᠬᠢᠴᠠᠩᠭᠤᠢ ᠪᠠᠶᠢᠬᠤ᠂ ᠪᠤᠬᠢᠷᠳᠤᠯ ᠦᠭᠡᠢ᠂ ᠨᠡᠭᠡᠭᠡᠯᠳᠡ ᠬᠢᠬᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ | ᠤᠨᠤᠯᠵᠢᠬᠤᠨ ᠢ ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ | ᠭᠤᠣᠯᠳᠠᠯᠭ᠎ᠠ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠤᠨ ᠪᠠᠶᠢᠭᠤᠯᠤᠯ ᠲᠣᠭᠲᠠᠴᠠ ᠪᠤᠯᠤᠨ | ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠭᠡᠨ ᠪᠤᠢ ᠪᠣᠯᠭᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠶᠢ ᠪᠠᠷᠢᠮᠲᠠᠯᠠᠵᠤ᠂ ᠠᠵᠤ ᠠᠬᠤᠶ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾᠂ ︽ᠬᠤᠶᠠᠷ ᠬᠠᠯᠬᠠᠪᠴᠢ︾᠂ ︽ | ᠨᠢᠭᠡ ᠪᠠᠬᠢᠯᠡᠯᠲᠡ ᠨᠢᠭᠡ ᠪᠦᠰᠡ︾ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠰᠢᠨ᠎ᠡ | ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ | ᠠᠵᠤ ᠠᠬᠤᠶ ᠶᠢᠨ ᠣᠳᠣᠬᠢᠴᠢᠯᠠᠯᠲᠠ ᠵᠡᠷᠭᠡ ︽ᠳᠥᠷᠪᠡᠨ ᠣᠳᠣᠬᠢᠴᠢᠯᠠᠯᠲᠠ︾ ᠶᠢᠨ ᠬᠥᠭᠵᠢᠯᠲᠡ ᠶᠢᠨ ᠵᠠᠮ ᠢᠶᠠᠷ | ᠵᠠᠮᠨᠠᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠤᠰᠤᠭᠠᠷ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠦᠨᠡᠨ ᠬᠦ | ᠪᠠᠲᠤᠯᠠᠵᠤ᠂ ᠠᠵᠤ ᠠᠬᠤᠶ ᠶᠢᠨ ᠬᠦᠭᠵᠢᠯᠲᠡ᠂ ᠦᠨᠳᠦᠰᠦᠲᠡᠨ ᠤ ᠪᠦᠯᠬᠦᠮᠳᠡᠯ᠂ ᠰᠣᠶᠣᠯ ᠤᠨ ᠴᠡᠴᠡᠭᠯᠡᠨ | ᠬᠦᠭᠵᠢᠯᠲᠡ᠂ ᠬᠢᠯᠢ ᠬᠢᠵᠠᠭᠠᠷ ᠤᠨ ᠠᠮᠤᠷ ᠲᠣᠭᠲᠠᠭᠤᠨ᠂ ᠠᠮᠢ ᠠᠬᠤᠶ ᠶᠢᠨ ᠪᠣᠯᠪᠠᠰᠤᠨ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠵᠣᠯ ᠵᠢᠷᠭᠠᠯᠲᠠᠶ ᠡᠬᠡ ᠤᠯᠤᠰ ᠤᠨ ᠤᠮᠠᠷᠠᠲᠤ ᠬᠢᠯᠢ ᠶᠢᠨ | ᠦᠵᠡᠮᠵᠢ ᠶᠢᠨ ᠣᠷᠣᠨ ᠢ ᠨᠡᠩ ᠭᠤᠶᠢᠳᠠ ᠰᠠᠶᠢᠬᠠᠨ ᠪᠤᠯᠭᠠᠨ ᠴᠤᠭᠴᠠᠯᠠᠬᠤ ᠪᠤᠯᠤᠨ᠎ᠠ᠃ | ᠬᠥᠲᠥᠯᠥᠭᠴᠢ᠄ | ᠬᠤᠶᠢᠰᠢᠳᠠ ᠶᠢᠨ ᠲᠠᠪᠤᠨ ᠵᠢᠯ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢᠨ ᠱᠠᠭᠠᠷᠳᠠᠯᠭ᠎ᠠ ᠶᠢ ᠬᠡᠷᠬᠢᠨ ᠡᠵᠡᠮᠰᠢᠬᠦ ᠪᠤᠢ︖ | ᠸᠠᠩ ᠶᠢᠨ ᠪᠦᠦ᠄ | ᠥᠪᠡᠷᠲᠡᠭᠡᠨ ᠵᠠᠰᠠᠬᠤ ᠣᠷᠣᠨ ᠤ ︽13· 5︾ ᠶᠢᠨ ᠲᠦᠯᠦᠪᠵᠢᠬᠦᠯᠭᠡ ᠪᠤᠯ ᠪᠦᠬᠦ ᠲᠠᠯ᠎ᠠ ᠪᠤᠯᠤᠨ | ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠮᠠᠨ ᠤ ᠣᠷᠣᠨ ᠤ ᠠᠵᠤ ᠠᠬᠤᠶ᠂ ᠤᠯᠤᠰ ᠲᠦᠷᠦ᠂ ᠰᠣᠶᠣᠯ᠂ | ᠨᠡᠶᠢᠭᠡᠮ᠂ ᠠᠮᠢ ᠠᠬᠤᠶ ᠶᠢᠨ ᠪᠣᠯᠪᠠᠰᠤᠨ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶ ᠶᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦᠯᠬᠦ᠂ | ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠬᠤ᠂ ᠠᠷᠠᠳ | ᠲᠦᠮᠡᠨ ᠤ ᠠᠮᠢᠳᠤᠷᠠᠯ ᠤᠨ ᠲᠦᠪᠰᠢᠨ ᠪᠤᠯᠤᠨ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠬᠦᠯᠬᠦ᠂ ᠢᠷᠭᠡᠨ ᠤ ᠬᠡᠪ | ᠪᠤᠯᠪᠠᠰᠤᠷᠠᠯ ᠪᠤᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ᠂ ᠠᠮᠢ ᠠᠬᠤᠶ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠡᠯ᠎ᠡ ᠲᠠᠯ᠎ᠠ ᠶᠢᠨ ᠪᠠᠶᠢᠭᠤᠯᠤᠯ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠵᠡᠷᠭᠡ ᠵᠢᠷᠭᠤᠭᠠᠨ ᠲᠠᠯ᠎ᠠ ᠶᠢᠨ | ᠬᠥᠭᠵᠢᠯᠲᠡ ᠶᠢᠨ ᠬᠠᠷᠠᠯᠲᠠ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠡᠳᠡᠭᠡᠷ ᠬᠥᠭᠵᠢᠯᠲᠡ ᠶᠢᠨ | ᠬᠠᠷᠠᠯᠲᠠ ᠶᠢᠨ ᠱᠠᠭᠠᠷᠳᠠᠯᠭ᠎ᠠ ᠶᠢ ᠡᠵᠡᠮᠰᠢᠬᠦ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠨ᠎ᠡ᠄ | ᠨᠢᠭᠡᠳᠦᠭᠡᠷ ᠲᠤ᠂ ᠡᠨᠡ ᠨᠢ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ︾ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠲᠠᠢ ᠬᠦᠢᠴᠡᠳ ᠵᠤᠯᠭᠠᠯᠳᠤᠭᠤᠯᠬᠤ ᠱᠠᠭᠠᠷᠳᠠᠯᠭ᠎ᠠ ᠮᠦᠨ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠨᠢ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ᠂ ᠠᠷᠠᠳ ᠤᠨ ᠠᠷᠠᠳᠴᠢᠯᠠᠯ ᠢ | ᠲᠠᠰᠤᠷᠠᠯᠲᠠ ᠦᠭᠡᠢ ᠦᠷᠭᠡᠳᠭᠡᠬᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠲᠠᠰᠣᠷᠠᠯᠳᠠ ᠦᠭᠡᠢ | ᠴᠢᠩᠭᠠᠷᠠᠭᠤᠯᠬᠤ᠂ ᠠᠷᠠᠳ ᠤᠨ ᠠᠮᠢᠳᠤᠷᠠᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠡᠬᠢ ᠪᠠᠶᠠᠯᠢᠭ ᠢ | ᠠᠷᠪᠢᠯᠠᠬᠤ ᠬᠡᠯᠪᠡᠷᠢ ᠪᠤᠯᠤᠨ ᠣᠷᠴᠢᠨ ᠲᠤᠭᠤᠷᠢᠨ ᠳᠤ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ | ᠴᠢᠬᠤᠯᠠ ᠶᠡᠭᠡ ᠠᠬᠢᠴᠠ ᠲᠠᠢ ᠪᠠᠶᠢᠬᠤ ᠲᠠᠪᠤᠨ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠢ ᠳᠤᠷᠠᠳᠪᠠ᠃ ︽ᠬᠦᠲᠦᠯᠪᠦᠷᠢ︾ ᠶᠢᠨ ᠬᠠᠷᠠᠯᠲᠠ ᠶᠢᠨ ᠲᠦᠰᠦᠪ ᠨᠢ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠰᠢᠰᠲ᠋ᠧᠮᠵᠢ ᠲᠠᠢ ᠵᠣᠬᠢᠴᠠᠯᠳᠤᠨ | ᠵᠤᠯᠭᠠᠯᠳᠤᠬᠤ ᠶᠢ ᠭᠦᠢᠴᠡᠳ ᠪᠣᠳᠣᠯᠬᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ | ᠳᠠᠬᠢ ᠳᠤᠪᠤᠶᠢᠮ᠎ᠠ ᠵᠥᠷᠢᠴᠡᠯ ᠪᠣᠯᠤᠨ ᠳᠤᠲᠠᠭᠤ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ᠂ ᠤᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠶᠢ | ᠪᠠᠭᠠᠰᠬᠠᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠴᠤ ᠶᠠᠳᠠᠭᠤ ᠠᠴᠠ ᠠᠩᠬᠢᠵᠢᠷᠠᠭᠤᠯᠬᠤ᠂ | ᠢᠷᠭᠡᠨ ᠤ ᠬᠡᠪ ᠪᠤᠯᠪᠠᠰᠤᠷᠠᠯ ᠪᠤᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠮᠢ ᠠᠬᠤᠶ ᠶᠢᠨ | ᠣᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠵᠡᠷᠭᠡ ᠲᠠᠯ᠎ᠠ ᠶᠢ ᠪᠠᠭᠲᠠᠭᠠᠭᠰᠠᠨ ᠬᠡᠷᠡᠭᠵᠢᠬᠦᠯᠦᠰᠢᠲᠠᠢ | ᠬᠠᠷᠠᠯᠲᠠ ᠪᠣᠯᠤᠨ ᠱᠠᠭᠠᠷᠳᠠᠯᠭ᠎ᠠ ᠶᠢ ᠪᠤᠳᠠᠲᠠᠢ ᠪᠠᠷ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ᠂ | ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠳᠤ ᠲᠤᠰᠠᠲᠠᠶ ᠪᠠᠶᠢᠬᠤ ᠶᠢᠨ ᠬᠠᠮᠲᠤ᠂ ᠪᠦᠲᠦᠮᠵᠢᠲᠡᠶ ᠪᠠᠷ ᠬᠦᠴᠦᠨ ᠢᠶᠠᠨ ᠲᠥᠪᠯᠡᠷᠡᠭᠦᠯᠦᠨ᠂ | ᠳᠤᠲᠠᠭᠤᠳᠠᠯ ᠢ ᠨᠦᠬᠦᠪᠦᠷᠢᠯᠡᠨ᠂ ᠲᠡᠩᠴᠡᠭᠦᠷᠢᠲᠡᠶ ᠪᠠᠶᠢᠯᠭᠠᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ | ᠠᠷᠠᠳ ᠤᠯᠠᠨ ᠤ ᠰᠡᠳᠬᠢᠯ ᠬᠠᠨᠤᠮᠵᠢᠲᠠᠶ ᠶᠠᠰᠤ ᠴᠢᠨᠠᠷ ᠰᠠᠶᠢᠲᠠᠶ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠢ | ᠦᠨᠡᠨ ᠬᠦ ᠪᠠᠶᠢᠭᠤᠯᠬᠤ ᠪᠤᠯᠤᠨ᠎ᠠ᠃ | ᠬᠤᠶᠠᠳᠤᠭᠠᠷ ᠲᠤ᠂ ᠡᠨᠡ ᠨᠢ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠬᠠᠷᠠᠯᠲᠠ ᠶᠢᠨ ᠱᠠᠭᠠᠷᠳᠠᠯᠭ᠎ᠠ ᠮᠦᠨ᠃ ︽ᠬᠦᠲᠦᠯᠪᠦᠷᠢ︾ ᠶᠢᠨ ᠬᠠᠷᠠᠯᠲᠠ ᠨᠢ ︽ᠳᠥᠷᠪᠡᠨ | ᠪᠦᠬᠦ ᠲᠠᠯ᠎ᠠ︾ ᠶᠢᠨ ᠣᠨᠣᠯᠵᠢᠬᠤᠨ ᠢ ᠰᠢᠮᠡᠳᠭᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠮᠢᠶ᠎ᠠ | ᠪᠦᠬᠦᠢ ᠬᠠᠷᠠᠯᠲᠠ ᠶᠢ ᠳᠤᠷᠠᠳᠤᠭᠰᠠᠨ ᠠᠴᠠ ᠭᠠᠳᠠᠨ᠎ᠠ᠂ ᠰᠢᠨ᠎ᠡ ᠬᠠᠷᠠᠯᠲᠠ ᠶᠢᠨ ᠱᠠᠭᠠᠷᠳᠠᠯᠭ᠎ᠠ ᠳᠤᠮᠳᠠ ᠪᠠᠰᠠ ︽ | ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠤᠯᠠᠮ ᠪᠦᠷᠢᠨᠰᠢᠭᠦᠯᠦᠨ ᠲᠡᠭᠦᠯᠳᠡᠷᠵᠢᠬᠦᠯᠬᠦ︾ ᠬᠠᠷᠠᠯᠲᠠ ᠨᠤᠭᠤᠳ ᠤᠨ | ᠱᠠᠭᠠᠷᠳᠠᠯᠭ᠎ᠠ ᠶᠢ ᠴᠤ ᠳᠤᠷᠠᠳᠴᠤ᠂ ᠭᠤᠣᠯᠳᠠᠯᠭ᠎ᠠ ᠲᠠᠢ ᠬᠦᠷᠢᠶ᠎ᠡ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢᠨ | ᠥᠭᠡᠷᠡᠴᠢᠯᠡᠯᠲᠡ ᠳᠤ ᠰᠢᠢᠳᠪᠦᠷᠢᠯᠡᠭᠴᠢ ᠴᠢᠨᠠᠷᠲᠠᠶ ᠦᠷ᠎ᠡ ᠪᠦᠲᠦᠭᠡᠯ ᠤᠯᠬᠤ ᠶᠢ ᠲᠥᠯᠬᠢᠨ ᠠᠬᠢᠭᠤᠯᠵᠤ᠂ | ᠠᠷᠠᠳ ᠤᠨ ᠠᠷᠠᠳᠴᠢᠯᠠᠯ ᠨᠡᠩ ᠲᠡᠭᠦᠯᠳᠡᠷᠵᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠦᠨᠳᠦᠰᠦᠨ ᠳᠡᠭᠡᠨ | ᠪᠠᠶᠢᠭᠤᠯᠤᠭᠳᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢᠯᠡᠳᠲᠡ ᠬᠦᠭᠵᠢᠭᠰᠡᠨ᠂ ᠠᠷᠠᠳ ᠤᠨ | ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠭᠰᠡᠨ᠂ ᠪᠠᠶᠢᠭᠤᠯᠤᠯ ᠲᠣᠭᠲᠠᠴᠠ ᠠᠯᠬᠤᠮ ᠠᠯᠬᠤᠮ ᠢᠶᠠᠷ | ᠲᠡᠭᠦᠯᠳᠡᠷᠵᠢᠨ᠂ ᠡᠯ᠎ᠡ ᠵᠦᠢᠯ ᠤᠨ ᠪᠠᠶᠢᠭᠤᠯᠤᠯ ᠤᠯᠠᠮ ᠲᠡᠭᠦᠯᠳᠡᠷᠵᠢᠭᠰᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠪᠤᠯᠤᠨ᠎ᠠ᠃ | ᠭᠤᠷᠪᠠᠳᠤᠭᠠᠷ ᠲᠤ᠂ ᠡᠨᠡ ᠨᠢ ︽8337︾ ᠬᠥᠭᠵᠢᠯᠲᠡ ᠶᠢᠨ ᠰᠡᠳᠬᠢᠮᠵᠢ ᠪᠠᠷ ᠵᠢᠯᠣᠭᠤᠳᠣᠯᠭ᠎ᠠ | ᠪᠤᠯᠭᠠᠭᠰᠠᠨ ᠬᠠᠷᠠᠯᠲᠠ ᠶᠢᠨ ᠱᠠᠭᠠᠷᠳᠠᠯᠭ᠎ᠠ ᠮᠦᠨ᠃ ︽ᠬᠦᠲᠦᠯᠪᠦᠷᠢ︾ ᠶᠢᠨ ᠬᠠᠷᠠᠯᠲᠠ ᠨᠢ ᠡᠬᠡ ᠤᠯᠤᠰ ᠤᠨ | ᠤᠮᠠᠷᠠᠲᠤ ᠬᠢᠯᠢ ᠶᠢᠨ ᠵᠢᠷᠭᠤᠭᠠᠨ ᠦᠵᠡᠮᠵᠢ ᠶᠢᠨ ᠣᠷᠣᠨ ᠪᠦᠰᠡ ᠶᠢ ᠨᠡᠩ ᠰᠠᠶᠢᠬᠠᠨ ᠪᠤᠯᠭᠠᠨ ᠴᠤᠭᠴᠠᠯᠠᠬᠤ ᠲᠠᠢ | ᠨᠢᠭᠲᠠ ᠤᠶᠠᠯᠳᠤᠭᠤᠯᠤᠨ᠂ ︽ᠲᠠᠪᠤᠨ ᠶᠡᠭᠡ ᠰᠠᠭᠤᠷᠢᠨ ᠭᠠᠵᠠᠷ︾ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ | ᠠᠬᠢᠭᠤᠯᠬᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠭᠡᠨ ᠬᠤᠪᠢᠷᠠᠭᠤᠯᠬᠤ᠂ ᠤᠯᠠᠨ | ᠡᠰᠢᠲᠦ ᠬᠥᠭᠵᠢᠯᠲᠡ ᠪᠤᠯᠤᠨ ᠤᠯᠠᠨ ᠲᠦᠢᠯᠰᠢᠷᠠᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮᠵᠢ ᠶᠢ ᠪᠠᠶᠢᠭᠤᠯᠬᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠬᠤ᠂ ᠰᠣᠶᠣᠯ ᠤᠨ ᠴᠡᠴᠡᠭᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠣᠬᠢᠰᠲᠠᠶ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠬᠠᠷᠠᠭᠤᠯᠬᠤ ᠬᠠᠷᠠᠯᠲᠠ ᠶᠢᠨ ᠱᠠᠭᠠᠷᠳᠠᠯᠭ᠎ᠠ | ᠳᠤᠷᠠᠳᠤᠭᠰᠠᠨ ᠪᠤᠯᠬᠤᠷ ᠥᠪᠥᠷ ᠮᠣᠩᠭᠤᠯ ᠤᠨ ᠣᠨᠴᠠᠯᠢᠭ ᠪᠦᠬᠦᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ | ᠬᠠᠷᠠᠯᠲᠠ ᠶᠢᠨ ᠰᠢᠰᠲ᠋ᠧᠮᠵᠢ ᠪᠤᠯᠤᠨ᠎ᠠ᠃ | ᠳᠥᠷᠪᠡᠳᠦᠭᠡᠷ ᠲᠤ᠂ ᠡᠨᠡ ᠨᠢ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠲᠠᠢ ᠵᠤᠬᠢᠴᠠᠭᠰᠠᠨ | ᠬᠠᠷᠠᠯᠲᠠ ᠶᠢᠨ ᠱᠠᠭᠠᠷᠳᠠᠯᠭ᠎ᠠ ᠮᠦᠨ᠃ ︽ᠬᠦᠲᠦᠯᠪᠦᠷᠢ︾ ᠶᠢᠨ ᠬᠠᠷᠠᠯᠲᠠ ᠶᠢ ᠲᠤᠭᠲᠠᠭᠠᠭᠰᠠᠨ ᠨᠢ᠂ ᠣᠳᠣᠬᠠᠨ ᠤ | ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠪᠤᠯᠤᠨ ᠤᠷᠤᠰᠬᠠᠯ ᠲᠠᠢ ᠭᠦᠢᠴᠡᠳ ᠨᠡᠶᠢᠴᠡᠵᠤ᠂ ᠥᠪᠥᠷ | ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ | ᠦᠷᠭᠦᠯᠵᠢᠯᠡᠨ ᠬᠥᠭᠵᠢᠬᠦ ᠶᠢ ᠬᠢᠵᠠᠭᠠᠷᠯᠠᠬᠤ ᠪᠠ ᠨᠦᠯᠦᠭᠡᠯᠡᠬᠦ ᠪᠠᠷ ᠭᠤᠤᠯᠯᠠᠭᠰᠠᠨ ᠪᠦᠲᠦᠴᠡ ᠶᠢᠨ ᠴᠢᠨᠠᠷᠲᠠᠶ | ᠵᠥᠷᠢᠴᠡᠯ ᠢᠶᠠᠷ ᠦᠨᠳᠦᠰᠦᠯᠡᠯ ᠪᠤᠯᠭᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠵᠤ᠂ ᠬᠥᠭᠵᠢᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠪᠠ ᠰᠢᠨ᠎ᠡ ᠶᠢ ᠡᠭᠦᠳᠬᠦ ᠲᠦᠪᠰᠢᠨ ᠢ ᠳᠡᠭᠡᠭᠰᠢᠯᠡᠭᠦᠯᠬᠦ ᠬᠠᠷᠠᠯᠲᠠ ᠶᠢ ᠴᠢᠬᠤᠯᠠ ᠪᠠᠶᠢᠷᠢᠨ ᠳᠤ | ᠲᠠᠯᠪᠢᠵᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠳᠤ ᠤᠷᠳᠤ ᠬᠤᠭᠤᠴᠠᠭ᠎ᠠ | ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠤ ᠳᠡᠮᠵᠢᠯᠭᠡ ᠦᠵᠡᠭᠦᠯᠬᠦ ᠪᠤᠯᠤᠨ᠎ᠠ᠃ | ᠬᠥᠲᠥᠯᠥᠭᠴᠢ᠄ | ᠮᠠᠨ ᠤ ᠣᠷᠣᠨ ᠤ ︽13· 5︾ ᠶᠢᠨ ᠲᠥᠯᠥᠪᠵᠢᠭᠦᠯᠭᠡ ᠶᠢᠨ ︽ᠬᠦᠲᠦᠯᠪᠦᠷᠢ︾ ᠶᠢᠨ ᠭᠤᠣᠯ | ᠭᠦᠢᠴᠡᠳᠬᠡᠯ ᠲᠤᠭ᠎ᠠ ᠶᠢ ᠶᠠᠮᠠᠷ ᠵᠠᠷᠴᠢᠮ ᠢᠶᠠᠷ ᠲᠣᠭᠲᠠᠭᠠᠭᠰᠠᠨ ᠪᠤᠢ︖ | ᠸᠠᠩ ᠶᠢᠨ ᠪᠦᠦ᠄ | ᠭᠤᠣᠯ ᠭᠦᠢᠴᠡᠳᠬᠡᠯ ᠲᠤᠭ᠎ᠠ ᠶᠢ ᠲᠤᠭᠲᠠᠭᠠᠬᠤ ᠲᠠᠯ᠎ᠠ ᠪᠠᠷ᠂ ︽ᠬᠦᠲᠦᠯᠪᠦᠷᠢ︾ ᠨᠢ ᠲᠥᠪ ᠪᠤᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ | ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ | ᠠᠷᠪᠠᠨ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠬᠥᠭᠵᠢᠭᠡᠳᠦᠶ ᠤᠷᠤᠨ ᠤ ᠦᠨᠳᠦᠰᠦᠨ ᠪᠠᠶᠢᠳᠠᠯ ᠳᠤ ᠰᠠᠭᠤᠷᠢᠯᠠᠨ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ | ᠪᠤᠯᠤᠨ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ ᠪᠠᠶᠢᠬᠤ᠂ ᠨᠡᠭᠡᠭᠡᠯᠳᠡ ᠬᠢᠬᠦ᠂ ᠬᠠᠮᠲᠤ ᠪᠠᠷ | ᠡᠳ᠋ᠯᠡᠬᠦ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢ ᠴᠢᠩᠭ᠎ᠠ ᠠᠳᠬᠤᠵᠤ᠂ ᠵᠢᠷᠭᠤᠭᠠᠨ ᠲᠠᠯ᠎ᠠ ᠶᠢᠨ 35 | ᠵᠦᠢᠯ ᠤᠨ ᠬᠦᠢᠴᠡᠳᠭᠡᠯ ᠲᠤᠭ᠎ᠠ ︵ᠬᠢᠵᠠᠭᠠᠷᠯᠠᠬᠤ ᠴᠢᠨᠠᠷᠲᠠᠶ 15 ᠵᠦᠢᠯ᠂ ᠵᠢᠱᠢᠯᠲᠡ ᠶᠢᠨ ᠴᠢᠨᠠᠷ ᠲᠠᠢ 20 ᠵᠦᠢᠯ︶ | ᠢ ᠳᠤᠷᠠᠳᠤᠨ ᠭᠠᠷᠭᠠᠪᠠ᠂ ᠡᠭᠦᠨ ᠳᠤ ᠶᠡᠷᠦᠩᠬᠡᠶᠢᠯᠡᠭᠰᠡᠨ ᠠᠵᠤ ᠠᠬᠤᠶ ᠶᠢᠨ ᠬᠦᠢᠴᠡᠳᠭᠡᠯ ᠲᠤᠭ᠎ᠠ 6 ᠵᠦᠢᠯ᠂ | ᠰᠢᠨ᠎ᠡ ᠶᠢ ᠡᠭᠦᠳᠬᠦ ᠬᠥᠭᠵᠢᠯᠲᠡ ᠶᠢᠨ ᠭᠦᠢᠴᠡᠳᠬᠡᠯ ᠲᠤᠭ᠎ᠠ 7 ᠵᠦᠢᠯ᠂ ᠪᠣᠬᠢᠷᠲᠤᠯ ᠦᠭᠡᠢ ᠬᠥᠭᠵᠢᠯᠲᠡ ᠶᠢᠨ | ᠭᠦᠢᠴᠡᠳᠬᠡᠯ ᠲᠤᠭ᠎ᠠ 10 ᠵᠦᠢᠯ᠂ ᠨᠡᠭᠡᠭᠡᠯᠲᠡᠲᠦ ᠬᠥᠭᠵᠢᠯᠲᠡ ᠶᠢᠨ ᠭᠦᠢᠴᠡᠳᠬᠡᠯ ᠲᠤᠭ᠎ᠠ 2 ᠵᠦᠢᠯ᠂ ᠬᠠᠮᠲᠤ ᠪᠠᠷ | ᠡᠳ᠋ᠯᠡᠬᠦ ᠬᠥᠭᠵᠢᠯᠲᠡ ᠶᠢᠨ ᠭᠦᠢᠴᠡᠳᠬᠡᠯ ᠲᠤᠭ᠎ᠠ 10 ᠵᠦᠢᠯ ᠪᠤᠯᠤᠨ᠎ᠠ᠃ ᠬᠦᠢᠴᠡᠳᠭᠡᠯ ᠲᠤᠭ᠎ᠠ ᠶᠢ ᠰᠤᠳᠤᠯᠤᠨ | ᠲᠤᠭᠲᠠᠭᠠᠬᠤ ᠶᠠᠪᠤᠴᠠ ᠳᠤ ᠭᠤᠣᠯᠳᠠᠭᠤ ᠳᠣᠣᠷᠠᠬᠢ ᠮᠡᠲᠦ ᠳᠥᠷᠪᠡᠨ ᠭᠤᠣᠯᠳᠠᠯᠭ᠎ᠠ ᠶᠢ ᠠᠳᠬᠤᠪᠠ᠄ ᠨᠢᠭᠡ ᠳᠤ | ᠰᠢᠨ᠎ᠡ ᠬᠡᠪ ᠪᠠᠶᠢᠳᠠᠯ ᠢ ᠲᠠᠨᠢᠬᠤ᠂ ᠰᠢᠨ᠎ᠡ ᠬᠡᠪ ᠪᠠᠶᠢᠳᠠᠯ ᠳᠤ ᠵᠤᠬᠢᠴᠠᠬᠤ᠂ ᠰᠢᠨ᠎ᠡ ᠬᠡᠪ ᠪᠠᠶᠢᠳᠠᠯ ᠢ ᠬᠥᠲᠥᠯᠥᠨ | ᠳᠠᠭᠠᠭᠤᠯᠬᠤ ᠶᠢ ᠪᠠᠲᠤ ᠡᠵᠡᠮᠰᠢᠨ᠎ᠡ᠃ ᠬᠠᠮᠢᠶ᠎ᠠ ᠪᠦᠬᠦᠢ ᠬᠦᠢᠴᠡᠳᠭᠡᠯ ᠲᠤᠭ᠎ᠠ ᠶᠢ ᠪᠠᠭᠤᠯᠭᠠᠬᠤ ᠳᠠᠭᠠᠨ ᠨᠡᠮᠡᠭᠳᠡᠯ ᠢ | ᠲᠣᠭᠲᠠᠪᠤᠷᠢᠵᠢᠭᠤᠯᠬᠤ᠂ ᠠᠷᠭ᠎ᠠ ᠮᠠᠶ᠋ᠢᠭ᠂ ᠬᠡᠷᠡᠭᠴᠡᠭᠡ ᠶᠢ ᠬᠤᠪᠢᠷᠠᠭᠤᠯᠬᠤ ᠪᠠ ᠪᠣᠯᠤᠯᠴᠠᠭ᠎ᠠ ᠯᠤᠭ᠎ᠠ ᠶᠢᠨ | ᠬᠠᠷᠢᠴᠠᠭ᠎ᠠ ᠶᠢ ᠭᠦᠢᠴᠡᠳ ᠵᠢᠱᠢᠵᠦ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠰᠢᠨ᠎ᠡ ᠬᠡᠪ ᠪᠠᠶᠢᠳᠠᠯ ᠳᠣᠣᠷ᠎ᠠ ᠠᠵᠤ | ᠠᠬᠤᠶ ᠶᠢᠨ ᠨᠡᠮᠡᠭᠳᠡᠯ ᠤᠨ ᠬᠦᠭ ᠠᠶᠠᠰ ᠬᠤᠪᠢᠷᠠᠭᠰᠠᠨ ᠴᠤ ᠬᠤᠷᠳᠤᠴᠠ ᠬᠤᠪᠢᠷᠠᠬᠤ ᠦᠭᠡᠢ ᠪᠠᠶᠢᠬᠤ ᠶᠢ ᠦᠨᠡᠨ ᠬᠦ | ᠪᠠᠲᠤᠯᠠᠵᠤ᠂ ᠭᠤᠣᠯ ᠭᠦᠢᠴᠡᠳᠬᠡᠯ ᠲᠤᠭ᠎ᠠ ᠶᠢᠨ ᠪᠦᠬᠦ ᠤᠯᠤᠰ ᠲᠠᠬᠢ ᠪᠠᠶᠢᠷᠢ ᠶᠢ ᠳᠤᠷᠤᠭᠰᠢᠯᠠᠭᠤᠯᠬᠤ ᠦᠭᠡᠢ | ᠪᠠᠶᠢᠯᠭᠠᠵᠤ᠂ ᠡᠷᠴᠢ ᠵᠣᠷᠢᠭ ᠢᠶᠠᠨ ᠬᠦᠪᠴᠢᠯᠡᠨ᠂ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠣᠷᠣᠨ ᠵᠠᠶ ᠦᠯᠡᠳᠡᠭᠡᠨ | ᠥᠭᠴᠦ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ | ᠬᠥᠳᠡᠯᠭᠡᠭᠴᠢ ᠬᠦᠴᠦᠨ ᠢ ᠬᠤᠪᠢᠷᠠᠭᠤᠯᠵᠤ᠂ ᠭᠤᠷᠪᠠᠨ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ | ᠬᠥᠲᠥᠯᠥᠨ ᠵᠢᠯᠣᠭᠤᠳᠴᠤ᠂ ︽ᠭᠤᠷᠪᠠᠨ ᠲᠡᠷᠭᠡ︾ ᠶᠢᠨ ᠵᠣᠬᠢᠴᠠᠩᠭᠤᠶ ᠲᠠᠲᠠᠯᠲᠠ ᠶᠢ ᠠᠬᠢᠭᠤᠯᠵᠤ᠂ | ᠲᠣᠭᠲᠠᠭᠤᠨ ᠤ ᠳᠤᠮᠳᠠ ᠠᠬᠢᠭᠤᠯᠵᠤ᠂ ᠬᠤᠪᠢᠷᠠᠭᠤᠯᠬᠤ ᠳᠤᠮᠳᠠ ᠨᠡᠮᠡᠭᠳᠡᠬᠦᠯᠬᠦ ᠪᠤᠯᠤᠨ᠎ᠠ︔ ᠬᠤᠶᠠᠷ ᠲᠤ ᠬᠠᠮᠲᠤ | ᠪᠠᠷ ᠡᠳ᠋ᠯᠡᠬᠦ ᠬᠥᠭᠵᠢᠯᠲᠡ ᠶᠢ ᠭᠦᠢᠴᠡᠳ ᠬᠠᠷᠠᠭᠤᠯᠪᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ | ᠨᠡᠩ ᠢᠯᠡᠭᠦᠦ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠭᠦᠢᠴᠡᠳᠬᠡᠯ ᠲᠤᠭ᠎ᠠ ᠶᠢ ᠵᠦᠢ | ᠵᠣᠬᠢᠰᠲᠠᠶ ᠨᠡᠮᠡᠭᠳᠡᠭᠦᠯᠵᠦ᠂ ᠢᠯᠠᠩᠭᠤᠶ᠎ᠠ ᠣᠷᠣᠯᠭ᠎ᠠ ᠶᠢᠨ ᠲᠠᠯ᠎ᠠ ᠪᠠᠷ ︽ᠬᠤᠶᠠᠷ ᠢᠵᠢᠯᠢ ᠠᠯᠬᠤᠮ︾ ᠢ ᠪᠠᠷᠢᠮᠲᠠᠯᠠᠵᠤ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠭᠡᠢ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠳᠡᠭᠡᠭᠦᠷ ᠪᠠᠶᠢᠯᠭᠠᠬᠤ ᠶᠢ ᠳᠤᠷᠠᠳᠴᠤ᠂ | ᠦᠨᠳᠦᠰᠦᠲᠡᠨ ᠨᠦᠭᠦᠳ ᠤᠨ ᠠᠷᠠᠳ ᠲᠦᠮᠡᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ | ᠦᠨᠡᠨ ᠬᠦ ᠪᠠᠲᠤᠯᠠᠵᠤ᠂ ᠬᠦᠭᠵᠢᠯᠲᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠨᠡᠩ ᠶᠡᠭᠡ | ᠬᠠᠨᠤᠮᠵᠢ ᠲᠠᠢ ᠪᠠᠶᠢᠬᠤ ᠶᠠᠪᠤᠳᠠᠯ ᠪᠤᠯᠤᠨ᠎ᠠ︔ ᠭᠤᠷᠪᠠ ᠳᠤ ᠴᠢᠨᠡᠭᠡᠯᠢᠭ ᠨᠡᠶᠢᠭᠡᠮ ᠤᠨ ︽ᠳᠤᠲᠠᠭᠤ ᠲᠠᠯ᠎ᠠ︾ ᠶᠢ | ᠨᠦᠬᠦᠪᠦᠷᠢᠯᠡᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠪᠠ᠃ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠠᠴᠠ ᠠᠩᠬᠢᠵᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠶ ᠶᠢᠨ ᠣᠷᠴᠢᠨ | ᠲᠤᠭᠤᠷᠢᠨ ᠢ ᠬᠠᠮᠠᠭᠠᠯᠠᠬᠤ᠂ ᠣᠷᠣᠨ ᠪᠦᠰᠡ ᠪᠤᠯᠤᠨ ᠬᠤᠲᠠ ᠬᠥᠳᠡᠭᠡ ᠶᠢ ᠵᠣᠬᠢᠴᠠᠩᠭᠤᠶ ᠪᠠᠷ ᠬᠦᠭᠵᠢᠬᠦᠯᠬᠦ ᠵᠡᠷᠭᠡ | ᠪᠠᠭᠤᠷᠠᠶ ᠲᠠᠯ᠎ᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠠᠵᠢᠯ ᠤᠨ ᠭᠤᠣᠯᠳᠠᠯᠭ᠎ᠠ ᠪᠤᠯᠤᠨ ᠲᠡᠮᠡᠴᠡᠬᠦ ᠬᠠᠷᠠᠯᠲᠠ ᠪᠠᠨ | ᠲᠤᠲᠤᠷᠬᠠᠶᠢᠯᠠᠭᠰᠠᠨ ᠪᠠᠶᠢᠨ᠎ᠠ︔ ᠲᠦᠷᠪᠡ ᠳᠤ ᠭᠤᠯᠳᠤ ᠪᠠ ᠬᠦᠨᠳᠡᠯᠡᠨ ᠲᠡᠰᠢ ᠵᠤᠯᠭᠠᠯᠳᠤᠬᠤ ᠶᠢ ᠪᠠᠷᠢᠮᠲᠠᠯᠠᠪᠠ᠃ | ᠭᠤᠯᠳᠤ ᠪᠠᠷ ᠢᠶᠠᠨ᠂ ᠤᠯᠤᠰ ᠪᠣᠯᠤᠨ ᠡᠯ᠎ᠡ ᠠᠶᠢᠮᠠᠭ ᠬᠤᠳᠠ ᠶᠢᠨ ᠲᠥᠯᠥᠪᠵᠢᠭᠦᠯᠭᠡ ᠶᠢᠨ ︽ᠬᠦᠲᠦᠯᠪᠦᠷᠢ︾ ᠶᠢᠨ | ᠬᠦᠢᠴᠡᠳᠭᠡᠯ ᠲᠣᠭᠠᠨ ᠤ ᠰᠢᠰᠲ᠋ᠧᠮᠵᠢ ᠶᠢᠨ ᠵᠤᠯᠭᠠᠯᠳᠤᠯ ᠢ ᠴᠢᠩᠭᠠᠳᠬᠠᠵᠤ᠂ ᠢᠯᠠᠩᠭᠤᠶ᠎ᠠ ᠤᠯᠤᠰ ᠤᠨ ᠬᠢᠵᠠᠭᠠᠷᠯᠠᠬᠤ | ᠴᠢᠨᠠᠷᠲᠠᠶ ᠭᠦᠢᠴᠡᠳᠬᠡᠯ ᠲᠤᠭ᠎ᠠ ᠶᠢ ᠮᠠᠨ ᠤ ᠣᠷᠣᠨ ᠤ ᠬᠦᠢᠴᠡᠳᠭᠡᠯ ᠲᠣᠭᠠᠨ ᠤ ᠰᠢᠰᠲ᠋ᠧᠮ ᠳᠤ ᠪᠦᠷᠢᠮᠦᠰᠦᠨ | ᠢᠯᠡᠷᠡᠬᠦᠯᠵᠤ᠂ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ ᠶᠢ ᠴᠤ ᠶᠡᠷᠦᠩᠬᠡᠶ ᠳᠡᠭᠡᠨ ᠤᠯᠤᠰ ᠤᠨ ᠬᠢ ᠲᠠᠢ | ᠨᠢᠭᠡᠳᠦᠯᠲᠡᠶ ᠪᠥᠭᠡᠳ ᠣᠷᠣᠨ ᠤ ᠪᠠᠶᠢᠳᠠᠯ ᠲᠠᠢ ᠤᠶᠠᠯᠳᠤᠭᠤᠯᠤᠨ᠂ ᠣᠨᠴᠠ ᠵᠠᠷᠢᠮ ᠭᠦᠢᠴᠡᠳᠭᠡᠯ ᠲᠤᠭ᠎ᠠ ᠶᠢ | ᠵᠣᠬᠢᠰᠲᠠᠶ ᠪᠠᠷ ᠨᠡᠮᠡᠭᠳᠡᠭᠦᠯᠦᠭᠰᠡᠨ ᠪᠠᠶᠢᠨ᠎ᠠ᠃ ᠬᠦᠨᠳᠡᠯᠡᠨ ᠲᠠᠯ᠎ᠠ ᠪᠠᠷ᠂ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ | ᠡᠷᠬᠢᠨ ᠲᠣᠭᠤᠷᠢᠨ ᠤ ᠮᠤᠵᠢ ᠣᠷᠣᠨ ᠯᠤᠭ᠎ᠠ ᠬᠠᠷᠢᠴᠠᠭᠤᠯᠤᠭᠰᠠᠨ ᠪᠠᠶᠢᠨ᠎ᠠ᠃ | ᠬᠥᠲᠥᠯᠥᠭᠴᠢ᠄ | ᠮᠠᠨ ᠤ ᠣᠷᠣᠨ ︽13 · 5︾ ᠶᠢᠨ ᠲᠥᠯᠥᠪᠵᠢᠭᠦᠯᠭᠡ ᠶᠢᠨ ︽ᠬᠦᠲᠦᠯᠪᠦᠷᠢ︾ ᠳᠠᠬᠢ ᠭᠤᠣᠯᠳᠠᠯᠭ᠎ᠠ ᠲᠠᠢ | ᠭᠦᠢᠴᠡᠳᠬᠡᠬᠦ ᠲᠤᠭ᠎ᠠ ᠶᠢ ᠬᠡᠷᠬᠢᠨ ᠪᠤᠳᠤᠯᠬᠢᠯᠠᠭᠰᠠᠨ ᠪᠤᠢ︖ | ᠸᠠᠩ ᠶᠢᠨ ᠪᠦᠦ᠄ | ︵ᠨᠢᠭᠡ︶ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠲᠡᠭ ᠤᠨ ᠨᠡᠮᠡᠭᠳᠡᠯ ᠤᠨ ᠬᠤᠷᠳᠤᠴᠠ ᠶᠢ | ᠨᠡᠮᠡᠭᠳᠡᠭᠦᠯᠬᠦ ᠲᠤᠬᠠᠢ | ᠲᠥᠪ ᠤᠨ ︽13 · 5︾ ᠶᠢᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠳᠤ ︽13 · 5︾ ᠶᠢᠨ | ᠬᠤᠭᠤᠴᠠᠭᠠᠨ ᠳᠤ ᠪᠦᠭᠦ ᠤᠯᠤᠰ ᠤᠨ ᠠᠵᠤ ᠠᠬᠤᠶ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠷᠢᠮᠲᠠᠯᠠᠵᠤ᠂ | 2020 ᠣᠨ ᠪᠣᠯᠬᠤ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 2010 | ᠣᠨ ᠤ ᠬᠢ ᠠᠴᠠ ᠬᠤᠶᠠᠷ ᠳᠠᠬᠢᠨ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠲᠤᠭᠲᠠᠭᠠᠵᠠᠢ᠂ ᠵᠢᠱᠢᠵᠦ ᠪᠤᠳᠤᠭᠰᠠᠨ ᠢᠶᠠᠷ᠂ | ᠤᠯᠤᠰ ᠠᠴᠠ ᠬᠤᠶᠠᠷ ᠳᠠᠬᠢᠨ ᠨᠡᠮᠡᠭᠳᠡᠭᠦᠯᠬᠦ ᠶᠢ ᠪᠡᠶᠡᠯᠡᠭᠦᠯᠬᠦ ᠳᠤ ︽13 · 5︾ ᠶᠢᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ ᠬᠤᠷᠳᠤᠴᠠ ᠶᠢᠨ ᠨᠠᠭᠠᠳᠤ ᠵᠠᠬ᠎ᠠ ᠶᠢᠨ | ᠬᠤᠷᠢᠭ᠎ᠠ ᠱᠤᠭᠤᠮ ᠢ 6.5% ᠪᠠᠶᠢᠯᠭᠠᠬᠤ ᠬᠡᠷᠡᠭᠲᠡᠢ᠂ ᠮᠠᠨ ᠤ ᠣᠷᠣᠨ ᠬᠤᠶᠠᠷ ᠳᠠᠬᠢᠨ ᠨᠡᠮᠡᠭᠳᠡᠭᠦᠯᠬᠦ ᠶᠢ | ᠪᠡᠶᠡᠯᠡᠭᠦᠯᠬᠦ ᠳᠤ ︽13 · 5︾ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠵᠢᠯ | ᠪᠦᠷᠢ ᠶᠢᠨ ᠳᠤᠮᠳᠠᠴᠢ ᠨᠡᠮᠡᠭᠳᠡᠯ ᠢ 4.4% ᠣᠷᠴᠢᠮ ᠪᠠᠶᠢᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ | ᠬᠦᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠪᠦᠷᠢ ᠳᠤᠮᠳᠠᠴᠢ ᠪᠠᠷ 7.5% ᠣᠷᠴᠢᠮ ᠪᠠᠶᠢᠯᠭᠠᠵᠤ᠂ 2020 | ᠣᠨ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 2.6 ᠲᠦᠮᠡᠨ ᠳ᠋ᠦᠩᠰᠢᠭᠤᠷ | ᠲᠥᠭᠦᠷᠢᠭ ᠲᠤ ᠬᠦᠷᠦᠭᠦᠯᠦᠨ᠎ᠡ᠃ ᠡᠭᠦᠨ ᠤ ᠭᠤᠣᠯ ᠰᠢᠯᠲᠠᠭᠠᠨ ᠪᠣᠯ᠄ ᠨᠢᠭᠡ ᠳᠤ᠂ ᠬᠡᠷᠡᠭᠴᠡᠭᠡ ᠶᠢ ᠪᠣᠳᠣᠯᠬᠢᠯᠠᠭᠰᠠᠨ | ᠶᠤᠮ᠃ ᠮᠠᠨ ᠤ ᠣᠷᠣᠨ ᠤ ᠬᠥᠭᠵᠢᠯᠲᠡ ᠲᠡᠩᠴᠡᠭᠦᠷᠢ ᠦᠭᠡᠢ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ | ᠬᠥᠭᠵᠢᠯᠲᠡ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠵᠡᠷᠭᠡ ᠲᠠᠯ᠎ᠠ ᠪᠠᠷ ᠤᠯᠤᠰ ᠤᠨ ᠳᠣᠲᠣᠭᠠᠳᠤ ᠶᠢᠨ | ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠪᠠᠰᠠ ᠨᠡᠯᠢᠶᠡᠳ ᠠᠷᠪᠢᠨ ᠳᠤᠲᠠᠭᠳᠠᠯ ᠲᠠᠢ ᠲᠠᠯ᠎ᠠ ᠪᠠᠶᠢᠨ᠎ᠠ᠂ | ᠳᠤᠲᠠᠭᠤ ᠲᠠᠯ᠎ᠠ ᠪᠠᠨ ᠤᠷᠲᠤᠳᠬᠠᠬᠤ ᠶᠢᠨ ᠲᠥᠯᠥᠭᠡ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠤ ᠨᠡᠮᠡᠭᠳᠡᠬᠦ | ᠬᠤᠷᠳᠤᠴᠠ ᠠᠴᠠ ᠲᠦᠷᠭᠡᠨ ᠨᠡᠮᠡᠭᠳᠡᠯ ᠤᠨ ᠬᠤᠷᠳᠤᠴᠠ ᠲᠠᠢ ᠪᠠᠶᠢᠯᠭᠠᠬᠤ ᠶᠢ ᠦᠷᠭᠦᠯᠵᠢᠯᠡᠨ ᠪᠠᠲᠤᠯᠠᠬᠤ ᠬᠡᠷᠡᠭᠲᠡᠢ︔ | ᠬᠤᠶᠠᠷ ᠲᠤ ᠪᠣᠯᠤᠮᠵᠢ ᠶᠢ ᠪᠤᠳᠤᠯᠬᠢᠯᠠᠭᠰᠠᠨ ᠶᠤᠮ᠃ ᠤᠯᠠᠨ ᠵᠢᠯ ᠤᠨ ᠬᠤᠷᠠᠮᠳᠤᠭᠤᠯᠠᠯ ᠢᠶᠠᠷ ᠳᠠᠮᠵᠢᠭᠠᠳ᠂ ᠮᠠᠨ ᠤ | ᠣᠷᠣᠨ ᠬᠥᠭᠵᠢᠯᠲᠡ ᠶᠢᠨ ᠵᠤᠬᠢᠬᠤ ᠰᠠᠭᠤᠷᠢ ᠶᠢ ᠪᠦᠷᠢᠯᠳᠦᠭᠦᠯᠵᠦ᠂ ᠢᠯᠠᠩᠭᠤᠶ᠎ᠠ ᠤᠢᠢᠷ᠎ᠠ ᠶᠢᠨ ᠵᠢᠯ ᠤᠳ ᠲᠤ | ᠦᠷᠭᠦᠯᠵᠢᠯᠡᠨ ᠪᠦᠲᠦᠮᠵᠢᠲᠡᠶ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾ ᠠᠩᠬ᠎ᠠ | ᠠᠯᠬᠤᠮ ᠲᠥᠯᠥᠪᠰᠢᠷᠡᠵᠦ᠂ ᠨᠢᠭᠡ ᠪᠦᠯᠦᠭ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ | ᠪᠣᠯᠤᠨ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠴᠢᠬᠤᠯᠠ ᠶᠡᠭᠡ ᠲᠦᠷᠦᠯ ᠵᠦᠢᠯ ᠤᠳ ᠢ ᠶᠠᠭ | ᠵᠠᠯᠭᠠᠭ᠎ᠠ ᠪᠠᠷ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠬᠦ ᠪᠠ ᠥᠭᠡᠷᠡᠴᠢᠯᠡᠯᠲᠡ ᠨᠠᠭᠡᠭᠡᠯᠲᠠ ᠶᠢ ᠲᠠᠰᠣᠷᠠᠯᠲᠠ | ᠣᠢᠭᠡᠢ ᠭᠦᠨᠵᠡᠭᠡᠶᠢᠷᠡᠭᠦᠯᠬᠦ ᠶᠢ ᠳᠠᠭᠠᠯᠳᠤᠨ᠂ ᠰᠢᠨ᠎ᠡ ᠠᠵᠤ ᠦᠢᠯᠡᠰ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠶᠡᠭᠡ ᠬᠡᠮᠵᠢᠶ᠎ᠡ ᠪᠠᠷ ᠴᠣᠯᠭᠤᠷᠠᠨ ᠭᠠᠷᠴᠤ᠂ ᠴᠢᠷᠮᠠᠶᠢᠯᠭ᠎ᠠ ᠪᠠᠷ ᠳᠠᠮᠵᠢᠭᠠᠳ᠂ 7. 5% | ᠣᠷᠴᠢᠮ ᠤᠨ ᠨᠡᠮᠡᠭᠳᠡᠯ ᠤᠨ ᠬᠤᠷᠳᠤᠴᠠ ᠲᠠᠢ ᠪᠠᠶᠢᠯᠭᠠᠬᠤ ᠶᠢ ᠪᠡᠶᠡᠯᠡᠭᠦᠯᠬᠦ ᠪᠤᠯᠤᠮᠵᠢ ᠲᠠᠢ ᠶᠤᠮ᠃ | ︵ᠬᠤᠶᠠᠷ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠲᠤᠬᠠᠢ | ︽ᠬᠦᠲᠦᠯᠪᠦᠷᠢ︾ ᠳᠤ ᠳᠤᠷᠠᠳᠤᠨ ᠭᠠᠷᠭᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ ᠤ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠳᠤᠰ 8% ᠪᠠ | 9% ᠣᠷᠴᠢᠮ ᠨᠡᠮᠡᠭᠳᠡᠭᠦᠯᠦᠨ᠎ᠡ ᠭᠡᠵᠡᠢ᠃ ᠢᠩᠭᠢᠵᠦ ᠪᠠᠶᠢᠷᠢᠯᠠᠭᠤᠯᠬᠤ ᠨᠢ ᠭᠤᠣᠯᠳᠠᠭᠤ ᠭᠤᠷᠪᠠᠨ ᠬᠦᠴᠦᠨ ᠵᠦᠢᠯ ᠢ | ᠪᠤᠳᠤᠯᠬᠢᠯᠠᠭᠰᠠᠨ ᠪᠠᠶᠢᠨ᠎ᠠ᠄ ᠨᠢᠭᠡᠳᠦᠭᠡᠷ ᠲᠤ᠂ ᠲᠥᠪ ᠤᠨ ︽13 · 5︾ ᠶᠢᠨ ︽ᠰᠠᠨᠠᠭᠤᠯᠭ᠎ᠠ︾ ᠳᠤ ︽ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠶ ᠶᠢᠨ ᠨᠡᠮᠡᠭᠳᠡᠯ ᠢ ᠢᠵᠢᠯᠢ ᠠᠯᠬᠤᠮ ᠲᠠᠢ | ᠪᠠᠶᠢᠯᠭᠠᠬᠤ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ ᠪᠠ ᠬᠥᠳᠡᠯᠮᠦᠷᠢ ᠦᠢᠯᠡᠳᠪᠦᠷᠢᠯᠡᠯ ᠤᠨ | ᠪᠦᠲᠦᠭᠡᠮᠵᠢ ᠶᠢᠨ ᠳᠡᠭᠡᠭᠰᠢᠯᠡᠯᠲᠡ ᠶᠢᠨ ᠨᠤᠷᠮ᠎ᠠ ᠶᠢ ᠠᠳᠠᠯᠢ ᠠᠯᠬᠤᠮ ᠲᠠᠢ ᠪᠠᠶᠢᠯᠭᠠᠬᠤ︾ ᠶᠢ ᠳᠤᠷᠠᠳᠪᠠ︔ | ᠬᠤᠶᠠᠳᠤᠭᠠᠷ ᠲᠤ᠂ ᠵᠢᠱᠢᠵᠦ ᠪᠣᠳᠣᠭᠰᠠᠨ ᠢᠶᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠬᠠᠷᠠᠯᠲᠠ ᠶᠢ ᠪᠡᠶᠡᠯᠡᠭᠦᠯᠬᠦ ᠳᠤ ︽13 · 5︾ ᠶᠢᠨ ᠬᠤᠭᠤᠴᠠᠭᠠᠨ ᠳᠤ ᠪᠦᠬᠦ ᠤᠯᠤᠰ ᠤᠨ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠨᠠᠭᠠᠳᠤ ᠵᠠᠬ᠎ᠠ ᠳᠠᠭᠠᠨ ᠵᠢᠯ ᠪᠦᠷᠢ ᠳᠤᠮᠳᠠᠴᠢ ᠪᠠᠷ 6.5% ᠪᠠ 4.5% | ᠣᠷᠴᠢᠮ ᠪᠠᠷ ᠪᠣᠳᠠᠲᠠᠶ ᠨᠡᠮᠡᠭᠳᠡᠭᠦᠯᠬᠦ ᠬᠡᠷᠡᠭᠲᠡᠢ᠂ ᠮᠠᠨ ᠤ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠲᠤᠰ ᠲᠤᠰ ᠳᠤᠮᠳᠠᠴᠢ ᠪᠠᠷ ᠵᠢᠯ ᠪᠦᠷᠢ 6.4% ᠪᠠ 3.8% ᠪᠠᠷ ᠪᠣᠳᠠᠲᠠᠶ ᠨᠡᠮᠡᠭᠳᠡᠭᠦᠯᠵᠦ᠂ ᠮᠠᠨ ᠤ | ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠪᠦᠬᠦ ᠤᠯᠤᠰ ᠤᠨ | ᠳᠤᠮᠳᠠᠴᠢ ᠬᠢᠷᠢ ᠬᠡᠮᠵᠢᠶ᠎ᠡ ᠠᠴᠠ ᠳᠤᠤᠭᠤᠷ ᠪᠠᠶᠢᠵᠤ᠂ ︽ᠳᠤᠲᠠᠭᠤ ᠲᠠᠯ᠎ᠠ︾ ᠪᠠᠨ ᠨᠦᠬᠦᠪᠦᠷᠢᠯᠡᠬᠦ ᠠᠵᠢᠯ ᠤᠨ | ᠤᠳᠤᠷᠢᠳᠤᠮᠵᠢ ᠶᠢ ᠬᠠᠷᠠᠭᠤᠯᠬᠤ ᠶᠢᠨ ᠲᠤᠰᠠᠳᠠ ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ︽ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ︾ ᠬᠠᠷᠠᠯᠲᠠ ᠶᠢ ᠪᠡᠶᠡᠯᠡᠭᠦᠯᠦᠶ᠎ᠡ | ᠭᠡᠪᠡᠯ᠂ ᠮᠠᠨ ᠤ ᠣᠷᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠡᠷᠬᠡᠪᠰᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠯᠭᠠᠬᠤ ᠬᠡᠷᠡᠭᠲᠡᠢ︔ | ᠭᠤᠷᠪᠠᠳᠤᠭᠠᠷ ᠲᠤ᠂ ᠪᠣᠯᠣᠯᠴᠠᠭᠠᠲᠤ ᠴᠢᠨᠠᠷ ᠠᠴᠠ ᠦᠵᠡᠪᠡᠯ᠂ ︽13 · 5︾ ᠶᠢᠨ ᠬᠤᠭᠤᠴᠠᠭᠠᠨ ᠳᠤ᠂ | ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠪᠦᠬᠦ | ᠲᠠᠯ᠎ᠠ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠢᠯ ᠲᠣᠰᠬᠤᠨ ᠤ ᠳᠦᠷᠰᠦ ᠪᠠᠶᠢᠳᠠᠯ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠲᠩᠷᠢ ᠭᠠᠵᠠᠷ ᠢ | ᠳᠣᠩᠰᠣᠯᠭᠠᠮ᠎ᠠ ᠬᠤᠪᠢᠷᠠᠯᠲᠠ ᠭᠠᠷᠴᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ | ᠳᠤ ᠴᠢᠬᠤᠯᠠ ᠶᠡᠭᠡ ᠠᠴᠢ ᠲᠤᠰᠠ ᠦᠵᠡᠭᠦᠯᠬᠦ ᠶᠤᠮ᠂ ᠢᠯᠠᠩᠭᠤᠶ᠎ᠠ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ ᠪᠠ ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠨᠢ ᠮᠠᠯᠴᠢᠨ ᠲᠠᠷᠢᠶᠠᠴᠢᠨ ᠤ | ᠰᠢᠯᠵᠢᠯᠲᠡ ᠶᠢᠨ ᠴᠢᠨᠠᠷᠲᠠᠶ ᠣᠷᠣᠯᠭ᠎ᠠ ᠪᠠ ᠴᠠᠯᠢᠩ ᠤᠨ ᠴᠢᠨᠠᠷᠲᠠᠶ ᠣᠷᠣᠯᠭ᠎ᠠ ᠶᠢ ᠳᠠᠶᠢᠴᠢᠯᠠᠨ ᠳᠡᠭᠡᠭᠰᠢᠯᠡᠭᠦᠯᠵᠦ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠬᠦ ᠶᠢ | ᠳᠠᠭᠠᠯᠳᠤᠨ᠂ ᠢᠯᠠᠩᠭᠤᠶ᠎ᠠ ᠪᠣᠳᠠᠲᠤ ᠴᠤᠭᠴᠠᠲᠤ ᠠᠵᠤ ᠠᠬᠤᠶᠢᠯᠠᠯ ᠤᠨ ᠥᠪᠡᠷ ᠤᠨ ᠦᠷᠲᠡᠭ ᠢ ᠪᠠᠭᠤᠷᠠᠭᠤᠯᠬᠤ | ᠠᠵᠢᠯᠯᠠᠭ᠎ᠠ᠂ ᠪᠦᠲᠦᠴᠡ ᠶᠢᠨ ᠴᠢᠨᠠᠷᠲᠠᠶ ᠪᠠ ᠲᠦᠭᠡᠮᠡᠯ ᠬᠦᠷᠲᠡᠭᠡᠮᠵᠢ ᠶᠢᠨ ᠴᠢᠨᠠᠷᠲᠠᠶ ᠭᠠᠶᠢᠯᠢ ᠬᠥᠩᠭᠡᠯᠡᠬᠦ᠂ | ᠰᠦᠢᠳᠬᠡᠯ ᠢ ᠲᠦᠭᠡᠮᠡᠯ ᠴᠢᠨᠠᠷᠲᠠᠶ ᠪᠠᠭᠤᠷᠠᠭᠤᠯᠬᠤ ᠵᠢᠴᠢ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠪᠠ | ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢ ᠠᠬᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠤᠯᠠᠮ ᠨᠢᠭᠡ ᠠᠯᠬᠤᠮ | ᠨᠡᠮᠡᠭᠳᠡᠭᠦᠯᠬᠦ ᠪᠤᠯᠤᠨ᠎ᠠ᠃ | ᠸᠠᠩ ᠶᠢᠨ ᠪᠣᠣ᠄ | ︵ᠭᠤᠷᠪᠠ︶ ᠲᠣᠭᠲᠠᠮᠠᠯ ᠪᠡᠯᠡ ᠬᠦ᠋ᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠲᠤᠬᠠᠢ | ︽ᠬᠦᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ ᠤ | ᠲᠣᠭᠲᠠᠮᠠᠯ ᠪᠡᠯᠡ ᠬᠦ᠋ᠷᠦᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10% ᠣᠷᠴᠢᠮ ᠢᠶᠠᠷ | ᠨᠡᠮᠡᠭᠳᠡᠭᠦᠯᠦᠨ᠎ᠡ ᠭᠡᠵᠡᠢ᠃ ᠡᠭᠦᠨ ᠤ ᠭᠤᠣᠯ ᠪᠣᠳᠣᠯᠬᠢᠯᠠᠯ ᠭᠡᠪᠡᠯ᠄ ᠨᠢᠭᠡᠳᠦᠭᠡᠷ ᠲᠤ᠂ ᠲᠣᠭᠲᠠᠮᠠᠯ ᠬᠦ᠋ᠷᠦᠩᠭᠡ ᠶᠢᠨ | ᠪᠡᠯᠡ ᠤᠷᠤᠭᠤᠯᠤᠯᠲᠠ ᠶᠢᠨ ᠬᠡᠪᠴᠢᠶ᠎ᠡ ᠶᠢ ᠦᠷᠭᠡᠳᠬᠡᠬᠦ ᠪᠤᠯ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠨ ᠰᠠᠶᠢᠵᠢᠷᠠᠭᠤᠯᠬᠤ | ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠠᠵᠤ | ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠭᠤᠣᠯ ᠬᠥᠳᠡᠯᠭᠡᠭᠦᠷ ᠪᠤᠯᠤᠨ᠎ᠠ᠂ ᠪᠦᠬᠦ ᠤᠯᠤᠰ ᠲᠠᠢ ᠴᠤᠭᠭᠠᠷ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠡᠶᠡᠯᠡᠭᠦᠯᠬᠦ ᠶᠢᠨ ᠲᠦᠯᠦᠭᠡ᠂ ︽13 · 5︾ | ᠶᠢᠨ ᠬᠤᠭᠤᠴᠠᠭᠠᠨ ᠳᠤ ᠮᠠᠨ ᠤ ᠣᠷᠣᠨ ᠵᠣᠬᠢᠬᠤ ᠬᠡᠮᠵᠢᠶᠡᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠ | ᠬᠦᠢᠴᠣᠯᠠᠴᠠ ᠶᠢ ᠪᠠᠷᠢᠮᠲᠠᠯᠠᠬᠤ ᠬᠡᠷᠡᠭᠲᠡᠢ︔ ᠬᠤᠶᠠᠳᠤᠭᠠᠷ ᠲᠤ᠂ ᠡᠯ᠎ᠡ ᠠᠶᠢᠮᠠᠭ ᠬᠤᠳᠠ ᠶᠢᠨ ᠳᠡᠭᠡᠭᠰᠢ | ᠮᠡᠳᠡᠭᠦᠯᠦᠭᠰᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠠᠴᠠ ᠦᠵᠡᠪᠡᠯ᠂ ᠵᠠᠷᠢᠮ ᠲᠥᠷᠥᠯ ᠵᠦᠢᠯ ᠤᠨ | ᠲᠦᠰᠢᠭ ᠲᠤᠯᠭᠠᠭᠤᠷᠢ ᠨᠢ ᠡᠯ᠎ᠡ ᠠᠶᠢᠮᠠᠭ ᠬᠤᠲᠠ ᠶᠢᠨ ᠬᠤᠷᠢᠶᠠᠩᠭᠤᠶᠢᠯᠠᠭᠰᠠᠨ ︽13 · 5︾ ᠶᠢᠨ ᠪᠡᠯᠡ | ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠨᠢ 16 ᠲᠦᠮᠡᠨ ᠳ᠋ᠦᠩᠰᠢᠭᠤᠷ ᠣᠷᠴᠢᠮ ᠪᠠᠶᠢᠵᠤ᠂ 50-60% ᠶᠢ ᠨᠢ | ᠪᠠᠶᠢᠭᠤᠯᠬᠤ ᠪᠠᠷ ᠵᠢᠱᠢᠪᠡᠯ᠂ ︽13 · 5︾ ᠶᠢᠨ ᠬᠤᠭᠤᠴᠠᠭᠠᠨ ᠳᠤ ᠪᠦᠬᠦ ᠣᠷᠣᠨ ᠤ ᠲᠣᠭᠲᠠᠮᠠᠯ ᠪᠡᠯᠡ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 9 ᠲᠦᠮᠡᠨ ᠳ᠋ᠦᠩᠰᠢᠭᠤᠷ ᠣᠷᠴᠢᠮ ᠬᠦᠷᠴᠦ᠂ | ᠵᠢᠯ ᠪᠦᠷᠢ ᠳᠤᠮᠳᠠᠴᠢ ᠪᠠᠷ 10% ᠣᠷᠴᠢᠮ ᠨᠡᠮᠡᠭᠳᠡᠬᠦ ᠪᠣᠯᠤᠨ᠎ᠠ᠃ | ︵ᠲᠦᠷᠪᠡ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ | ᠨᠡᠮᠡᠭᠳᠡᠯ ᠤᠨ ᠲᠤᠬᠠᠢ | ︽ᠬᠦᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠵᠢᠯ ᠪᠦᠷᠢ ᠳᠤᠮᠳᠠᠴᠢ ᠪᠠᠷ | 10% ᠣᠷᠴᠢᠮ ᠨᠡᠮᠡᠭᠳᠡᠭᠦᠯᠦᠨ᠎ᠡ ᠭᠡᠵᠡᠢ᠃ ᠡᠭᠦᠨ ᠤ ᠭᠤᠣᠯ ᠪᠣᠳᠣᠯᠬᠢᠯᠠᠯ ᠭᠡᠪᠡᠯ᠄ ᠪᠣᠯᠣᠯᠴᠠᠭᠠᠲᠤ ᠴᠢᠨᠠᠷ ᠠᠴᠠ | ᠠᠪᠴᠤ ᠬᠡᠯᠡᠪᠡᠯ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠤᠴᠤᠷᠴᠤ ᠪᠠᠶᠢᠬᠤ ᠠᠴᠠ | ᠪᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠲᠠᠯᠳᠠ ᠬᠦᠴᠦᠨ ᠪᠠᠰᠠ ᠪᠦᠷᠢᠮᠦᠰᠦᠨ | ᠨᠡᠭᠡᠭᠡᠭᠳᠡᠭᠰᠡᠨ ᠦᠭᠡᠢ᠂ ᠣᠷᠣᠯᠭ᠎ᠠ ᠶᠢᠨ ᠬᠢᠷᠢ ᠬᠡᠮᠵᠢᠶ᠎ᠡ ᠳᠡᠭᠡᠭᠰᠢᠯᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ | ᠬᠡᠷᠡᠭᠯᠡᠭᠡᠨ ᠤ ᠲᠠᠯᠳᠠ ᠬᠦᠴᠦᠨ ᠢ ᠤᠯᠠᠮ ᠨᠢᠭᠡ ᠠᠯᠬᠤᠮ ᠨᠡᠭᠡᠭᠡᠬᠦ ᠪᠤᠯᠤᠨ᠎ᠠ᠃ ︽13 · 5︾ ᠶᠢᠨ | ᠬᠤᠭᠤᠴᠠᠭᠠᠨ ᠳᠤ ᠪᠢᠳᠡ ᠰᠠᠭᠤᠭᠠᠯᠢ ᠠᠷᠠᠳ ᠤᠨ ᠣᠷᠣᠯᠭ᠎ᠠ ᠶᠢ 8% ᠣᠷᠴᠢᠮ ᠨᠡᠮᠡᠭᠳᠡᠭᠦᠯᠬᠦ ᠪᠠᠷ ᠲᠣᠬᠢᠷᠠᠭᠤᠯᠵᠤ᠂ | ︽13 · 5︾ ᠶᠢᠨ ᠬᠤᠭᠤᠴᠠᠭᠠᠨ ᠳᠤ ᠣᠷᠣᠯᠭ᠎ᠠ ᠬᠡᠷᠡᠭᠯᠡᠭᠡᠨ ᠤ ᠬᠠᠷᠢᠮᠠᠭ ᠴᠢᠨᠠᠷ ᠤᠨ ᠳᠤᠮᠳᠠᠴᠢ ᠬᠡᠮᠵᠢᠭᠳᠡᠯ ᠢ 0. | 75 ᠪᠠᠷ ᠵᠢᠱᠢᠵᠤ ᠪᠤᠳᠤᠪᠠᠯ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ | ᠲᠤᠭ᠎ᠠ ᠶᠢ ᠵᠢᠯ ᠪᠦᠷᠢ ᠳᠤᠮᠳᠠᠴᠢ ᠪᠠᠷ 10.5% ᠣᠷᠴᠢᠮ ᠨᠡᠮᠡᠭᠳᠡᠭᠦᠯᠦᠨ᠎ᠡ︔ ᠴᠢᠬᠤᠯᠠ ᠴᠢᠨᠠᠷ ᠤᠨ ᠬᠤᠪᠢ ᠠᠴᠠ | ᠠᠪᠴᠤ ᠬᠡᠯᠡᠪᠡᠯ᠂ ᠬᠡᠷᠡᠭᠯᠡᠭᠡ ᠶᠢ ᠥᠷᠭᠡᠳᠬᠡᠬᠦ ᠪᠣᠯ ᠠᠵᠤ ᠠᠬᠤᠶ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠬᠦ | ᠬᠦᠴᠦᠨ ᠢ ᠳᠡᠭᠡᠭᠰᠢᠯᠡᠭᠦᠯᠬᠦ ᠱᠠᠭᠠᠷᠳᠠᠯᠭ᠎ᠠ ᠮᠥᠨ᠃ ᠥᠩᠭᠡᠷᠡᠭᠰᠡᠨ ᠳᠤ᠂ ᠮᠠᠨ ᠤ ᠣᠷᠣᠨ ᠤ ᠠᠵᠤ ᠠᠬᠤᠶ ᠶᠢᠨ | ᠨᠡᠮᠡᠭᠳᠡᠯ ᠭᠤᠣᠯᠳᠠᠭᠤ ᠪᠡᠯᠡ ᠣᠷᠣᠭᠤᠯᠤᠯᠲᠠ ᠶᠢᠨ ᠲᠠᠶᠢᠴᠢᠯᠠᠯᠲᠠ ᠳᠤ ᠲᠦᠰᠢᠭᠯᠡᠵᠦ ᠪᠠᠶᠢᠵᠠᠢ᠂ ︽13 · 5︾ ᠶᠢᠨ | ᠬᠤᠭᠤᠴᠠᠭᠠᠨ ᠳᠤ᠂ ᠠᠵᠤ ᠠᠬᠤᠶ ᠶᠢᠨ ᠨᠡᠮᠡᠭᠳᠡᠯ ᠢ ᠲᠦᠯᠬᠢᠨ ᠠᠬᠢᠭᠤᠯᠵᠤ ᠪᠠᠯᠡ ᠣᠷᠣᠭᠤᠯᠤᠯᠲᠠ ᠬᠢᠭᠡᠳ | ᠬᠡᠷᠡᠭᠯᠡᠭᠡ ᠶᠢ ᠵᠣᠬᠢᠴᠠᠩᠭᠤᠶ ᠪᠠᠷ ᠳᠠᠶᠢᠴᠢᠯᠠᠬᠤ ᠳᠡᠰᠢ ᠬᠤᠪᠢᠷᠠᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠵᠢᠯ ᠪᠦᠷᠢ ᠳᠤᠮᠳᠠᠴᠢ ᠪᠠᠷ 10% ᠣᠷᠴᠢᠮ ᠨᠡᠮᠡᠭᠳᠡᠭᠦᠯᠬᠦ ᠪᠠᠷ | ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠬᠤ ᠪᠤᠯᠬᠤᠷ᠂ ᠢᠯᠡ | ᠲᠣᠳᠣᠷᠬᠠᠶ ᠤᠳᠤᠷᠢᠳᠤᠮᠵᠢ ᠶᠢᠨ ᠦᠢᠯᠡᠳᠦᠯ ᠲᠠᠢ ᠶᠤᠮ᠃ | ᠸᠠᠩ ᠶᠢᠨ ᠪᠣᠣ᠄ | ︵ᠲᠠᠪᠤ︶ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠲᠤᠬᠠᠢ | ︽ᠬᠦᠲᠦᠯᠪᠦᠷᠢ︾ ᠳᠤ ᠳᠤᠷᠠᠳᠤᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠮᠠᠨ ᠤ ᠣᠷᠣᠨ ᠡᠩ ᠤᠨ | ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 7% ᠣᠷᠴᠢᠮ ᠨᠡᠮᠡᠭᠳᠡᠬᠦ ᠪᠣᠯᠤᠨ᠎ᠠ᠃ | ᠡᠭᠦᠨ ᠤ ᠭᠤᠣᠯ ᠪᠣᠳᠣᠯᠬᠢᠯᠠᠯ ᠭᠡᠪᠡᠯ᠄ ᠨᠢᠭᠡᠳᠦᠭᠡᠷ ᠲᠤ᠂ ᠤᠯᠤᠰ ᠠᠴᠠ ᠦᠷᠭᠦᠯᠵᠢᠯᠡᠨ ᠪᠦᠲᠦᠴᠡ ᠶᠢᠨ ᠴᠢᠨᠠᠷᠲᠠᠶ | ᠭᠠᠶᠢᠯᠢ ᠬᠦᠩᠭᠡᠯᠡᠬᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠬᠥᠩᠭᠡᠯᠡᠬᠦ ᠪᠠ ᠲᠦᠭᠡᠮᠡᠯ ᠴᠢᠨᠠᠷᠲᠠᠶ ᠪᠠᠷ | ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠶ | ᠣᠷᠣᠯᠭ᠎ᠠ ᠶᠢᠨ ᠬᠠᠰᠤᠭᠳᠠᠯ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ︔ ᠬᠤᠶᠠᠳᠤᠭᠠᠷ ᠲᠤ᠂ ᠳᠡᠯᠡᠬᠡᠶ ᠶᠢᠨ ᠪᠠ | ᠤᠯᠤᠰ ᠤᠨ ᠳᠣᠲᠣᠭᠠᠳᠤ ᠶᠢᠨ ᠶᠡᠭᠡ ᠬᠡᠮᠵᠢᠶᠡᠨ ᠤ ᠦᠢᠯᠡᠳᠬᠦᠨ ᠤ ᠦᠨ᠎ᠡ ᠬᠠᠩᠰᠢ ᠦᠷᠭᠦᠯᠵᠢᠯᠡᠨ ᠪᠠᠭᠤᠷᠠᠵᠤ᠂ | ᠢᠯᠠᠩᠭᠤᠶ᠎ᠠ ᠨᠡᠭᠦᠷᠡᠰᠦᠨ ᠤ ᠦᠨ᠎ᠡ ᠬᠠᠩᠰᠢ ᠪᠠᠭᠤᠷᠠᠬᠤ ᠶᠠᠪᠤᠳᠠᠯ ᠮᠥᠨ ᠯᠡ ᠮᠠᠨ ᠤ ᠣᠷᠣᠨ ᠤ ᠡᠳ᠋ ᠤᠨ ᠵᠠᠰᠠᠭ ᠤᠨ | ᠣᠷᠣᠯᠭ᠎ᠠ ᠶᠢ ᠨᠡᠯᠢᠶᠡᠳ ᠶᠡᠭᠡ ᠪᠠᠷ ᠨᠦᠯᠦᠭᠡᠯᠡᠵᠦ ᠪᠠᠶᠢᠨ᠎ᠠ᠂ ᠣᠳᠣᠬᠠᠨ ᠤ ᠪᠠᠶᠢᠳᠠᠯ ᠠᠴᠠ ᠦᠵᠡᠪᠡᠯ᠂ ᠨᠡᠭᠦᠷᠡᠰᠦ | ᠵᠡᠷᠭᠡ ᠡᠨᠧᠷᠭᠢ ᠶᠢᠨ ᠦᠢᠯᠡᠳᠬᠦᠨ ᠤ ᠦᠨ᠎ᠡ ᠬᠠᠩᠰᠢ ᠶᠡᠷᠦᠩᠬᠡᠢ ᠬᠡᠯᠪᠡᠯᠵᠡᠬᠦ ᠪᠠᠶᠢᠳᠠᠯ ᠣᠬᠤᠷᠬᠠᠨ ᠬᠤᠭᠤᠴᠠᠭᠠᠨ | ᠳᠤ ᠢᠯᠡᠷᠬᠡᠶ ᠰᠠᠶᠢᠵᠢᠷᠠᠬᠤ ᠦᠭᠡᠢ︔ ᠭᠤᠷᠪᠠᠳᠤᠭᠠᠷ ᠲᠤ᠂ 2017 ᠤᠨ ᠠᠴᠠ ᠬᠤᠶᠢᠰᠢ᠂ ᠣᠨᠴᠠ ᠥᠨᠳᠥᠷ | ᠳᠠᠷᠤᠯᠲᠠᠲᠤ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠬᠢᠭᠡᠳ ᠢᠵᠢ ᠪᠦᠷᠢᠳᠦᠭᠦᠯᠦᠭᠰᠡᠨ ᠴᠠᠬᠢᠯᠭᠠᠨ | ᠭᠠᠷᠭᠠᠬᠤ ᠴᠢᠭ᠋᠂ ᠬᠤᠷᠳᠤᠴᠠᠲᠤ ᠲᠡᠮᠦᠷ ᠵᠠᠮ ᠵᠡᠷᠭᠡ ᠨᠢᠭᠡ ᠪᠦᠯᠦᠭ ︽ᠲᠠᠪᠤᠨ ᠶᠡᠭᠡ ᠰᠠᠭᠤᠷᠢᠨ ᠭᠠᠵᠠᠷ︾ ᠢ | ᠤᠶᠠᠯᠳᠤᠭᠤᠯᠤᠭᠰᠠᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠦᠷᠦᠯ ᠵᠦᠢᠯ ᠤᠨ ᠵᠠᠯᠭᠠᠯᠳᠤᠭᠠᠪᠠᠷ | ᠪᠠᠶᠢᠭᠤᠯᠵᠤ ᠠᠰᠢᠭᠯᠠᠯᠲᠠ ᠳᠤ ᠤᠷᠤᠭᠤᠯᠬᠤ ᠶᠢ ᠳᠠᠭᠠᠯᠳᠤᠨ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ | ᠲᠦᠷᠭᠡᠨ ᠪᠤᠶᠢᠵᠢᠵᠤ᠂ ᠬᠥᠭᠵᠢᠯᠲᠡ ᠶᠢᠨ ᠲᠠᠯᠳᠠ ᠬᠦᠴᠦᠨ ᠪᠠ ᠰᠡᠯᠭᠦᠬᠦ ᠬᠦᠴᠦ ᠴᠢᠩᠭᠠᠷᠠᠵᠤ᠂ ᠡᠳ᠋ ᠤᠨ ᠵᠠᠰᠠᠭ ᠤᠨ | ᠣᠷᠣᠯᠭ᠎ᠠ ᠨᠢ ᠠᠵᠤ ᠠᠬᠤᠶ ᠶᠢᠨ ᠨᠡᠮᠡᠭᠳᠡᠯ ᠤᠨ ᠠᠳᠠᠯᠢ ᠪᠠᠷ ︽ᠳᠣᠣᠷ᠎ᠠ ᠦᠨ᠎ᠡ ᠠᠴᠠ ᠳᠡᠭᠡᠭᠰᠢᠯᠡᠭᠦᠯᠬᠦ︾ ᠪᠠᠶᠢᠳᠠᠯ | ᠢᠯᠡᠷᠡᠵᠦ᠂ ︽13 · 5︾ ᠶᠢᠨ ᠰᠡᠭᠦᠯᠴᠢ ᠶᠢᠨ ᠬᠡᠳᠦᠨ ᠵᠢᠯ ᠤᠨ ᠨᠡᠮᠡᠭᠳᠡᠯ ᠤᠨ ᠬᠤᠷᠳᠤᠴᠠ ᠠᠭᠠᠵᠢᠮ ᠢᠶᠠᠷ | ᠳᠡᠭᠡᠭᠰᠢᠯᠡᠵᠦ ᠮᠡᠳᠡᠨ᠎ᠡ᠃ | ︵ᠵᠢᠷᠭᠤᠭ᠎ᠠ︶ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠲᠤᠬᠠᠶ | ︽ᠬᠦᠲᠦᠯᠪᠦᠷᠢ︾ ᠳᠤ ᠳᠤᠷᠠᠳᠤᠭᠰᠠᠨ ᠨᠢ᠂ 2020 ᠣᠨ ᠪᠤᠯᠬᠤ ᠳᠤ ᠤᠯᠤᠰ ᠤᠨ ᠤᠳᠤ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠪᠦᠬᠦ ᠣᠷᠣᠨ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ | 80.3 ᠲᠦᠮᠡᠨ ᠬᠥᠮᠦᠨ ᠠᠮᠠ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ ᠶᠠᠳᠠᠭᠤ | ᠬᠦᠴᠢᠷᠳᠡᠯᠲᠡᠶ 57 ᠬᠤᠰᠢᠭᠤ ᠰᠢᠶᠠᠨ ᠤ ᠶᠠᠳᠠᠭᠤ ᠬᠦᠴᠢᠷᠳᠡᠯᠲᠡᠢ ᠮᠠᠯᠠᠭᠠᠢ ᠶᠢ ᠲᠠᠶᠠᠭᠳᠠᠵᠤ᠂ ᠣᠷᠣᠨ ᠪᠦᠰᠡ ᠶᠢᠨ | ᠴᠢᠨᠠᠷᠲᠠᠶ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠨ᠎ᠡ ᠭᠡᠵᠡᠢ᠃ ᠡᠭᠦᠨ ᠤ ᠭᠤᠣᠯ ᠪᠣᠳᠣᠯᠬᠢᠯᠠᠯ | ᠭᠡᠪᠡᠯ᠄ ᠨᠢᠭᠡᠳᠦᠭᠡᠷ ᠲᠤ᠂ ᠲᠥᠪ ᠬᠤᠷᠢᠶᠠᠨ ᠤ ︽ᠰᠠᠨᠠᠭᠤᠯᠭ᠎ᠠ︾ ᠳᠤ 2020 ᠣᠨ ᠪᠣᠯᠬᠤ ᠳᠤ ᠤᠳᠤ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠠᠴᠠ ᠠᠩᠭᠢᠵᠢᠷᠠᠬᠤ᠂ ᠶᠠᠳᠠᠭᠤ ᠬᠦᠴᠢᠷᠳᠡᠯᠲᠡᠶ ᠰᠢᠶᠠᠨ ᠤ ᠶᠠᠳᠠᠭᠤ ᠬᠦᠴᠢᠷᠳᠡᠯᠲᠡᠢ ᠮᠠᠯᠠᠭᠠᠢ ᠶᠢ | ᠲᠠᠶᠠᠭᠳᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ︔ ᠬᠤᠶᠠᠳᠤᠭᠠᠷ ᠲᠤ᠂ ︽13 · 5︾ ᠶᠢᠨ | ᠬᠤᠭᠤᠴᠠᠭᠠᠨ ᠳᠤ ᠤᠯᠤᠰ ᠤᠨ ᠲᠡᠳᠬᠦᠨ ᠲᠤᠰᠠᠯᠠᠬᠤ ᠲᠦᠷᠦ ᠶᠢᠨ ᠪᠤᠳᠤᠯᠭ᠎ᠠ᠂ ᠬᠢᠨᠠᠨ ᠰᠢᠯᠭᠠᠬᠤ ᠪᠠᠷᠢᠮᠵᠢᠶ᠎ᠠ ᠲᠠᠢ | ᠨᠡᠩ ᠰᠠᠶᠢᠨ ᠠᠪᠤᠴᠠᠯᠳᠤᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯᠳᠤᠭᠠᠨ ᠳᠤ | ᠬᠤᠶᠢᠰᠢᠳᠠ ᠶᠢᠨ 5 ᠵᠢᠯ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠤᠯᠤᠰ ᠤᠨ ᠪᠠᠷᠢᠮᠵᠢᠶ᠎ᠠ ᠶᠢ | ᠨᠢᠭᠡᠳᠦᠯᠲᠡᠢ ᠬᠡᠷᠡᠭᠵᠢᠭᠦᠯᠵᠦ᠂ ᠤᠤᠯ ᠤᠨ ᠥᠪᠡᠷᠲᠡᠭᠡᠨ ᠵᠠᠰᠠᠬᠤ ᠣᠷᠣᠨ ᠤ ᠲᠤᠭᠲᠠᠭᠠᠭᠰᠠᠨ ᠶᠠᠳᠠᠭᠤ ᠠᠴᠠ | ᠠᠩᠭᠢᠵᠢᠷᠠᠭᠤᠯᠬᠤ ᠪᠠᠷᠢᠮᠵᠢᠶ᠎ᠠ ᠱᠤᠭᠤᠮ ᠠᠴᠠ ᠳᠤᠷᠤᠭᠰᠢᠬᠢ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠦᠷᠭᠦᠯᠵᠢᠯᠡᠨ ᠲᠡᠳᠬᠦᠨ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ᠬᠤᠯᠪᠣᠭᠳᠠᠯ ᠪᠦᠬᠦᠢ ᠲᠡᠳᠬᠦᠨ | ᠳᠡᠮᠵᠢᠬᠦ ᠲᠦᠷᠦ ᠶᠢᠨ ᠪᠤᠳᠤᠯᠭ᠎ᠠ ᠶᠢ ᠡᠳ᠋ᠯᠡᠨ᠎ᠡ᠂ ᠭᠡᠪᠡᠴᠦ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠬᠢᠨᠠᠨ | ᠰᠢᠯᠭᠠᠬᠤ ᠬᠡᠪᠴᠢᠶᠡᠨ ᠳᠤ ᠣᠷᠣᠭᠤᠯᠬᠤ ᠥᠭᠡᠢ︔ ᠭᠤᠷᠪᠠᠳᠤᠭᠠᠷ ᠲᠤ᠂ ︽13 · 5︾ ᠶᠢᠨ ᠬᠤᠭᠤᠴᠠᠭᠠᠨ ᠳᠤ | ᠮᠠᠨ ᠤ ᠣᠷᠣᠨ ᠵᠢᠯ ᠪᠦᠷᠢ ᠳᠤᠮᠳᠠᠴᠢ ᠪᠠᠷ 35.6 ᠲᠦᠮᠡᠨ ᠬᠦᠮᠦᠨ ᠶᠠᠳᠠᠭᠤ ᠠᠴᠠ ᠠᠩᠭᠢᠵᠢᠷᠠᠵᠤ᠂ ︽13 · 5︾ | ᠶᠢᠨ ᠬᠤᠭᠤᠴᠠᠭᠠᠨ ᠳᠤ ᠵᠥᠪᠬᠡᠨ ᠵᠢᠯ ᠪᠦᠷᠢ ᠳᠤᠮᠳᠠᠴᠢ ᠪᠠᠷ16.06 ᠲᠦᠮᠡᠨ ᠬᠥᠮᠦᠨ ᠢ ᠶᠠᠳᠠᠭᠤ ᠠᠴᠠ | ᠠᠩᠭᠢᠵᠢᠷᠠᠭᠤᠯᠤᠨ᠎ᠠ᠂ ᠬᠡᠳᠦᠶᠢᠪᠡᠷ ᠦᠯᠡᠳᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠬᠦᠴᠢᠷ ᠤᠨ ᠬᠡᠮᠵᠢᠶ᠎ᠡ ᠨᠢ ᠨᠡᠯᠢᠶᠡᠳ ᠶᠡᠭᠡ᠂ ᠡᠭᠦᠷᠭᠡ ᠬᠠᠲᠠᠭᠤ ᠪᠡᠷᠬᠡ ᠪᠤᠯᠪᠠᠴᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠷᠢᠯᠢᠭ | ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ | ᠬᠡᠷᠡᠭᠵᠢᠭᠦᠯᠵᠦ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠦᠨᠳᠦᠰᠦᠯᠡᠨ᠂ ᠨᠢᠭᠡ ᠪᠦᠯᠦᠭ ᠢ ᠨᠢ ᠤᠨᠴᠠᠯᠢᠭᠳᠤ ᠠᠵᠤ ᠦᠢᠯᠡᠰ ᠢ | ᠲᠡᠳᠬᠦᠨ ᠬᠦᠭᠵᠢᠭᠦᠯᠬᠦ ᠤᠨ ᠶᠠᠳᠠᠭᠤ ᠠᠴᠠ ᠠᠩᠭᠢᠵᠢᠷᠠᠭᠤᠯᠵᠤ᠂ ᠨᠢᠭᠡ ᠪᠦᠯᠦᠭ ᠢ ᠨᠢ ᠬᠤᠶᠠᠷ᠂ ᠭᠤᠷᠪᠠᠳᠤᠭᠠᠷ | ᠠᠵᠤ ᠦᠢᠯᠡᠰ ᠳᠤ ᠰᠢᠯᠵᠢᠭᠦᠯᠬᠦ ᠪᠠ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ | ᠪᠠᠶᠢᠭᠤᠯᠤᠨ ᠶᠠᠳᠠᠭᠤ ᠠᠴᠠ ᠠᠩᠭᠢᠵᠢᠷᠠᠭᠤᠯᠵᠤ᠂ ᠨᠢᠭᠡ ᠪᠦᠯᠦᠭ ᠢ ᠨᠢ ᠣᠨᠳᠣᠣ ᠭᠠᠵᠠᠷ ᠨᠡᠭᠦᠯᠭᠡᠨ ᠶᠠᠳᠠᠭᠤ ᠠᠴᠠ | ᠠᠩᠭᠢᠵᠢᠷᠠᠭᠤᠯᠵᠤ᠂ ᠨᠢᠭᠡ ᠪᠦᠯᠦᠭ ᠢ ᠨᠢ ᠰᠤᠷᠭᠠᠨ ᠬᠥᠮᠦᠵᠢᠯ ᠢ ᠬᠦᠭᠵᠢᠭᠦᠯᠬᠦ ᠪᠠᠷ ᠶᠠᠳᠠᠭᠤ ᠠᠴᠠ | ᠠᠩᠭᠢᠵᠢᠷᠠᠭᠤᠯᠵᠤ᠂ ᠨᠢᠭᠡ ᠪᠦᠯᠦᠭ ᠢ ᠨᠢ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ | ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ︽ᠲᠠᠪᠤᠨ ᠨᠢᠭᠡ ᠪᠦᠯᠦᠭ︾ ᠢᠨᠵᠧᠨᠧᠷᠢᠩ ᠢᠶᠠᠷ ᠳᠠᠮᠵᠢᠭᠤᠯᠤᠨ᠂ | ᠬᠤᠶᠢᠰᠢᠳᠠ ᠵᠢᠯ ᠪᠦᠷᠢ16.06 ᠲᠦᠮᠡᠨ ᠶᠠᠳᠠᠭᠤ ᠬᠦᠴᠢᠷᠳᠡᠯᠲᠡᠢ ᠬᠦᠮᠦᠨ ᠢ ᠪᠠᠭᠠᠰᠬᠠᠬᠤ ᠡᠭᠦᠷᠭᠡ ᠶᠢ | ᠪᠦᠷᠢᠮᠦᠰᠦᠨ ᠪᠡᠶᠡᠯᠡᠭᠦᠯᠵᠦ ᠴᠢᠳᠠᠬᠤ ᠶᠤᠮ᠃ | ᠸᠠᠩ ᠶᠢᠨ ᠪᠦᠦ᠄ | ︵ᠳᠤᠯᠤᠭ᠎ᠠ︶ ᠡᠷᠦᠬᠡ ᠠᠮᠠ ᠶᠢᠨ ᠬᠤᠳᠠ ᠪᠠᠯᠭᠠᠰᠤᠵᠢᠯᠳᠡ ᠶᠢᠨ ᠨᠤᠷᠮ᠎ᠠ ᠶᠢᠨ ᠲᠤᠬᠠᠢ | ᠡᠷᠦᠭᠡ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ ᠬᠤᠳᠠ ᠪᠠᠯᠭᠠᠰᠤᠵᠢᠯᠳᠠ ᠶᠢᠨ ᠡᠷᠡᠭᠦᠯ | ᠮᠡᠨᠳᠦ ᠶᠢᠨ ᠬᠡᠮᠵᠢᠶ᠎ᠡ ᠶᠢ ᠰᠢᠭᠤᠳ ᠲᠤᠰᠬᠠᠨ᠎ᠠ᠃ 2015 ᠣᠨ ᠳᠤ ᠮᠠᠨ ᠤ ᠣᠷᠣᠨ ᠤ ᠪᠠᠶᠢᠩᠭᠤ ᠰᠠᠭᠤᠭ᠎ᠠ | ᠬᠥᠮᠦᠨ ᠠᠮᠠ ᠶᠢᠨ ᠬᠤᠳᠠ ᠪᠠᠯᠭᠠᠰᠤᠵᠢᠯᠳᠡ ᠶᠢᠨ ᠨᠤᠷᠮ᠎ᠠ ᠵᠢᠱᠢᠯᠲᠡ ᠪᠠᠷ 60.3% ᠳᠤ ᠬᠦᠷᠴᠦ᠂ ᠡᠷᠦᠭᠡ | ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ 43% ᠣᠷᠴᠢᠮ ᠬᠦᠷᠴᠦ᠂ ᠡᠨᠡ ᠨᠢ 430 ᠲᠦᠮᠡ ᠣᠷᠴᠢᠮ | ᠮᠠᠯᠴᠢᠨ ᠲᠠᠷᠢᠶᠠᠴᠢᠨ ᠬᠦᠴᠦ ᠶᠠᠪᠤᠭᠰᠠᠳ ᠢᠶᠠᠷ ᠭᠤᠣᠯ ᠴᠣᠭᠴᠠ ᠪᠤᠯᠭᠠᠭᠰᠠᠨ ᠭᠠᠳᠠᠨ᠎ᠠ ᠠᠴᠠ ᠢᠷᠡᠭᠰᠡᠨ ᠪᠠᠶᠢᠩᠭᠤ | ᠰᠠᠭᠤᠭ᠎ᠠ ᠬᠥᠮᠦᠨ ᠠᠮᠠ᠂ ᠣᠳᠣᠬᠠᠨ ᠳᠤ ᠮᠦᠨ ᠬᠤᠲᠠ ᠪᠠᠯᠭᠠᠰᠤᠨ ᠤ ᠠᠵᠢᠯ ᠣᠯᠭᠤᠯᠲᠠ᠂ ᠣᠷᠣᠨ ᠰᠠᠭᠤᠴᠠ᠂ | ᠡᠮ ᠡᠮᠨᠡᠯᠭᠡ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠵᠡᠷᠭᠡ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠬᠦᠷᠲᠡᠵᠦ ᠴᠢᠳᠠᠭᠰᠠᠨ ᠦᠭᠡᠢ ᠶᠢ ᠬᠠᠷᠠᠭᠤᠯᠵᠤ | ᠪᠠᠶᠢᠨ᠎ᠠ᠃ | ᠡᠷᠦᠭᠡ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠬᠠᠩᠭᠠᠯᠭ᠎ᠠ ᠶᠢᠨ ᠲᠠᠯ᠎ᠠ ᠠᠴᠠ ᠦᠵᠡᠪᠡᠯ᠂ ᠬᠥᠳᠡᠯᠮᠦᠷᠢᠯᠡᠬᠦ ᠨᠠᠰᠤᠨ ᠤ ᠪᠦᠬᠦ ᠬᠡᠮᠵᠢᠶ᠎ᠡ | ᠬᠠᠰᠤᠭᠳᠠᠭᠰᠠᠨ ᠪᠠᠶᠢᠳᠠᠯ ᠳᠣᠣᠷ᠎ᠠ᠂ ᠬᠥᠳᠡᠯᠮᠦᠷᠢ ᠬᠦᠴᠦᠨ ᠤ ᠬᠠᠩᠭᠠᠯᠭ᠎ᠠ ᠪᠠ ᠴᠠᠯᠢᠩ ᠬᠥᠯᠥᠰᠥ ᠶᠢᠨ ᠥᠪᠡᠷ ᠤᠨ | ᠥᠷᠳᠡᠭ ᠢ ᠲᠤᠭᠲᠠᠭᠤᠨ ᠪᠠᠶᠢᠯᠭᠠᠵᠤ᠂ ᠤᠳᠤ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡ᠊ᠩᠨᠡᠭᠡ ᠶᠢ | ᠪᠤᠶᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠡᠷᠡᠭᠴᠡᠭᠡᠨ ᠤ ᠲᠠᠯ᠎ᠠ ᠠᠴᠠ ᠦᠵᠡᠪᠡᠯ᠂ | ᠬᠡᠷᠡᠭᠯᠡᠭᠡᠨ ᠤ ᠬᠡᠷᠡᠭᠴᠡᠭᠡ ᠶᠢ ᠥᠷᠭᠡᠳᠬᠡᠬᠦ᠂ ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ | ᠲᠤᠭᠲᠠᠪᠤᠷᠢᠵᠢᠭᠤᠯᠬᠤ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢ ᠦᠷᠭᠡᠳᠬᠡᠬᠦ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠪᠡᠯᠡ ᠣᠷᠣᠭᠤᠯᠤᠯᠲᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠵᠤ | ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠠᠰᠢᠭᠲᠠᠶ ᠪᠠᠶᠢᠬᠤ ᠪᠠᠷ ᠪᠠᠷᠠᠬᠤ ᠦᠭᠡᠢ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠪᠠ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠬᠤ ᠳᠤ ᠴᠤ ᠠᠰᠢᠭᠲᠠᠶ | ᠪᠦᠭᠡᠳ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠠᠴᠠ ᠨᠡᠩ ᠤᠯᠠᠨ ᠬᠥᠮᠦᠨ ᠠᠮᠠ ᠳᠤ ᠠᠰᠢᠭ ᠬᠦᠷᠲᠡᠭᠡᠬᠦ | ᠳᠣᠲᠣᠭᠠᠳᠤ ᠱᠠᠭᠠᠷᠳᠠᠯᠭ᠎ᠠ ᠮᠥᠨ᠃ | ︽ᠬᠦᠲᠦᠯᠪᠦᠷᠢ︾ ᠳᠤ 2020 ᠣᠨ ᠪᠣᠯᠬᠤ ᠳᠤ ᠡᠷᠦᠬᠡ ᠠᠮᠠ ᠶᠢᠨ ᠬᠤᠲᠠ ᠪᠠᠯᠭᠠᠰᠤᠵᠢᠯᠲᠠ ᠶᠢᠨ | ᠨᠣᠷᠮ᠎ᠠ 50% ᠬᠦᠷᠴᠦ᠂ ︽13 · 5︾ ᠶᠢᠨ ᠬᠤᠭᠤᠴᠠᠭᠠᠨ ᠳᠠᠬᠢ ᠪᠦᠬᠦ ᠣᠷᠣᠨ ᠤ ᠡᠷᠦᠬᠡ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢ ᠵᠢᠯ ᠪᠦᠷᠢ ᠳᠤᠮᠳᠠᠴᠢ ᠪᠠᠷ 1.4 ᠵᠠᠭᠤᠨ ᠤ ᠴᠢᠭ ᠳᠡᠭᠡᠭᠰᠢᠯᠡᠭᠦᠯᠬᠦ ᠴᠢᠬᠤᠯᠠᠲᠠᠶ | ᠪᠠᠶᠢᠵᠤ᠂ 5 ᠵᠢᠯ ᠳᠤ 210 ᠲᠦᠮᠡ ᠣᠷᠴᠢᠮ ᠮᠠᠯᠴᠢᠨ ᠲᠠᠷᠢᠶᠠᠴᠢᠨ ᠬᠦᠴᠦ ᠶᠠᠪᠤᠭᠴᠢ ᠪᠣᠯᠤᠨ ᠪᠤᠰᠤᠳ | ᠪᠠᠶᠢᠩᠭᠤ ᠰᠠᠭᠤᠭ᠎ᠠ ᠬᠥᠮᠦᠨ ᠠᠮᠠ ᠶᠢ ᠬᠤᠲᠠ ᠪᠠᠯᠭᠠᠰᠤᠨ ᠳᠤ ᠰᠠᠭᠤᠷᠢᠰᠢᠨ ᠰᠠᠭᠤᠯᠭᠠᠵᠤ ᠡᠷᠥᠭᠡ ᠠᠮᠠ ᠪᠠᠨ | ᠣᠷᠣᠭᠤᠯᠬᠤ ᠠᠰᠠᠭᠤᠳᠠᠯ ᠢ ᠨᠢ ᠰᠢᠢᠳᠪᠦᠷᠢᠯᠡᠨ᠎ᠡ ᠭᠡᠵᠦ ᠲᠤᠷᠠᠳᠪᠠ᠃ | ︽ᠬᠦᠲᠦᠯᠪᠦᠷᠢ︾ ᠳᠤ ᠳᠤᠷᠠᠳᠴᠤ ᠭᠠᠷᠭᠠᠭᠰᠠᠨ ᠡᠷᠦᠭᠡ ᠠᠮᠠ ᠶᠢᠨ ᠬᠤᠲᠠ ᠪᠠᠯᠭᠠᠰᠤᠵᠢᠯᠲᠠ | ᠵᠢᠨᠨᠤᠷᠮᠠ ᠶᠢᠨ ᠬᠠᠷᠠᠯᠲᠠ ᠶᠢ ᠪᠡᠶᠡᠯᠡᠭᠦᠯᠬᠦ ᠳᠤ᠂ ᠭᠤᠣᠯᠳᠠᠭᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠬᠥᠭᠵᠢᠯᠲᠡ ᠶᠢ ᠲᠦᠷᠭᠡᠳᠬᠡᠬᠦ ᠳᠡᠭᠡᠷ᠎ᠡ ᠠᠴᠠ ᠭᠠᠷᠬᠤ ᠵᠠᠮ ᠡᠷᠢᠯᠬᠢᠯᠡᠬᠦ ᠬᠡᠷᠡᠭᠲᠡᠶ᠃ ︽13 · 5︾ ᠶᠢᠨ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠᠨ ᠤ ᠳᠦᠷᠢᠮ ᠤᠨ ᠥᠭᠡᠷᠡᠴᠢᠯᠡᠯᠲᠡ | ᠬᠢᠬᠦ ᠰᠠᠨᠠᠯ ᠢ ᠨᠠᠶᠢᠳᠠᠪᠤᠷᠢᠵᠢᠭᠤᠯᠵᠤ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠬᠦ ᠪᠠᠷ ᠳᠠᠮᠵᠢᠭᠤᠯᠤᠨ᠂ | ᠬᠤᠯᠪᠣᠭᠳᠠᠯ ᠪᠦᠬᠦᠢ ᠢᠵᠢ ᠪᠦᠷᠢᠯᠳᠦᠭᠦᠯᠦᠭᠰᠡᠨ ᠳᠦᠷᠦ ᠶᠢᠨ ᠪᠤᠳᠤᠯᠭ᠎ᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ | ᠡᠳ᠋ ᠤᠨ ᠵᠠᠰᠠᠭ ᠤᠨ ᠰᠢᠯᠵᠢᠭᠦᠯᠦᠨ ᠥᠭᠬᠦ ᠶᠢ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ | ᠬᠤᠲᠠ ᠶᠢᠨ ᠠᠷᠠᠳ ᠪᠣᠯᠭᠠᠬᠤ ᠲᠠᠢ ᠬᠤᠯᠪᠤᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠭᠦᠯᠬᠦ ᠬᠡᠪᠴᠢᠶ᠎ᠡ ᠶᠢ ᠲᠠᠷᠢᠶᠠᠯᠠᠩ ᠮᠠᠯ ᠠᠵᠤ | ᠠᠬᠤᠶ ᠠᠴᠠ ᠰᠢᠯᠵᠢᠭᠰᠡᠨ ᠬᠥᠮᠦᠨ ᠠᠮᠠ ᠶᠢ ᠰᠢᠩᠭᠡᠨ ᠠᠪᠴᠦ ᠡᠷᠦᠬᠡ ᠠᠮᠠ ᠣᠷᠣᠬᠤ ᠲᠤᠭ᠎ᠠ ᠲᠠᠢ | ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠮᠠᠯᠴᠢᠨ | ᠲᠠᠷᠢᠶᠠᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ ᠭᠠᠵᠠᠷ ᠬᠡᠷᠡᠭᠯᠡᠬᠦ ᠡᠷᠬᠡ᠂ | ᠬᠠᠮᠲᠤ ᠶᠢᠨ ᠠᠰᠢᠭ ᠣᠷᠣᠯᠭ᠎ᠠ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠬᠤᠲᠠ ᠪᠠᠯᠭᠠᠰᠤᠨ ᠳᠤ | ᠲᠣᠭᠲᠠᠪᠤᠷᠢᠲᠠᠶ ᠪᠠᠷ ᠠᠵᠢᠯ ᠣᠯᠵᠤ ᠠᠮᠢᠲᠤᠷᠠᠬᠤ ᠴᠢᠳᠠᠪᠤᠷᠢ ᠲᠠᠢ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ | ᠬᠥᠮᠦᠨ ᠠᠮᠠ ᠡᠷᠦᠬᠡ ᠠᠮᠠ ᠶᠢᠨ ᠳᠠᠩᠰᠠ ᠪᠠᠨ ᠪᠦᠬᠦ ᠭᠡᠷ ᠢᠶᠠᠷ ᠢᠶᠠᠨ ᠬᠤᠲᠠ ᠳᠤ ᠤᠷᠤᠭᠤᠯᠬᠤ ᠶᠢ ᠠᠬᠢᠭᠤᠯᠵᠤ᠂ | ᠬᠤᠲᠠ ᠳᠤ ᠣᠷᠣᠵᠤ ᠬᠦᠴᠦ ᠶᠠᠪᠤᠵᠤ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠢᠯᠡᠳᠪᠦᠷᠢᠯᠡᠯ ᠤᠨ | ᠠᠷᠭ᠎ᠠ ᠮᠠᠶ᠋ᠢᠭ ᠠᠴᠠ ᠠᠪᠤᠭᠠᠳ ᠠᠮᠢᠳᠤᠷᠠᠯ ᠤᠨ ᠠᠷᠭ᠎ᠠ ᠮᠠᠶ᠋ᠢᠭ ᠬᠦᠷᠲᠡᠯ᠎ᠡ ᠬᠤᠲᠠᠵᠢᠬᠤ ᠬᠤᠪᠢᠷᠠᠯᠲᠠ ᠶᠢ ᠦᠨᠡᠨ ᠬᠦ | ᠪᠡᠶᠡᠯᠡᠭᠦᠯᠵᠦ᠂ ᠵᠢᠩᠬᠢᠨᠢ ᠬᠤᠲᠠ ᠶᠢᠨ ᠬᠥᠮᠦᠨ ᠲᠠᠢ ᠠᠳᠠᠯᠢ ᠠᠮᠢᠳᠤᠷᠠᠬᠤ ᠪᠤᠯᠭᠠᠨ᠎ᠠ᠃ | ᠬᠥᠲᠥᠯᠥᠭᠴᠢ᠄ | ︽13 · 5︾ ᠶᠢᠨ ᠬᠤᠭᠤᠴᠠᠭᠠᠨ ᠳᠤ᠂ ᠮᠠᠨ ᠤ ᠣᠷᠣᠨ ᠤ ᠠᠵᠤ ᠠᠬᠤᠶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠬᠡᠷᠬᠢᠨ ᠠᠬᠢᠭᠤᠯᠬᠤ ᠪᠤᠢ︖ | ᠸᠠᠩ ᠶᠢᠨ ᠪᠦᠦ᠄ | ᠬᠦᠭᠵᠢᠭᠦᠯᠦᠯᠲᠡ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠡᠷᠢᠭᠦᠨ ᠴᠢᠬᠤᠯᠠ ᠡᠭᠦᠷᠭᠡ | ᠮᠥᠨ᠂ ᠠᠵᠤ ᠠᠬᠤᠶ ᠶᠢ ᠬᠥᠭᠵᠢᠬᠦ ᠦᠭᠡᠢ ᠪᠣᠯ ᠶᠠᠭᠤ ᠴᠤ ᠪᠦᠲᠦᠭᠡᠵᠦ ᠳᠡᠶᠢᠯᠬᠦ ᠥᠭᠡᠢ᠃ ᠮᠠᠨ ᠤ ᠣᠷᠣᠨ ᠤ | ᠬᠥᠭᠵᠢᠯᠲᠡ ᠶᠢᠨ ᠱᠠᠭᠠᠷᠳᠠᠯᠭ᠎ᠠ ᠠᠴᠠ ᠠᠪᠴᠤ ᠦᠵᠡᠪᠡᠯ᠂ ︽13· 5︾ ᠶᠢᠨ ᠬᠤᠭᠤᠴᠠᠭᠠᠨ ᠳᠤ᠂ ᠭᠠᠭᠴᠠᠬᠦ | ᠪᠦᠬᠦ ᠤᠯᠤᠰ ᠤᠨ ᠳᠤᠮᠳᠠᠴᠢ ᠬᠤᠷᠳᠤᠴᠠ ᠠᠴᠠ ᠳᠡᠭᠡᠭᠦᠷ ᠬᠤᠷᠳᠤᠴᠠ ᠪᠠᠷ ᠦᠷᠭᠦᠯᠵᠢᠯᠡᠨ ᠬᠦᠭᠵᠢᠭᠦᠯᠵᠦ᠂ | ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠪᠠᠯ ᠰᠠᠶ᠋ᠢ | ᠬᠥᠭᠵᠢᠭᠰᠡᠨ ᠮᠤᠵᠢ ᠣᠷᠤᠨ ᠯᠤᠭ᠎ᠠ ᠶᠢᠨ ᠬᠥᠭᠵᠢᠯᠲᠡ ᠶᠢᠨ ᠵᠥᠷᠢᠶ᠎ᠡ ᠪᠠᠨ ᠪᠠᠭᠠᠰᠬᠠᠵᠤ᠂ ᠴᠢᠨᠡᠭᠡᠯᠢᠭ ᠨᠡᠶᠢᠭᠡᠮ ᠢ | ᠬᠤᠭᠤᠴᠠᠭ᠎ᠠ ᠶᠣᠰᠤᠭᠠᠷ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠢ ᠦᠨᠡᠨᠬᠦ ᠪᠠᠲᠤᠯᠠᠵᠤ ᠴᠢᠳᠠᠨ᠎ᠠ᠃ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠤᠮᠳᠠ ᠳᠡᠭᠡᠳᠦ ᠬᠤᠷᠳᠤᠴᠠ ᠪᠠᠷ | ᠨᠡᠮᠡᠭᠳᠡᠭᠦᠯᠬᠦ ᠶᠢ ᠪᠠᠷᠢᠮᠳᠠᠯᠠᠬᠤ ᠨᠢ ᠬᠡᠢ ᠪᠣᠳᠣᠯ ᠪᠢᠰᠢ᠂ ᠤᠯᠠᠨ ᠵᠢᠯ ᠤᠨ ᠬᠤᠷᠠᠮᠳᠤᠭᠤᠯᠭ᠎ᠠ ᠪᠠᠷ ᠳᠠᠮᠵᠢᠨ᠂ ᠮᠠᠨ ᠤ | ᠣᠷᠣᠨ ᠨᠢᠭᠡᠨᠲᠡ ᠵᠣᠬᠢᠬᠤ ᠬᠦᠭᠵᠢᠯᠲᠡ ᠶᠢᠨ ᠰᠠᠭᠤᠷᠢ ᠪᠠᠢ ᠪᠣᠯᠵᠤ᠂ ᠨᠢᠭᠡ ᠪᠦᠯᠦᠭ ᠴᠢᠬᠤᠯᠠ ᠶᠡᠭᠡ ᠲᠦᠷᠦᠯ | ᠵᠦᠢᠯ ᠤᠳ ᠵᠠᠯᠭᠠᠭ᠎ᠠ ᠪᠠᠷ ᠪᠠᠶᠢᠭᠤᠯᠤᠭᠳᠠᠨ᠂ ᠮᠠᠰᠢ ᠣᠯᠠᠨ ᠳᠠᠶᠢᠴᠢᠯᠠᠬᠤ ᠬᠦᠴᠦᠨ ᠢᠶᠠᠷ ᠴᠢᠩᠭ᠎ᠠ᠂ ᠨᠥᠯᠥᠭᠡᠯᠡᠬᠦ | ᠬᠦᠴᠦᠨ ᠢᠶᠠᠷ ᠶᠡᠭᠡ ᠲᠥᠷᠥᠯ ᠵᠦᠢᠯ ᠢ ᠤᠯᠤᠰ ᠤᠨ ︽13 · 5︾ ᠶᠢᠨ ᠲᠥᠯᠥᠪᠵᠢᠭᠦᠯᠭᠡ ᠳᠤ ᠣᠷᠤᠭᠤᠯᠵᠤ᠂ | ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ ᠢ ᠲᠦᠷᠭᠡᠨ ᠪᠣᠶᠢᠵᠢᠭᠤᠯᠵᠤ ᠪᠦᠷᠢᠯᠳᠦᠭᠦᠯᠦᠨ᠂ ᠬᠥᠭᠵᠢᠯᠲᠡ ᠶᠢᠨ | ᠳᠠᠯᠳᠠ ᠬᠦᠴᠦᠨ ᠯᠤᠲᠤ ᠶᠡᠭᠡ᠂ ᠰᠡᠯᠭᠦᠬᠦ ᠬᠦᠴᠦᠨ ᠪᠦᠷᠢᠨ ᠪᠠᠶᠢᠨ᠎ᠠ᠃ ᠪᠢᠳᠡ ᠵᠦᠪᠬᠡᠨ ᠠᠵᠠ ᠲᠣᠬᠢᠶᠠᠯ ᠢ | ᠠᠮᠵᠢᠨ᠂ ᠢᠳᠡᠪᠬᠢᠲᠡᠶ ᠠᠵᠢᠯᠯᠠᠪᠠᠯ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠂ | ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠦᠯᠬᠦ ᠶᠢ ᠪᠡᠶᠡᠯᠡᠭᠦᠯᠵᠦ ᠴᠢᠳᠠᠨ᠎ᠠ᠃ ︽13 · 5︾ ᠶᠢᠨ | ᠬᠤᠭᠤᠴᠠᠭᠠᠨ ᠳᠤ ᠮᠠᠨ ᠤ ᠣᠷᠣᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠬᠤ ᠳᠤ᠂ ᠳᠣᠣᠷᠠᠬᠢ ᠬᠡᠳᠦᠨ ᠲᠠᠯ᠎ᠠ ᠪᠠᠷ ᠡᠷᠴᠢᠮᠯᠡᠬᠦ ᠬᠡᠷᠡᠭᠲᠡᠢ᠄ | ᠨᠢᠭᠡ ᠳᠤ ᠡᠷᠬᠡᠪᠰᠢ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠤᠲᠤᠯᠭ᠎ᠠ ᠶᠢᠨ ᠦᠨᠳᠦᠰᠦᠨ | ᠴᠢᠭ᠋ ᠲᠤ ᠰᠠᠭᠤᠷᠢᠯᠠᠵᠤ᠂ ᠪᠦᠲᠦᠮᠵᠢᠲᠡᠶ ᠬᠡᠷᠡᠭᠴᠡᠭᠡ ᠶᠢ ᠴᠢᠷᠮᠠᠶᠢᠨ ᠥᠷᠭᠡᠳᠬᠡᠬᠦ ᠬᠡᠷᠡᠭᠲᠡᠶ᠃ ᠨᠡᠮᠡᠭᠳᠡᠯ ᠳᠠᠬᠢ ᠪᠡᠯᠡ | ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠡᠯᠡ | ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠡᠵᠡᠮᠰᠢᠨ᠂ ᠰᠢᠨ᠎ᠡ ᠬᠡᠪ ᠪᠠᠶᠢᠳᠠᠯ ᠳᠣᠣᠷᠠᠬᠢ | ᠰᠢᠨ᠎ᠡ ᠪᠡᠯᠡ ᠣᠷᠣᠭᠤᠯᠤᠯᠲᠠ ᠶᠢᠨ ᠬᠦᠷᠢᠶ᠎ᠡ ᠪᠠ ᠬᠡᠷᠡᠭᠴᠡᠭᠡ ᠶᠢ ᠢᠳᠡᠪᠬᠢᠲᠡᠢ ᠰᠦᠪᠡᠭᠴᠢᠯᠡᠵᠦ᠂ ᠪᠡᠯᠡ | ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ | ᠨᠡᠩ ᠠᠷᠪᠢᠨ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠬᠤ ᠶᠢ ᠳᠠᠶᠢᠴᠢᠯᠠᠨ᠂ ᠪᠡᠯᠡ ᠣᠷᠣᠭᠤᠯᠤᠯᠲᠠ ᠶᠢᠨ ᠶᠠᠰᠤ | ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠨᠡᠮᠡᠭᠳᠡᠯ ᠳᠠᠬᠢ ᠬᠡᠷᠡᠭᠯᠡᠭᠡᠨ ᠤ ᠰᠠᠭᠤᠷᠢ ᠪᠣᠯᠬᠤ | ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠬᠡᠷᠡᠭᠯᠡᠭᠡᠨ ᠤ ᠳᠡᠰ ᠢ ᠳᠡᠪᠰᠢᠭᠦᠯᠬᠦ ᠲᠤᠬᠠᠢ ᠤᠯᠠᠨ ᠲᠦᠮᠡᠨ ᠤ | ᠱᠠᠭᠠᠷᠳᠠᠯᠭ᠎ᠠ ᠶᠢ ᠢᠳᠡᠪᠬᠢᠲᠡᠶ ᠢᠯᠡᠷᠡᠭᠦᠯᠬᠦ ᠪᠠ ᠬᠠᠩᠭᠠᠵᠤ᠂ ᠦᠢᠯᠡᠴᠢᠯᠡᠭᠡᠨ ᠤ ᠬᠡᠷᠡᠭᠯᠡᠭᠡ ᠶᠢ ᠦᠷᠭᠡᠳᠬᠡᠨ᠂ ᠮᠡᠳᠡᠭᠡ | ᠵᠠᠩᠭᠢ ᠶᠢᠨ ᠬᠡᠷᠡᠭᠯᠡᠭᠡ ᠶᠢ ᠴᠢᠨᠠᠭᠰᠢᠳᠠ ᠳᠠᠶᠢᠴᠢᠯᠠᠵᠦ᠂ ᠪᠣᠬᠢᠷᠲᠤᠯ ᠦᠭᠡᠢ ᠬᠡᠷᠡᠭᠯᠡᠭᠡ ᠶᠢ ᠦᠷᠭᠡᠳᠬᠡᠨ᠂ ᠴᠠᠭ ᠤᠨ | ᠥᠩᠭᠡᠲᠦ ᠬᠡᠷᠡᠭᠯᠡᠭᠡ ᠶᠢ ᠠᠬᠢᠭᠤᠯᠵᠤ᠂ ᠶᠠᠰᠤ ᠴᠢᠨᠠᠷ ᠤᠨ ᠬᠡᠷᠡᠭᠯᠡᠭᠡ ᠶᠢ ᠵᠣᠷᠢᠭᠵᠢᠭᠤᠯᠤᠨ᠂ ᠬᠥᠳᠡᠭᠡ ᠲᠣᠰᠬᠤᠨ ᠤ | ᠬᠡᠷᠡᠭᠯᠡᠭᠡ ᠶᠢ ᠳᠡᠭᠡᠭᠰᠢᠯᠡᠭᠦᠯᠦᠨ ᠦᠷᠭᠡᠳᠬᠡᠬᠦ ᠬᠡᠷᠡᠭᠲᠡᠶ᠃ ᠨᠡᠮᠡᠭᠳᠡᠯ ᠳᠠᠬᠢ ᠭᠠᠳᠠᠭᠠᠳᠤ ᠭᠠᠷᠭᠠᠯᠲᠠ ᠶᠢᠨ ᠠᠬᠢᠭᠤᠯᠬᠤ | ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠭᠠᠳᠠᠭᠠᠳᠤ ᠳᠤ ᠪᠡᠯᠡ ᠣᠷᠣᠭᠤᠯᠬᠤ ᠶᠢ ᠴᠢᠩᠭᠠᠷᠠᠭᠤᠯᠬᠤ ᠪᠠ | ᠭᠠᠳᠠᠭᠠᠳᠤ ᠭᠠᠷᠭᠠᠯᠲᠠ ᠶᠢ ᠥᠷᠭᠡᠳᠬᠡᠬᠦ ᠶᠢ ᠤᠶᠠᠯᠳᠤᠭᠤᠯᠤᠨ᠂ ᠲᠧᠭᠨᠢᠭ ᠮᠡᠷᠭᠡᠵᠢᠯ᠂ ᠪᠠᠷᠢᠮᠵᠢᠶ᠎ᠠ᠂ ᠨᠡᠷᠡᠳᠥ ᠲᠦᠷᠦᠯ | ᠲᠡᠮᠳᠡᠭᠲᠦ᠂ ᠶᠠᠰᠤ ᠴᠢᠨᠠᠷ᠂ ᠦᠢᠯᠡᠴᠢᠯᠡᠭᠡ ᠪᠠᠷ ᠭᠤᠣᠯ ᠪᠣᠯᠭᠠᠭᠰᠠᠨ ᠭᠠᠳᠠᠭᠠᠳᠤ ᠳᠤ ᠵᠣᠷᠢᠭᠤᠯᠤᠭᠰᠠᠨ ᠠᠵᠤ | ᠠᠬᠤᠶ ᠶᠢᠨ ᠰᠢᠨ᠎ᠡ ᠳᠠᠪᠠᠭᠤᠯᠢᠭ ᠢ ᠪᠤᠶᠢᠵᠢᠭᠤᠯᠵᠤ᠂ ᠤᠯᠠᠮᠵᠢᠯᠠᠯᠲᠤ ᠳᠠᠪᠠᠭᠤᠯᠢᠭ ᠦᠢᠯᠡᠳᠬᠦᠨ ᠤ ᠭᠠᠳᠠᠭᠠᠳᠤ | ᠭᠠᠷᠭᠠᠯᠲᠠ ᠶᠢ ᠲᠣᠭᠲᠠᠪᠤᠷᠢᠵᠢᠭᠤᠯᠤᠨ᠂ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠠᠬᠢᠭᠤᠯᠵᠤ᠂ ᠠᠵᠤ | ᠠᠬᠤᠶᠢᠯᠠᠯ ᠤᠨ ︽ᠭᠠᠳᠠᠭᠰᠢ ᠠᠯᠬᠤᠨ︾ ᠢᠨᠵᠧᠨᠧᠷᠢᠩ ᠳᠠᠭᠠᠭᠠᠴᠢᠯᠠᠬᠤ ᠪᠠ ᠬᠥᠳᠡᠯᠮᠦᠷᠢ ᠦᠢᠯᠡᠴᠢᠯᠡᠭᠡᠨ ᠤ | ᠬᠠᠮᠲᠤᠷᠠᠯᠴᠠᠭ᠎ᠠ ᠦᠷᠨᠢᠭᠦᠯᠬᠦ ᠶᠢ ᠳᠡᠮᠵᠢᠵᠦ᠂ ᠠᠵᠤ ᠠᠬᠤᠶ ᠶᠢᠨ ᠨᠡᠮᠡᠭᠳᠡᠯ ᠳᠠᠬᠢ ᠪᠡᠯᠡ ᠣᠷᠣᠭᠤᠯᠤᠯᠲᠠ᠂ ᠬᠡᠷᠡᠭᠯᠡᠭᠡ᠂ | ᠭᠠᠳᠠᠭᠠᠳᠤ ᠭᠠᠷᠭᠠᠯᠲᠠ ᠶᠢᠨ ᠵᠣᠬᠢᠴᠠᠩᠭᠤᠶ ᠪᠠᠷ ᠳᠠᠶᠢᠴᠢᠯᠠᠬᠤ ᠰᠢᠨ᠎ᠡ ᠪᠠᠶᠢᠷᠢᠰᠢᠯ ᠢ ᠪᠤᠢ ᠪᠣᠯᠭᠠᠵᠤ᠂ ᠠᠵᠤ | ᠠᠬᠤᠶ ᠶᠢ ᠨᠡᠮᠡᠭᠳᠡᠭᠦᠯᠬᠦ ᠳᠣᠲᠤᠭᠠᠳᠤ ᠶᠢᠨ ᠬᠥᠳᠡᠯᠭᠡᠭᠴᠢ ᠬᠦᠴᠦᠨ ᠢ ᠴᠢᠩᠭᠠᠷᠠᠭᠤᠯᠬᠤ ᠬᠡᠷᠡᠭᠲᠡᠢ᠃ | ᠬᠤᠶᠠᠷ ᠲᠤ ᠡᠷᠬᠡᠪᠰᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠷ | ᠵᠣᠭᠰᠤᠴᠠ ᠪᠣᠯᠭᠠᠵᠤ᠂ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠲᠠᠷᠢᠶᠠᠯᠠᠩ ᠮᠠᠯ | ᠠᠵᠤ ᠠᠬᠤᠶ ᠶᠢᠨ ᠣᠳᠣᠬᠢᠴᠢᠯᠠᠯᠲᠠ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ | ᠴᠢᠨᠠᠷᠲᠠᠢ ᠪᠠᠶᠢᠷᠢ ᠰᠠᠭᠤᠷᠢ ᠶᠢ ᠪᠠᠬᠢᠵᠢᠭᠦᠯᠦᠨ ᠬᠥᠭᠵᠢᠭᠦᠯᠵᠦ᠂ ᠪᠣᠬᠢᠷᠲᠤᠯ ᠦᠭᠡᠢ᠂ ᠴᠢᠨᠠᠷ ᠰᠠᠶᠢᠲᠠᠶ᠂ ᠨᠡᠷᠡᠳᠥ | ᠲᠦᠷᠦᠯ ᠲᠡᠮᠳᠡᠭᠲᠦ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠢᠶᠠᠷ ᠭᠤᠣᠯᠯᠠᠭᠰᠠᠨ ᠲᠠᠷᠢᠶᠠᠯᠠᠩ ᠮᠠᠯ ᠠᠵᠤ | ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠬᠤ᠂ ᠮᠠᠯᠴᠢᠳ ᠲᠠᠷᠢᠶᠠᠴᠢᠨ | ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠬᠦ᠂ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠬᠤ᠂ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠲᠥᠪᠰᠢᠨ ᠢ ᠳᠡᠭᠡᠭᠰᠢᠯᠡᠭᠦᠯᠬᠦ᠂ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠮᠠᠨ ᠤ ᠣᠷᠣᠨ ᠢ | ᠲᠠᠷᠢᠶᠠᠯᠠᠩ ᠮᠠᠯ ᠠᠵᠤ ᠠᠬᠤᠶ ᠶᠢᠨ ᠶᠡᠭᠡ ᠣᠷᠣᠨ ᠠᠴᠠ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠣᠷᠣᠨ | ᠲᠡᠰᠢ ᠬᠤᠪᠢᠷᠬᠤ ᠶᠢ ᠲᠦᠯᠬᠢᠨ ᠠᠬᠢᠭᠤᠯᠤᠨ᠎ᠠ᠃ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠵᠠᠮ ᠢᠶᠠᠷ | ᠵᠠᠮᠨᠠᠬᠤ ᠶᠢ ᠪᠠᠷᠢᠮᠳᠠᠯᠠᠨ᠂ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠪᠰᠢᠨ ᠢ ᠪᠠᠬᠢᠵᠢᠭᠦᠯᠦᠨ | ᠳᠡᠭᠡᠭᠰᠢᠯᠡᠭᠦᠯᠬᠦ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠢᠳᠡᠪᠬᠢᠲᠡᠶ | ᠬᠦᠭᠵᠢᠭᠦᠯᠬᠦ᠂ ᠲᠡᠮᠦᠷᠯᠢᠭ ᠬᠠᠶᠢᠯᠤᠭᠤᠯᠬᠤ ᠪᠠ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢ | ᠰᠢᠯᠢᠳᠡᠭᠵᠢᠭᠦᠯᠦᠨ ᠬᠦᠴᠦᠷᠬᠡᠭᠵᠢᠭᠦᠯᠬᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠶᠡᠬᠡᠪᠡᠷ ᠬᠦᠭᠵᠢᠭᠦᠯᠬᠦ ᠶᠢᠨ ᠲᠣᠭᠤᠷᠢᠨ ᠳᠤ᠂ | ᠤᠯᠠᠮᠵᠢᠯᠠᠯᠲᠤ ᠠᠵᠤ ᠦᠢᠯᠡᠰ ᠤᠨ ᠰᠢᠨ᠎ᠡ ᠬᠡᠯᠪᠡᠷᠢᠵᠢᠯᠲᠡ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠡᠪᠴᠢᠶᠡᠵᠢᠯᠲᠡ᠂ ᠲᠤᠯᠭᠠᠭᠤᠷᠢ ᠠᠵᠤ ᠦᠢᠯᠡᠰ ᠤᠨ ᠤᠯᠠᠨ ᠡᠰᠢᠵᠢᠯᠲᠡ ᠶᠢ ᠲᠥᠯᠬᠢᠨ ᠠᠬᠢᠭᠤᠯᠵᠤ᠂ ᠤᠳᠦ | ᠦᠶ᠎ᠡ ᠶᠢᠨ ᠠᠵᠤ ᠦᠢᠯᠡᠳᠪᠦᠷᠢ ᠶᠢᠨ ᠰᠢᠨ᠎ᠡ ᠰᠢᠰᠲ᠋ᠧᠮᠵᠢ ᠶᠢ ᠪᠠᠶᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠬᠦ ᠶᠢ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠳᠤᠲᠠᠭᠤ ᠲᠠᠯ᠎ᠠ ᠪᠠᠨ ᠨᠥᠬᠦᠪᠥᠷᠢᠯᠡᠬᠦ ᠶᠢ ᠲᠥᠯᠬᠢᠨ | ᠠᠬᠢᠭᠤᠯᠬᠤ ᠶᠢᠨ ᠭᠤᠣᠯ ᠰᠢᠪᠲᠤᠯᠬᠤ ᠴᠢᠭᠯᠡᠯ ᠪᠣᠯᠭᠠᠵᠤ᠂ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ᠂ ᠠᠮᠢᠳᠤ ᠪᠣᠳᠠᠰ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠬᠦ᠂ ᠨᠡᠭᠦᠷᠡᠰᠦ ᠶᠢ | ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠠᠵᠤ ᠦᠢᠯᠡᠰ ᠢ ᠪᠤᠵᠠᠭᠠᠶᠢᠷᠠᠭᠤᠯᠬᠤ᠂ ᠰᠢᠨ᠎ᠡ | ᠡᠨᠧᠷᠭᠢ ᠶᠢᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠠᠵᠤ ᠦᠢᠯᠡᠰ ᠢ ᠲᠡᠳᠬᠦᠨ ᠬᠥᠭᠵᠢᠭᠦᠯᠬᠦ᠂ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠬᠦ ᠲᠣᠭᠤᠷᠢᠨ ᠳᠤ᠂ ᠲᠡᠳᠡᠭᠡᠷ ᠪᠦᠬᠦᠨ ᠢ ᠰᠢᠨ᠎ᠡ ᠲᠤᠯᠭᠠᠭᠤᠷᠢ ᠠᠵᠤ ᠦᠢᠯᠡᠰ ᠪᠣᠯᠭᠠᠨ᠎ᠠ᠃ | ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠲᠥᠪᠰᠢᠨ ᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠠᠵᠠ ᠲᠣᠬᠢᠶᠠᠯ ᠢ ᠠᠳᠬᠤᠨ᠂ ᠪᠠᠷᠢᠯᠭ᠎ᠠ ᠶᠢᠨ ᠦᠢᠯᠡᠰ ᠤᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠣᠯᠭᠤᠬᠤ ᠵᠡᠷᠭᠡ | ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢ ᠠᠬᠢᠭᠤᠯᠵᠤ᠂ | ᠪᠠᠷᠢᠯᠭ᠎ᠠ ᠶᠢᠨ ᠦᠢᠯᠡᠰ ᠢ ᠲᠡᠷᠢᠭᠦᠨ ᠤ ᠮᠡᠷᠭᠡᠵᠢᠯ ᠤᠨ ᠤᠳᠤ ᠦᠶ᠎ᠡ ᠶᠢᠨ ᠠᠵᠤ ᠦᠢᠯᠡᠰ᠂ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠤᠯᠲᠠ ᠪᠠᠭ᠎ᠠ ᠪᠣᠬᠢᠷᠲᠤᠯ ᠦᠭᠡᠢ ᠠᠵᠤ ᠦᠢᠯᠡᠰ ᠪᠠ ᠲᠠᠶᠢᠴᠢᠯᠠᠨ ᠳᠠᠭᠠᠭᠤᠯᠬᠤ | ᠬᠦᠴᠦᠨ ᠢᠶᠠᠷ ᠴᠢᠩᠭ᠎ᠠ ᠲᠤᠯᠭᠠᠭᠤᠷᠢ ᠠᠵᠤ ᠦᠢᠯᠡᠰ ᠪᠣᠯᠭᠠᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠶᠡᠬᠡᠪᠡᠷ ᠬᠥᠭᠵᠢᠭᠦᠯᠬᠦ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠳᠣᠲᠣᠭᠠᠳᠤ ᠬᠡᠷᠡᠭᠴᠡᠭᠡ ᠪᠠᠨ ᠦᠷᠭᠡᠳᠬᠡᠨ᠂ | ᠪᠦᠲᠦᠴᠡ ᠪᠠᠨ ᠲᠣᠬᠢᠷᠠᠭᠤᠯᠬᠤ ᠪᠠ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠴᠢᠬᠤᠯᠠ ᠪᠠᠶᠢᠯᠳᠤᠬᠤ | ᠪᠤᠳᠤᠯᠭ᠎ᠠ ᠶᠢᠨ ᠡᠭᠦᠷᠭᠡ ᠪᠣᠯᠭᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠦᠨ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠳᠣᠪᠤᠶᠢᠯᠭᠠᠨ | ᠬᠦᠭᠵᠢᠭᠦᠯᠵᠦ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠦᠭᠵᠢᠭᠦᠯᠦᠨ᠂ | ᠦᠢᠯᠡᠴᠢᠯᠡᠭᠡᠨ ᠤ ᠦᠢᠯᠡᠰ ᠲᠥᠪᠯᠡᠷᠡᠭᠰᠡᠨ ᠣᠷᠣᠨ ᠤ ᠪᠦᠳᠦᠬᠡᠨ ᠪᠠᠶᠢᠭᠤᠯᠤᠯᠲᠠ ᠶᠢ ᠲᠦᠷᠭᠡᠳᠬᠡᠵᠦ᠂ | ᠦᠢᠯᠡᠴᠢᠯᠡᠭᠡᠨ ᠤ ᠦᠢᠯᠡᠰ ᠤᠨ ᠲᠦᠪᠯᠡᠷᠡᠯ᠂ ᠦᠪᠡᠷᠮᠢᠴᠡ ᠣᠨᠴᠠᠯᠢᠭᠲᠤ᠂ ᠳᠡᠭᠡᠳᠦ ᠲᠡᠰ ᠤᠨ᠂ ᠨᠡᠷᠡᠲᠦ ᠲᠦᠷᠦᠯ | ᠲᠡᠮᠳᠡᠭᠲᠦ ᠴᠢᠭᠯᠡᠯ ᠲᠡᠰᠢ ᠬᠦᠭᠵᠢᠬᠦ ᠶᠢ ᠲᠦᠯᠬᠢᠨ ᠠᠬᠢᠭᠤᠯᠵᠤ᠂ ᠣᠳᠣ ᠦᠶ᠎ᠡ ᠶᠢᠨ ᠦᠢᠯᠡᠳᠬᠦ ᠦᠢᠯᠡᠰ ᠲᠠᠢ | ᠬᠠᠷᠢᠯᠴᠠᠨ ᠠᠭᠤᠰᠤᠯᠴᠠᠭᠰᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠲᠠᠢ ᠬᠠᠷᠢᠯᠴᠠᠨ ᠢᠵᠢ | ᠪᠦᠷᠢᠳᠦᠭᠰᠡᠨ᠂ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠠᠬᠢᠴᠠ ᠲᠠᠢ ᠬᠠᠷᠢᠯᠴᠠᠨ ᠵᠣᠬᠢᠴᠠᠭᠰᠠᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠲᠠᠢ ᠵᠣᠬᠢᠴᠠᠭᠰᠠᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠸᠠᠩ ᠶᠢᠨ ᠪᠦᠦ᠄ | ᠭᠤᠷᠪᠠ ᠳᠤ ᠡᠷᠬᠡᠪᠰᠢ ᠬᠥᠭᠵᠢᠯᠲᠡ ᠶᠢᠨ ᠰᠢᠨ᠎ᠡ ᠣᠷᠣᠨ ᠵᠠᠶ ᠶᠢ ᠦᠷᠭᠡᠳᠬᠡᠬᠦ ᠪᠠᠷ ᠵᠣᠭᠰᠤᠴᠠ ᠪᠣᠯᠭᠠᠵᠤ᠂ | ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠤᠨ᠎ᠠ᠃ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠵᠤ ᠠᠬᠤᠶ ᠶᠢᠨ ᠨᠡᠶᠢᠭᠡᠮ ᠤᠨ ᠲᠡᠷᠢᠭᠦᠨ | ᠪᠠᠶᠢᠷᠢᠨ ᠳᠤ ᠲᠠᠯᠪᠢᠵᠤ᠂ ᠲᠡᠮᠦᠷ ᠵᠠᠮ ᠪᠠ ᠵᠢᠮᠲᠦ ᠵᠠᠮ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠂ ᠵᠠᠰᠠᠮᠠᠯ | ᠵᠠᠮ ᠤᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠠᠭᠠᠷ ᠤᠨ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ | ᠭᠠᠳᠠᠭᠠᠳᠤ ᠶᠢ ᠬᠤᠯᠪᠤᠭᠰᠠᠨ᠂ ᠬᠤᠳᠠ ᠬᠥᠳᠡᠭᠡ ᠶᠢ ᠪᠦᠷᠬᠦᠭᠰᠡᠨ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠵᠠᠮ | ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢᠨ ᠲᠥᠯᠥᠪᠯᠡᠭᠡ ᠪᠠ ︽ᠨᠡᠶᠢᠰᠯᠡᠯ ᠢ ᠪᠠᠲᠤᠯᠠᠨ᠂ ᠤᠮᠠᠷᠠᠲᠤ ᠣᠷᠣᠨ ᠳᠤ ᠦᠢᠯᠡᠴᠢᠯᠡᠨ᠂ ᠪᠦᠬᠦ | ᠤᠯᠤᠰ ᠲᠤ ᠬᠠᠨᠳᠤᠭᠤᠯᠬᠤ︾ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠬᠢᠭᠡᠳ ᠵᠠᠬ᠎ᠠ ᠳᠡᠯᠭᠡᠭᠦᠷ ᠤᠨ | ᠣᠷᠣᠨ ᠪᠠᠶᠢᠷᠢ ᠶᠢᠨ ᠲᠣᠭᠤᠷᠢᠨ ᠳᠤ᠂ ᠴᠠᠬᠢᠯᠭᠠᠨ ᠬᠦᠴᠦᠨ ᠤ ᠵᠠᠮ᠂ ᠲᠤᠰᠤ ᠬᠡᠢ ᠳᠠᠮᠵᠢᠭᠤᠯᠬᠤ ᠬᠤᠭᠤᠯᠠᠶ ᠵᠡᠷᠭᠡ | ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠦᠶ ᠵᠣᠬᠢᠰᠲᠠᠶ᠂ ᠠᠮᠤᠷ | ᠲᠦᠪᠰᠢᠨ᠂ ᠤᠶᠤᠨᠲᠤ᠂ ᠵᠣᠬᠢᠴᠠᠩᠭᠤᠶ ᠤᠲᠤ ᠦᠶ᠎ᠡ ᠶᠢᠨ ᠴᠠᠬᠢᠯᠭᠠᠨ ᠤ ᠲᠣᠣᠷ ᠪᠠ ᠲᠤᠰᠤ ᠬᠡᠢ ᠶᠢᠨ | ᠬᠤᠭᠤᠯᠠᠶ ᠶᠢᠨ ᠲᠣᠣᠷ ᠢ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠲᠠᠢ ᠬᠤᠯᠪᠤᠭᠳᠠᠭᠰᠠᠨ᠂ ᠨᠡᠯᠢᠶᠡᠳ ᠴᠢᠩᠭ᠎ᠠ ᠨᠥᠯᠥᠭᠡᠯᠡᠨ | ᠳᠠᠶᠢᠴᠢᠯᠠᠬᠤ ᠦᠢᠯᠡᠳᠦᠯ ᠲᠠᠢ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ | ᠬᠦᠴᠦ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ | ᠲᠣᠬᠢᠷᠠᠭᠤᠯᠬᠤ ᠪᠠ ᠨᠡᠭᠡᠭᠡᠨ ᠠᠰᠢᠭᠯᠠᠬᠤ᠂ ᠤᠰᠤᠯᠠᠯᠲᠠ ᠶᠢᠨ ᠣᠷᠣᠨ ᠤ ᠥᠨᠳᠥᠷ ᠪᠦᠲᠦᠮᠵᠢᠲᠡᠶ ᠪᠦᠭᠡᠳ ᠤᠰᠤ | ᠠᠷᠪᠢᠯᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ | ᠵᠠᠩᠭᠢᠵᠢᠯᠲᠠ ᠪᠠ ᠢᠨᠲ᠋ᠧᠷ ᠰᠦᠯᠵᠢᠶᠡᠨ ᠤ ᠬᠥᠭᠵᠢᠯᠲᠡ ᠶᠢᠨ ᠬᠠᠨᠳᠤᠰᠢ ᠳᠤ ᠨᠡᠶᠢᠴᠡᠭᠦᠯᠦᠨ᠂ ᠥᠷᠭᠡᠨ ᠪᠦᠰᠡᠲᠦ | ᠥᠪᠥᠷ ᠮᠣᠩᠭᠤᠯ ᠤᠨ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠡᠭᠦᠯᠡᠨ ᠪᠤᠳᠤᠯᠳᠠ ᠶᠢᠨ ᠲᠤᠭ᠎ᠠ ᠪᠠᠷᠢᠮᠲᠠ ᠶᠢᠨ | ᠲᠥᠪ ᠢ ᠡᠮᠬᠢ ᠵᠢᠷᠤᠮ ᠲᠠᠢ ᠪᠠᠶᠢᠭᠤᠯᠤᠨ᠂ ︽ᠭᠤᠷᠪᠠᠨ ᠲᠣᠣᠷ ᠤᠨ ᠨᠡᠶᠢᠯᠡᠯ︾ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ | ᠪᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠵᠡᠷᠭᠡ ᠪᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ | ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠦ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠪᠣᠢ | ᠪᠣᠯᠭᠠᠬᠤ ᠪᠠ ᠣᠯᠠᠨ ᠨᠡᠶᠢᠲᠡ ᠶᠢᠨ ᠪᠦᠲᠦᠭᠡᠭᠳᠡᠬᠦᠨ᠂ ᠤᠯᠠᠨ ᠨᠡᠶᠢᠳᠡ ᠶᠢᠨ ᠦᠢᠯᠡᠴᠢᠯᠡᠭᠡᠨ ᠢ ᠨᠡᠮᠡᠭᠳᠡᠭᠦᠯᠬᠦ ᠶᠢᠨ ︽ | ᠬᠤᠣᠰ ᠬᠥᠳᠡᠯᠭᠡᠭᠦᠷ︾ ᠲᠤ ᠬᠦᠴᠦᠲᠡᠶ ᠲᠦᠰᠢᠭ ᠲᠤᠯᠭᠠᠭᠤᠷᠢ ᠬᠠᠩᠭᠠᠨ᠎ᠠ᠃ | ᠬᠥᠲᠥᠯᠥᠭᠴᠢ᠄ | ᠰᠢᠨ᠎ᠡ ᠶᠢ ᠡᠭᠦᠳᠬᠦ ᠬᠥᠭᠵᠢᠯᠲᠡ ᠶᠢ ᠬᠡᠷᠬᠢᠨ ᠤᠶᠢᠯᠭᠠᠪᠠᠯ ᠵᠣᠬᠢᠬᠤ ᠪᠤᠢ︖ | ᠸᠠᠩ ᠶᠢᠨ ᠪᠦᠦ᠄ | ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠳᠠᠯᠠᠬᠤ ᠪᠣᠯ ᠮᠠᠨ ᠤ ᠣᠷᠣᠨ ᠤ ᠠᠵᠤ ᠠᠬᠤᠶ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠪᠠ ᠪᠡᠶᠡᠯᠡᠭᠦᠯᠬᠦ ᠶᠢᠨ ᠵᠠᠶᠢᠯᠠᠰᠢ ᠦᠭᠡᠢ | ᠰᠣᠩᠭᠤᠯᠲᠠ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ︽ᠲᠠᠪᠤᠨ ᠶᠡᠭᠡ ᠬᠥᠭᠵᠢᠯᠲᠡ ᠶᠢᠨ ᠣᠨᠤᠯᠵᠢᠬᠤᠨ︾ ᠤ | ᠬᠠᠮᠤᠭ ᠤᠨ ᠲᠡᠷᠢᠭᠦᠨ ᠤ ᠦᠭᠡ ᠨᠢ ᠳᠠᠷᠤᠶ ︽ᠰᠢᠨ᠎ᠡ ᠶᠢ ᠡᠭᠦᠳᠬᠦ ᠬᠦᠭᠵᠢᠯᠲᠡ︾ ᠪᠣᠯᠤᠨ᠎ᠠ᠃ ᠬᠡᠷᠪᠡ | ᠤᠯᠠᠮᠵᠢᠯᠠᠯᠲᠤ ᠬᠥᠭᠵᠢᠯᠲᠡ ᠨᠢ ᠨᠡᠮᠡᠬᠦ ᠲᠣᠮᠢᠶ᠎ᠠ ᠲᠠᠢ ᠠᠳᠠᠯᠢ ᠭᠡᠪᠡᠯ᠂ ᠰᠢᠨ᠎ᠡ ᠶᠢ ᠡᠭᠦᠳᠬᠦ ᠬᠦᠭᠵᠢᠯᠲᠡ ᠨᠢ ᠳᠠᠷᠤᠶ | ᠦᠷᠡᠵᠢᠭᠦᠯᠬᠦ ᠲᠣᠮᠢᠶ᠎ᠠ ᠮᠦᠨ᠃ ᠰᠢᠨ᠎ᠡ ᠶᠢ ᠡᠭᠦᠳᠬᠦ ᠬᠥᠭᠵᠢᠯᠲᠡ ᠨᠢ ᠬᠥᠭᠵᠢᠯᠲᠡ ᠶᠢᠨ ᠬᠥᠳᠡᠯᠭᠡᠬᠦ ᠬᠦᠴᠦᠨ ᠤ | ᠠᠰᠠᠭᠤᠳᠠᠯ ᠤᠨ ᠰᠢᠢᠳᠪᠦᠷᠢᠯᠡᠯᠲᠡ ᠶᠢ ᠴᠢᠬᠤᠯᠠᠴᠢᠯᠠᠬᠤ ᠳᠤ ᠣᠷᠤᠰᠢᠨ᠎ᠠ᠃ ᠮᠠᠨ ᠤ ᠣᠷᠣᠨ ᠤ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠣᠷᠤᠬᠤ ᠶᠢ ᠳᠠᠭᠠᠯᠳᠤᠨ᠂ ᠠᠵᠤ ᠠᠬᠤᠶ ᠶᠢᠨ ᠬᠥᠭᠵᠢᠯᠲᠡ ᠶᠢᠨ | ᠬᠤᠷᠳᠤᠴᠠ ᠨᠢ ᠳᠡᠭᠡᠳᠦ ᠬᠤᠷᠳᠤᠴᠠ ᠠᠴᠠ ᠪᠠᠨ ᠳᠤᠮᠳᠠ ᠳᠡᠭᠡᠳᠦ ᠬᠤᠷᠳᠤᠴᠠ ᠲᠡᠰᠢ ᠰᠢᠯᠵᠢᠵᠦ᠂ | ᠬᠥᠭᠵᠢᠯᠲᠡ ᠶᠢᠨ ᠠᠷᠭ᠎ᠠ ᠮᠠᠶ᠋ᠢᠭ ᠨᠢ ᠬᠡᠪᠴᠢᠶ᠎ᠡ ᠪᠣᠯᠤᠨ ᠬᠤᠷᠳᠤᠴᠠ ᠶᠢ ᠪᠦᠳᠦᠭᠦᠯᠢᠭ ᠢᠶᠠᠷ ᠨᠡᠮᠡᠭᠳᠡᠭᠦᠯᠬᠦ ᠠᠴᠠ ᠪᠠᠨ | ᠶᠠᠰᠤ ᠴᠢᠨᠠᠷ ᠪᠣᠯᠤᠨ ᠦᠷ᠎ᠡ ᠪᠦᠲᠦᠭᠡᠯ ᠤᠨ ᠡᠷᠴᠢᠮᠯᠢᠭ ᠨᠡᠮᠡᠭᠳᠡᠯ ᠲᠡᠰᠢ ᠬᠤᠪᠢᠷᠠᠨ᠂ ᠠᠵᠤ ᠠᠬᠤᠶ ᠶᠢᠨ | ᠪᠦᠲᠦᠴᠡ ᠨᠢ ᠨᠡᠮᠡᠭᠳᠡᠯ ᠤᠨ ᠴᠢᠳᠠᠮᠵᠢ ᠪᠠᠨ ᠥᠷᠭᠡᠳᠬᠡᠬᠦ ᠪᠠᠷ ᠭᠤᠣᠯᠯᠠᠵᠤ ᠪᠠᠶᠢᠭᠰᠠᠨ ᠠᠴᠠ ᠪᠠᠨ ᠬᠠᠳᠠᠭᠠᠯᠠᠯᠲᠠ ᠶᠢᠨ | ᠬᠡᠮᠵᠢᠶ᠎ᠡ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠶᠢ ᠵᠡᠷᠭᠡᠪᠡᠷ ᠠᠳᠬᠤᠵᠦ᠂ ᠡᠯᠧᠮᠧᠨ᠋ᠲ ᠤᠨ ᠥᠪᠡᠷ ᠤᠨ | ᠦᠷᠳᠡᠭ ᠤᠨ ᠳᠠᠪᠠᠭᠤᠯᠢᠭ ᠢᠶᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠣᠷᠣᠨ ᠵᠠᠶ ᠶᠢ ᠪᠠᠭᠠᠰᠬᠠᠵᠤ᠂ ᠡᠬᠢ | ᠪᠠᠶᠠᠯᠢᠭ ᠣᠷᠴᠢᠨ ᠲᠣᠭᠤᠷᠢᠨ ᠤ ᠥᠪᠡᠷ ᠤᠨ ᠦᠷᠳᠡᠭ ᠪᠠ ᠬᠥᠳᠡᠯᠮᠦᠷᠢ ᠶᠢᠨ ᠬᠦᠴᠦᠨ ᠤ ᠥᠪᠡᠷ ᠤᠨ ᠦᠷᠳᠡᠭ ᠢ | ᠦᠷᠭᠦᠯᠵᠢᠯᠡᠨ ᠳᠡᠭᠡᠭᠰᠢᠯᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠪᠡᠯᠡ | ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠢ ᠨᠢᠭᠡᠨᠲᠡ ᠨᠡᠯᠢᠶᠡᠳ ᠥᠨᠳᠥᠷ ᠬᠡᠮᠵᠢᠶᠡᠨ ᠳᠤ ᠬᠦᠷᠦᠭᠦᠯᠦᠭᠰᠡᠨ | ᠪᠠᠶᠢᠨ᠎ᠠ᠃ ᠮᠠᠨ ᠤ ᠣᠷᠣᠨ ᠤ ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ ᠤᠨ ᠭᠦᠨᠵᠡᠭᠡᠶᠢᠷᠡᠨ | ᠬᠤᠪᠢᠷᠠᠬᠤ ᠶᠢ ᠳᠠᠭᠠᠯᠳᠤᠨ᠂ ᠪᠢᠳᠡᠨ ᠤ ᠬᠥᠭᠵᠢᠯᠲᠡ ᠶᠢᠨ ᠬᠥᠳᠡᠯᠭᠡᠭᠴᠢ ᠬᠦᠴᠦᠨ ᠨᠢ ᠡᠬᠢ ᠪᠠᠶᠠᠯᠢᠭ ᠪᠠ | ᠦᠪᠡᠷ ᠤᠨ ᠦᠷᠲᠡᠭ ᠪᠠᠭᠠᠲᠠᠢ ᠬᠥᠳᠡᠯᠮᠦᠷᠢ ᠶᠢᠨ ᠬᠦᠴᠦᠨ ᠵᠡᠷᠭᠡ ᠴᠢᠬᠤᠯᠠ ᠡᠯᠧᠮᠧᠨ᠋ᠲ ᠤᠨ ᠣᠷᠣᠭᠤᠯᠤᠯᠲᠠ ᠶᠢ | ᠭᠤᠣᠯᠯᠠᠨ ᠲᠦᠰᠢᠭᠯᠡᠵᠦ ᠪᠠᠶᠢᠭᠰᠠᠨ ᠠᠴᠠ ᠪᠠᠨ ᠡᠷᠬᠡᠪᠰᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠵᠦᠭ | ᠰᠢᠯᠵᠢᠵᠦ᠂ ᠰᠢᠨ᠎ᠡ ᠶᠢ ᠡᠭᠦᠳᠬᠦ ᠶᠠᠪᠤᠳᠠᠯ ᠢ ᠬᠥᠭᠵᠢᠯᠲᠡ ᠶᠢᠨ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ | ᠲᠠᠯᠪᠢᠬᠤ ᠶᠢ ᠪᠠᠷᠢᠮᠳᠠᠯᠠᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠣᠨᠤᠯᠵᠢᠬᠤᠨ ᠤ ᠰᠢᠨᠡᠴᠢᠯᠡᠯᠲᠡ᠂ ᠪᠠᠶᠢᠭᠤᠯᠤᠯ ᠤᠨ ᠰᠢᠨᠡᠴᠢᠯᠡᠯᠲᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨᠡᠴᠢᠯᠡᠯᠲᠡ᠂ ᠰᠣᠶᠣᠯ ᠤᠨ ᠰᠢᠨᠡᠴᠢᠯᠡᠯᠲᠡ ᠵᠡᠷᠭᠡ ᠡᠯ᠎ᠡ ᠲᠠᠯ᠎ᠠ ᠪᠠᠷ ᠰᠢᠨ᠎ᠡ ᠶᠢ | ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠡᠯᠧᠮᠧᠨ᠋ᠲ ᠤᠨ ᠲᠥᠷᠥᠯᠬᠢ ᠠᠪᠢᠶᠠᠰ ᠪᠦᠲᠦᠴᠡ ᠶᠢ | ᠰᠠᠶᠢᠵᠢᠷᠠᠭᠤᠯᠤᠨ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠦ᠂ ᠬᠥᠭᠵᠢᠯᠲᠡ ᠶᠢᠨ | ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠷᠢᠰᠢᠯ ᠤᠨ ᠪᠦᠷᠢᠯᠳᠦᠯ ᠢ ᠲᠦᠷᠭᠡᠳᠬᠡᠨ᠎ᠡ᠃ ᠣᠳᠣᠬᠠᠨ ᠳᠤ᠂ ᠮᠠᠨ ᠤ ᠣᠷᠣᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶ ᠬᠢᠷᠢ ᠬᠡᠮᠵᠢᠶ᠎ᠡ ᠥᠨᠳᠥᠷ ᠪᠢᠰᠢ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠠᠨᠢ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠥᠨᠳᠥᠷ ᠪᠢᠰᠢ᠂ | ᠬᠡᠷᠪᠡ ᠰᠢᠨ᠎ᠡ ᠶᠢ ᠡᠭᠦᠳᠬᠦ ᠬᠦᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠦᠭᠡᠢ ᠪᠣᠯ᠂ ᠬᠥᠭᠵᠢᠯᠲᠡ ᠶᠢᠨ | ᠬᠥᠳᠡᠯᠭᠡᠬᠦ ᠬᠦᠴᠦᠨ ᠤ ᠬᠤᠪᠢᠷᠠᠯᠲᠠ ᠶᠢ ᠪᠡᠶᠡᠯᠡᠭᠦᠯᠵᠦ ᠴᠢᠳᠠᠬᠤ ᠦᠭᠡᠢ ᠪᠣᠯᠵᠤ᠂ ᠥᠷᠢᠰᠥᠯᠳᠦᠭᠡᠨ ᠤ ᠳᠤᠮᠳᠠ | ᠪᠠᠭᠤᠷᠠᠶ ᠪᠠᠶᠢᠷᠢᠨ ᠳᠤ ᠣᠷᠤᠰᠢᠬᠤ ᠪᠣᠯᠤᠨ᠎ᠠ᠃ ᠡᠶᠢᠮᠦ ᠠᠴᠠ᠂ ᠪᠢᠳᠡ ᠨᠠᠷ ᠰᠢᠨ᠎ᠡ ᠶᠢ ᠡᠭᠦᠳᠬᠦ ᠶᠠᠪᠤᠳᠠᠯ ᠢ | ᠡᠷᠬᠡᠪᠰᠢ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠵᠤ᠂ | ᠴᠢᠳᠠᠪᠤᠷᠢᠲᠠᠨ ᠢᠶᠠᠷ ᠬᠥᠭᠵᠢᠯᠲᠡ ᠶᠢ ᠲᠤᠯᠭᠠᠭᠤᠷᠢᠯᠠᠬᠤ ᠨᠢᠭᠡᠳᠦᠭᠡᠷ ᠡᠬᠢ ᠪᠠᠶᠠᠯᠢᠭ ᠪᠣᠯᠭᠠᠨ᠂ ᠰᠢᠨ᠎ᠡ ᠶᠢ ᠡᠭᠦᠳᠬᠦ | ᠪᠠᠷ ᠬᠥᠲᠥᠯᠥᠨ ᠳᠠᠭᠠᠭᠤᠯᠤᠭᠰᠠᠨ ᠪᠠ ᠲᠤᠯᠭᠠᠭᠤᠷᠢᠯᠠᠭᠰᠠᠨ ᠠᠵᠤ ᠠᠬᠤᠶ ᠶᠢᠨ ᠰᠢᠰᠲ᠋ᠧᠮᠵᠢ ᠪᠣᠯᠤᠨ | ᠬᠥᠭᠵᠢᠯᠲᠡ ᠶᠢᠨ ᠵᠠᠭᠪᠤᠷ ᠤᠨ ᠪᠦᠷᠢᠯᠳᠦᠯ ᠢ ᠲᠦᠷᠭᠡᠳᠬᠡᠨ᠎ᠡ᠃ | ᠬᠥᠲᠥᠯᠥᠭᠴᠢ᠄ | ︽13· 5︾ ᠶᠢᠨ ᠬᠤᠭᠤᠴᠠᠭᠠᠨ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ | ᠳᠠᠮᠵᠢᠭᠤᠯᠤᠨ ᠮᠠᠨ ᠤ ᠣᠷᠣᠨ ᠤ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠡᠷᠬᠢᠨ ᠳᠡᠭᠡᠭᠰᠢᠯᠡᠭᠦᠯᠬᠦ | ᠪᠤᠢ︖ | ᠸᠠᠩ ᠶᠢᠨ ᠪᠣᠣ᠄ | ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ᠂ ᠬᠥᠭᠵᠢᠯᠲᠡ ᠶᠢᠨ ᠰᠠᠭᠤᠷᠢ ᠴᠡᠭ ᠢ ᠡᠷᠬᠡᠪᠰᠢ ᠰᠢᠨ᠎ᠡ ᠶᠢ | ᠡᠭᠦᠳᠬᠦ ᠳᠡᠭᠡᠷ᠎ᠡ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ᠂ ᠬᠦᠴᠦᠨ ᠵᠦᠢᠯ᠂ ᠠᠵᠤ ᠦᠢᠯᠡᠰ᠂ ᠦᠢᠯᠡᠳᠬᠦᠨ᠂ | ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ᠂ ᠨᠡᠷᠡᠳᠥ ᠲᠥᠷᠥᠯ ᠲᠡᠮᠳᠡᠭᠲᠦ᠂ ᠡᠵᠡᠩᠨᠡᠯᠲᠡ ᠶᠢᠨ ᠬᠡᠯᠪᠡᠷᠢ ᠪᠠᠶᠢᠳᠠᠯ᠂ | ᠬᠤᠳᠠᠯᠳᠤᠭᠠᠨ ᠤ ᠵᠠᠭᠪᠤᠷ ᠤᠨ ᠪᠦᠬᠦ ᠲᠠᠯ᠎ᠠ ᠶᠢᠨ ᠰᠢᠨ᠎ᠡ ᠡᠭᠦᠳᠦᠯᠲᠡ ᠶᠢ ᠲᠦᠯᠬᠢᠨ ᠠᠬᠢᠭᠤᠯᠵᠤ᠂ ᠰᠢᠨ᠎ᠡ ᠶᠢ | ᠡᠭᠦᠳᠬᠦ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠬᠢᠵᠠᠭᠠᠷᠯᠠᠬᠤ ᠬᠠᠷᠰᠢ ᠰᠠᠭᠠᠳ ᠢ ᠠᠷᠢᠯᠭᠠᠵᠤ᠂ ᠰᠢᠨ᠎ᠡ | ᠡᠭᠦᠳᠦᠯᠲᠡ ᠪᠠᠷ ᠠᠵᠤ ᠠᠬᠤᠶ ᠶᠢᠨ ᠥᠰᠥᠯᠲᠡ ᠶᠢ ᠳᠠᠶᠢᠴᠢᠯᠠᠬᠤ᠂ ᠪᠦᠲᠦᠴᠡ ᠶᠢᠨ ᠰᠢᠯᠢᠳᠡᠭᠵᠢᠭᠦᠯᠦᠯᠲᠡ ᠶᠢ | ᠲᠦᠯᠬᠢᠨ ᠠᠬᠢᠭᠤᠯᠬᠤ᠂ ᠬᠥᠳᠡᠯᠭᠡᠭᠴᠢ ᠬᠦᠴᠦᠨ ᠤ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ | ᠦᠷᠡᠵᠢᠭᠦᠯᠦᠭᠴᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠶᠤᠮ᠃ ︽ᠬᠥᠲᠥᠯᠪᠦᠷᠢ︾ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠬᠤ᠂ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ | ᠠᠬᠢᠭᠤᠯᠬᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠲᠦᠯᠬᠢᠨ ᠠᠬᠢᠭᠤᠯᠬᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ︔ ᠠᠵᠤ ᠠᠬᠤᠶ ᠶᠢᠨ ᠦᠨᠳᠦᠰᠦᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠨ | ᠪᠦᠷᠢᠨᠰᠢᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠩᠭᠠᠳᠬᠠᠬᠤ᠂ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ | ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠴᠢᠩᠭᠠᠳᠬᠠᠬᠤ ᠶᠢᠨ ᠲᠣᠭᠤᠷᠢᠨ ᠳᠤ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ︔ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠲᠥᠷᠭᠡᠳᠬᠡᠨ ᠬᠤᠪᠢᠷᠠᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠲᠣᠭᠤᠷᠢᠨ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ︔ ᠬᠦᠷᠢᠶᠡᠯᠡᠩ ᠲᠣᠭᠤᠷᠢᠭ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠪᠣᠯᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠪᠦᠷᠢᠨᠰᠢᠭᠦᠯᠬᠦ᠂ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠲᠣᠭᠤᠷᠢᠨ ᠳᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠶ ᠶᠢ | ᠥᠷᠭᠡᠳᠬᠡᠬᠦ ᠬᠡᠷᠡᠭᠲᠡᠢ︔ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ᠂ ᠪᠡᠶ᠎ᠡ ᠪᠠᠨ ᠳᠠᠭᠠᠭᠠᠬᠤ | ᠨᠡᠷᠡᠳᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠶᠠᠰᠤ ᠴᠢᠨᠠᠷ ᠪᠣᠯᠣᠨ | ᠨᠡᠷᠡᠳᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ︽ᠢᠨᠲ᠋ᠧᠷ ᠰᠦᠯᠵᠢᠶ᠎ᠡ +︾ | ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠬᠦ᠂ ᠲᠣᠮᠣ ᠳ᠋ᠠᠶᠢᠲ᠋ᠠ ᠶᠢᠨ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ ᠢᠨᠲ᠋ᠧᠷ ᠰᠦᠯᠵᠢᠶᠡᠨ ᠤ ᠠᠵᠤ ᠠᠬᠤᠶ ᠵᠡᠷᠭᠡ 6 ᠰᠢᠨ᠎ᠡ ᠶᠢ ᠡᠭᠦᠳᠬᠦ ᠬᠥᠭᠵᠢᠯᠲᠡ ᠶᠢᠨ ᠬᠦᠴᠦᠯᠡᠬᠦ | ᠴᠢᠭ᠋ ᠪᠣᠯᠣᠨ 20 ᠵᠦᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠡᠭᠦᠷᠭᠡ ᠶᠢ ᠲᠦᠯᠬᠢᠨ ᠠᠬᠢᠭᠤᠯᠬᠤ ᠬᠡᠷᠡᠭᠲᠡᠢ᠃ | ᠡᠳᠡᠭᠡᠷ ᠰᠢᠨ᠎ᠡ ᠶᠢ ᠡᠭᠦᠳᠬᠦ ᠬᠥᠭᠵᠢᠯᠲᠡ ᠶᠢᠨ ᠡᠭᠦᠷᠭᠡ ᠮᠠᠨ ᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ | ᠰᠢᠨ᠎ᠡ ᠶᠢ ᠡᠭᠦᠳᠬᠦ ᠬᠥᠭᠵᠢᠯᠲᠡ ᠶᠢ ᠬᠡᠷᠡᠭᠵᠢᠭᠦᠯᠬᠦ ᠵᠠᠮ ᠮᠦᠷ ᠢ ᠵᠢᠷᠤᠭᠯᠠᠵᠤ᠂ ᠮᠠᠨ ᠤ ᠣᠷᠣᠨ ᠤ ᠬᠥᠭᠵᠢᠯᠲᠡ ᠨᠢ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠨᠡᠩ ᠢᠯᠡᠭᠦᠦ ᠲᠦᠰᠢᠭᠯᠡᠬᠦ ᠶᠢ ᠬᠥᠲᠥᠯᠥᠨ ᠳᠠᠭᠠᠭᠤᠯᠬᠤ | ᠬᠡᠷᠡᠭᠲᠡᠢ ᠭᠡᠵᠦ ᠳᠤᠷᠠᠳᠤᠨ ᠭᠠᠷᠭᠠᠵᠠᠢ᠃ | ︽13 · 5︾ ᠶᠢᠨ ᠬᠤᠭᠤᠴᠠᠭᠠᠨ ᠳᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠨᠢ ᠰᠢᠨ᠎ᠡ | ᠡᠭᠦᠳᠦᠯᠲᠡ ᠶᠢ ᠥᠪᠡᠷᠲᠡᠭᠡᠨ ᠵᠠᠰᠠᠬᠤ ᠣᠷᠣᠨ ᠤ ᠬᠤᠶᠢᠰᠢᠲᠠ ᠶᠢᠨ ᠲᠠᠪᠤᠨ ᠵᠢᠯ ᠳᠠᠬᠢ ᠠᠯᠢᠪᠠ ᠠᠵᠢᠯ ᠳᠤ | ᠲᠤᠤᠱᠯᠠᠭᠤᠯᠵᠤ᠂ ᠰᠢᠨ᠎ᠡ ᠶᠢ ᠡᠭᠦᠳᠬᠦ ᠶᠢ ᠪᠦᠬᠦ ᠨᠡᠶᠢᠭᠡᠮ ᠤᠨ ᠬᠡᠪ ᠵᠠᠩᠰᠢᠯ ᠪᠣᠯᠭᠠᠨ᠎ᠠ᠃ ︽ᠬᠥᠲᠥᠯᠪᠦᠷᠢ︾ ᠳᠤ | ᠳᠤᠷᠠᠳᠤᠭᠰᠠᠨ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠬᠡᠮᠵᠢᠶ᠎ᠡ ᠨᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠲᠠᠯ᠎ᠠ ᠳᠤ ᠬᠤᠯᠪᠤᠭᠳᠠᠨ᠎ᠠ᠃ ︽ᠬᠥᠲᠥᠯᠪᠦᠷᠢ︾ ᠶᠢᠨ ᠱᠠᠭᠠᠷᠳᠠᠯᠭ᠎ᠠ ᠶᠢ ᠰᠠᠶᠢᠲᠤᠷ | ᠲᠤᠤᠱᠯᠠᠭᠤᠯᠤᠨ ᠨᠠᠶᠢᠳᠠᠪᠤᠷᠢᠵᠢᠭᠤᠯᠪᠠᠯ᠂ ᠪᠢᠳᠡ ᠰᠠᠶ᠋ᠢ ᠤᠨᠤᠯ ᠤᠨ ᠰᠢᠨ᠎ᠡ ᠶᠢ ᠡᠭᠦᠳᠬᠦ᠂ ᠪᠠᠶᠢᠭᠤᠯᠤᠯ ᠤᠨ | ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ | ᠵᠡᠷᠭᠡ ᠡᠯ᠎ᠡ ᠲᠠᠯ᠎ᠠ ᠪᠠᠷ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠬᠥᠭᠵᠢᠯᠲᠡ ᠶᠢᠨ | ᠶᠠᠰᠤ ᠴᠢᠨᠠᠷ ᠢ ᠨᠡᠩ ᠰᠠᠶᠢᠨ᠂ ᠦᠷ᠎ᠡ ᠠᠰᠢᠭ ᠢ ᠨᠡᠩ ᠥᠨᠳᠥᠷ᠂ ᠪᠦᠲᠦᠴᠡ ᠢ ᠨᠡᠩ ᠰᠢᠯᠢᠳᠡᠭ ᠪᠣᠯᠭᠠᠵᠤ | ᠴᠢᠳᠠᠨ᠎ᠠ᠃ | ᠬᠥᠲᠥᠯᠥᠭᠴᠢ᠄ | ᠵᠣᠬᠢᠴᠠᠩᠭᠤᠶ ᠬᠥᠭᠵᠢᠯᠲᠡ ᠶᠢ ᠬᠡᠷᠬᠢᠨ ᠣᠶᠢᠯᠠᠭᠠᠪᠠᠯ ᠵᠣᠬᠢᠬᠤ ᠪᠤᠢ︖ | ᠸᠠᠩ ᠶᠢᠨ ᠪᠦᠦ᠄ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠳᠤ ᠲᠥᠪᠯᠡᠷᠡᠭᠦᠯᠦᠨ᠂ ᠵᠣᠬᠢᠴᠠᠩᠭᠤᠢ | ᠬᠥᠭᠵᠢᠯᠲᠡ ᠶᠢᠨ ᠣᠨᠣᠯᠵᠢᠬᠤᠨ ᠢ ᠳᠤᠷᠠᠳᠴᠤ᠂ ᠬᠥᠭᠵᠢᠯᠲᠡ ᠶᠢᠨ ᠳᠤᠲᠠᠭᠤ ᠲᠠᠯ᠎ᠠ ᠶᠢ ᠨᠥᠬᠦᠪᠦᠷᠢᠯᠡᠬᠦ ᠪᠠᠷ | ᠵᠣᠷᠢᠯᠭ᠎ᠠ ᠪᠣᠯᠭᠠᠵᠤ᠂ ᠬᠥᠭᠵᠢᠯᠲᠡ ᠶᠢᠨ ᠲᠡᠩᠴᠡᠭᠦᠷᠢ ᠦᠭᠡᠢ ᠠᠰᠠᠭᠤᠳᠠᠯ ᠢ ᠰᠢᠢᠳᠪᠦᠷᠢᠯᠡᠬᠦ ᠪᠣᠯ ᠬᠠᠷᠠᠯᠲᠠ ᠶᠢᠨ | ᠤᠳᠤᠷᠢᠳᠤᠮᠵᠢ ᠪᠣᠯᠣᠨ ᠠᠰᠠᠭᠤᠳᠠᠯ ᠤᠨ ᠤᠳᠤᠷᠢᠳᠤᠮᠵᠢ ᠶᠢᠨ ᠨᠢᠭᠡᠳᠦᠯ ᠪᠣᠯᠬᠤ ᠶᠢ ᠬᠠᠷᠠᠭᠤᠯᠵᠤ᠂ ᠠᠯᠤᠰ | ᠢᠷᠡᠭᠡᠳᠦᠢ ᠪᠠᠷ ᠵᠣᠭᠰᠤᠴᠠ ᠪᠠᠨ ᠪᠣᠯᠭᠠᠵᠤ᠂ ᠪᠦᠬᠦ ᠲᠠᠯ᠎ᠠ ᠶᠢ ᠪᠣᠳᠣᠯᠬᠢᠯᠠᠭᠰᠠᠨ ᠪᠠᠶᠢᠯᠳᠤᠬᠤ ᠪᠤᠳᠤᠯᠭ᠎ᠠ ᠶᠢᠨ | ᠪᠣᠳᠣᠯᠬᠢᠯᠠᠯ ᠪᠣᠯᠬᠤ ᠶᠤᠮ᠃ ᠥᠭᠡᠷᠡᠴᠢᠯᠡᠯᠲᠡ ᠨᠡᠭᠡᠭᠡᠯᠲᠡ ᠬᠢᠭᠰᠡᠨ 30 ᠭᠠᠷᠤᠶ ᠵᠢᠯ ᠤᠨ ᠲᠦᠷᠭᠡᠨ | ᠬᠥᠭᠵᠢᠯᠲᠡ ᠪᠠᠷ ᠳᠠᠮᠵᠢᠭᠠᠳ᠂ ᠥᠪᠥᠷ ᠮᠣᠩᠭᠤᠯ ᠪᠥᠬᠦ ᠤᠯᠤᠰ ᠲᠠᠢ ᠠᠳᠠᠯᠢᠬᠠᠨ ᠢᠶᠠᠷ ᠲᠡᠩᠴᠡᠭᠦᠷᠢ ᠦᠭᠡᠢ᠂ | ᠵᠣᠬᠢᠴᠠᠩᠭᠤᠶ ᠪᠤᠰᠤ᠂ ᠥᠷᠭᠦᠯᠵᠢᠯᠡᠭᠦᠶᠢᠴᠡ ᠪᠤᠰᠤ ᠮᠡᠳᠦ ᠶᠢᠨ ᠠᠯᠢ ᠤᠯᠠᠨ ᠠᠰᠠᠭᠤᠳᠠᠯ ᠳᠤ ᠲᠤᠯᠭᠠᠷᠠᠵᠤ ᠪᠠᠶᠢᠨ᠎ᠠ᠃ | ᠣᠷᠣᠨ ᠪᠦᠰᠡ ᠶᠢᠨ ᠵᠥᠷᠢᠶ᠎ᠡ᠂ ᠬᠤᠲᠠ ᠬᠥᠳᠡᠭᠡ ᠶᠢᠨ ᠵᠥᠷᠢᠶ᠎ᠡ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠵᠥᠷᠢᠶ᠎ᠡ ᠠᠴᠠ ᠠᠪᠤᠭᠠᠳ ᠠᠵᠤ ᠠᠬᠤᠶ ᠶᠢᠨ ᠪᠦᠲᠦᠴᠡ᠂ ᠠᠵᠤ ᠦᠢᠯᠡᠰ ᠤᠨ ᠪᠦᠲᠦᠴᠡ ᠶᠢᠨ ᠵᠦᠢ ᠵᠣᠬᠢᠰ ᠥᠭᠡᠢ | ᠠᠰᠠᠭᠤᠳᠠᠯ ᠬᠦᠷᠲᠡᠯ᠎ᠡ᠂ ᠬᠥᠭᠵᠢᠯᠲᠡ ᠶᠢᠨ ᠳᠤᠮᠳᠠᠬᠢ ᠲᠡᠩᠴᠡᠭᠦᠷᠢ ᠦᠭᠡᠢ᠂ ᠵᠣᠬᠢᠴᠠᠩᠭᠤᠶ ᠪᠤᠰᠤ᠂ | ᠥᠷᠭᠦᠯᠵᠢᠯᠡᠭᠦᠶᠢᠴᠡ ᠪᠤᠰᠤ ᠠᠰᠠᠭᠤᠳᠠᠯ ᠮᠥᠨ ᠬᠦ ᠲᠤᠪᠤᠶᠢᠮ᠎ᠠ ᠣᠷᠣᠰᠢᠵᠤ᠂ ᠬᠥᠭᠵᠢᠯᠲᠡ ᠶᠢᠨ ᠣᠨᠣᠯᠵᠢᠬᠤᠨ | ᠪᠣᠯᠤᠨ ᠬᠡᠯᠪᠡᠷᠢ ᠶᠢᠨ ᠭᠦᠨᠵᠡᠭᠡᠶ ᠬᠤᠪᠢᠷᠠᠯᠲᠠ ᠡᠭᠦᠰᠬᠦ ᠶᠢ ᠨᠡᠩ ᠬᠤᠷᠳᠤᠳᠬᠠᠪᠠ᠃ ᠵᠣᠬᠢᠴᠠᠩᠭᠤᠶ ᠬᠥᠭᠵᠢᠯᠲᠡ ᠶᠢ | ᠪᠠᠷᠢᠮᠲᠠᠯᠠᠬᠤ ᠳᠤ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠬᠠᠷᠢᠴᠠᠭ᠎ᠠ ᠶᠢ ᠡᠷᠬᠡᠪᠰᠢ ᠵᠥᠪ ᠢᠶᠠᠷ ᠰᠢᠢᠳᠪᠦᠷᠢᠯᠡᠨ᠂ | ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ | ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ | ᠴᠡᠴᠡᠭᠯᠡᠨ ᠬᠥᠭᠵᠢᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ | ᠬᠤᠳᠠ ᠪᠠᠯᠭᠠᠰᠤᠵᠢᠯᠳᠡ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠡᠷᠭᠡ ᠪᠠᠷ ᠬᠥᠭᠵᠢᠬᠦ ᠶᠢ | ᠠᠬᠢᠭᠤᠯᠤᠨ᠂ ᠭᠠᠵᠠᠷ ᠣᠷᠣᠨ ᠤ ᠬᠠᠲᠠᠭᠤ ᠪᠣᠳᠠᠲᠤ ᠬᠦᠴᠦᠨ ᠢ ᠨᠡᠮᠡᠭᠳᠡᠭᠦᠯᠬᠦ ᠶᠢᠨ ᠬᠠᠮᠲᠤ ᠵᠥᠭᠡᠯᠡᠨ ᠪᠣᠳᠠᠲᠤ | ᠬᠦᠴᠦᠨ ᠢ ᠳᠡᠭᠡᠭᠰᠢᠯᠡᠭᠦᠯᠬᠦ ᠶᠢ ᠴᠤ ᠴᠢᠬᠤᠯᠠᠴᠢᠯᠠᠵᠤ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ ᠢ | ᠲᠠᠰᠤᠷᠠᠯᠲᠠ ᠦᠭᠡᠢ ᠴᠢᠩᠭᠠᠷᠠᠭᠤᠯᠪᠠ᠃ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠬᠤ ᠪᠣᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠢᠷᠡᠭᠡᠳᠦᠶ ᠶᠢ ᠪᠣᠳᠣᠯᠬᠢᠯᠠᠨ᠂ ᠪᠦᠬᠦ ᠲᠠᠯ᠎ᠠ ᠶᠢ ᠲᠥᠯᠥᠪᠯᠡᠬᠦ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠳᠤ ᠴᠢᠬᠤᠯᠠ ᠶᠡᠭᠡ ᠤᠨᠤᠯ ᠤᠨ ᠠᠴᠢ ᠬᠤᠯᠪᠣᠭᠳᠠᠯ ᠪᠣᠯᠣᠨ ᠦᠢᠯᠡᠳᠦᠯᠭᠡ ᠶᠢᠨ ᠵᠢᠯᠣᠭᠤᠳᠬᠤ | ᠦᠢᠯᠡᠳᠦᠯ ᠲᠠᠢ ᠪᠢᠯᠡ᠂ ᠥᠪᠥᠷ ᠮᠣᠩᠭᠤᠯ ᠤᠨ ︽13 · 5︾ ᠶᠢᠨ ᠬᠤᠭᠤᠴᠠᠭᠠᠨ ᠳᠤ ᠲᠡᠷᠡᠴᠢᠯᠡᠨ ᠨᠡᠩ ᠤᠷᠳᠤ | ᠬᠤᠭᠤᠴᠠᠭᠠᠨ ᠳᠤ ᠡᠷᠬᠡᠪᠰᠢ ᠪᠠᠷᠢᠮᠲᠠᠯᠠᠬᠤ ᠪᠠ ᠲᠤᠤᠱᠯᠠᠭᠤᠯᠬᠤ ᠬᠡᠷᠡᠭᠲᠡᠢ ᠬᠥᠭᠵᠢᠯᠲᠡ ᠶᠢᠨ ᠴᠢᠬᠤᠯᠠ | ᠣᠨᠣᠯᠵᠢᠬᠤᠨ ᠤ ᠨᠢᠭᠡ ᠪᠣᠯᠤᠨ᠎ᠠ᠃ | ᠬᠥᠲᠥᠯᠥᠭᠴᠢ᠄ | ︽13 · 5︾ ᠶᠢᠨ ᠬᠤᠭᠤᠴᠠᠭᠠᠨ ᠳᠤ᠂ ᠵᠣᠬᠢᠴᠠᠩᠭᠤᠶ ᠬᠥᠭᠵᠢᠯᠲᠡ ᠪᠠᠷ ᠮᠠᠨ ᠤ ᠣᠷᠣᠨ ᠤ | ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ ᠢ ᠬᠡᠷᠬᠢᠨ ᠴᠢᠩᠭᠠᠳᠬᠠᠬᠤ ᠪᠣᠢ︖ | ᠸᠠᠩ ᠶᠢᠨ ᠪᠦᠦ᠄ | ︽ᠬᠥᠲᠥᠯᠪᠦᠷᠢ︾ ᠳᠤ ᠳᠤᠷᠠᠳᠤᠨ ᠭᠠᠷᠭᠠᠭᠰᠠᠨ ᠨᠢ᠂ ᠵᠣᠬᠢᠴᠠᠭᠤᠯᠬᠤ ᠪᠣᠯ ᠦᠷᠭᠦᠯᠵᠢᠯᠡᠨ ᠡᠷᠡᠭᠦᠯ ᠢᠶᠠᠷ | ᠬᠥᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠬᠤ ᠳᠤ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠶᠢ ᠡᠷᠬᠡᠪᠰᠢ | ᠪᠠᠲᠤ ᠡᠵᠡᠮᠰᠢᠵᠦ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠨ᠂ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ᠂ ᠪᠣᠳᠠᠰ ᠤᠨ | ᠪᠣᠯᠪᠠᠰᠤᠨ ᠪᠣᠯᠣᠨ ᠤᠶᠤᠨ ᠤ ᠪᠣᠯᠪᠠᠰᠤᠨ ᠤ ᠵᠣᠬᠢᠴᠠᠩᠭᠤᠶ ᠬᠥᠭᠵᠢᠯᠲᠡ᠂ ᠴᠡᠷᠢᠭ ᠠᠷᠠᠳ ᠤᠶᠠᠯᠳᠤᠭᠰᠠᠨ | ᠬᠥᠭᠵᠢᠯᠲᠡ ᠶᠢ ᠬᠦᠴᠦᠯᠡᠨ ᠠᠬᠢᠭᠤᠯᠵᠤ᠂ ᠮᠠᠨ ᠤ ᠣᠷᠣᠨ ᠤ ︽13 · 5︾ ᠶᠢᠨ ᠬᠤᠭᠤᠴᠠᠭᠠᠨ ᠤ ᠪᠦᠬᠦᠯᠢ | ᠴᠤᠭᠴᠠ ᠶᠢᠨ ᠴᠢᠨᠠᠷ ᠲᠠᠢ ᠬᠥᠭᠵᠢᠯᠲᠡ ᠶᠢᠨ ᠰᠢᠨ᠎ᠡ ᠪᠠᠶᠢᠷᠢᠯᠠᠭᠤᠯᠤᠯᠲᠠ ᠢ ᠲᠣᠶᠢᠮᠣᠯᠠᠨ ᠵᠢᠷᠤᠭᠯᠠᠬᠤ ᠬᠡᠷᠡᠭᠲᠡᠢ | ᠭᠡᠵᠡᠢ᠃ | ᠵᠣᠬᠢᠴᠠᠩᠭᠤᠶ ᠬᠥᠭᠵᠢᠯᠲᠡ ᠶᠢ ᠪᠠᠷᠢᠮᠳᠠᠯᠠᠬᠤ ᠳᠤ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢ ᠦᠭᠡᠢ | ᠳᠤᠲᠠᠭᠤ ᠲᠠᠯ᠎ᠠ ᠶᠢ ᠬᠦᠴᠦᠯᠡᠨ ᠨᠥᠬᠦᠪᠦᠷᠢᠯᠡᠬᠦ ᠬᠡᠷᠡᠭᠲᠡᠢ᠃ ︽ᠬᠥᠲᠦᠯᠪᠦᠷᠢ︾ ᠳᠤ ᠳᠤᠷᠠᠳᠤᠨ ᠭᠠᠷᠭᠠᠭᠰᠠᠨ ᠨᠢ᠂ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠳᠤ ᠭᠤᠤᠯᠳᠠᠭᠤ ᠬᠥᠬᠡᠬᠤᠲᠠ ᠪᠤᠭᠤᠲᠤ | ᠤᠷᠳᠤᠰ ᠤᠨ ᠬᠠᠮᠵᠢᠯᠴᠠᠨ ᠬᠥᠭᠵᠢᠬᠦ ᠶᠢ ᠲᠥᠯᠬᠢᠨ ᠠᠬᠢᠭᠤᠯᠬᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠥᠯᠬᠢᠨ ᠠᠬᠢᠭᠤᠯᠬᠤ᠂ ᠵᠡᠭᠦᠨ ᠣᠷᠣᠨ ᠤ ᠲᠥᠷᠭᠡᠨ | ᠬᠥᠭᠵᠢᠯᠲᠡ ᠶᠢ ᠲᠥᠯᠬᠢᠨ ᠠᠬᠢᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠲᠥᠯᠬᠢᠨ | ᠠᠬᠢᠭᠤᠯᠬᠤ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠲᠥᠷᠭᠡᠨ | ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠨ᠂ ᠡᠯ᠎ᠡ ᠭᠠᠵᠠᠷ ᠤᠨ ᠬᠠᠷᠢᠴᠠᠩᠭᠤᠶ ᠳᠠᠪᠠᠭᠤᠯᠢᠭ | ᠲᠠᠯ᠎ᠠ ᠶᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠨᠡᠩ ᠳᠡᠭᠡᠳᠦ ᠲᠡᠰ | ᠳᠠᠪᠬᠤᠷᠭ᠎ᠠ᠂ ᠨᠡᠩ ᠥᠷᠭᠡᠨ ᠣᠷᠣᠨ ᠵᠠᠶ ᠠᠴᠠ ᠠᠬᠢᠭᠤᠯᠵᠤ᠂ ᠬᠦᠴᠦᠨ ᠵᠦᠢᠯ ᠤᠨ ᠡᠮᠬᠢ ᠵᠢᠷᠤᠮ ᠲᠠᠢ ᠴᠢᠯᠥᠭᠡᠲᠡᠶ | ᠰᠢᠯᠵᠢᠬᠦ᠂ ᠪᠡᠶᠡᠴᠢ ᠴᠣᠭᠴᠠ ᠶᠢᠨ ᠴᠢᠳᠠᠮᠵᠢ ᠶᠢ ᠪᠥᠲᠥᠮᠵᠢᠲᠡᠢ ᠬᠢᠵᠠᠭᠠᠷᠯᠠᠬᠤ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠠᠶᠢᠯᠭᠠᠬᠤ᠂ ᠡᠬᠢ ᠪᠠᠶᠠᠯᠢᠭ ᠤᠨ ᠣᠷᠴᠢᠨ ᠲᠣᠭᠤᠷᠢᠨ ᠳᠠᠭᠠᠭᠠᠵᠤ ᠳᠡᠶᠢᠯᠬᠦ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠯᠠᠭᠤᠯᠤᠯᠲᠠ ᠶᠢ ᠪᠤᠢ ᠪᠣᠯᠭᠠᠬᠤ ᠬᠡᠷᠡᠭᠲᠡᠶ | ᠭᠡᠵᠡᠢ᠃ | ᠵᠣᠬᠢᠴᠠᠩᠭᠤᠶ ᠬᠥᠭᠵᠢᠯᠲᠡ ᠶᠢ ᠪᠠᠷᠢᠮᠳᠠᠯᠠᠬᠤ ᠳᠤ ᠬᠤᠳᠠ ᠬᠥᠳᠡᠭᠡ ᠶᠢᠨ ᠪᠦᠲᠦᠴᠡ ᠶᠢᠨ ᠵᠦᠢ ᠵᠤᠬᠢᠰ | ᠦᠭᠡᠢ ᠪᠠᠶᠢᠬᠤ ᠳᠤᠲᠠᠭᠤ ᠲᠠᠯ᠎ᠠ ᠶᠢ ᠬᠦᠴᠦᠯᠡᠨ ᠨᠥᠬᠦᠪᠦᠷᠢᠯᠡᠬᠦ ᠬᠡᠷᠡᠭᠲᠡᠢ᠃ ︽ᠬᠥᠲᠦᠯᠪᠦᠷᠢ︾ ᠳᠤ ᠳᠤᠷᠠᠳᠤᠨ | ᠭᠠᠷᠭᠠᠭᠰᠠᠨ ᠨᠢ᠂ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠳᠤ ᠭᠤᠣᠯᠳᠠᠭᠤ | ᠮᠠᠯᠵᠢᠬᠤ ᠲᠠᠷᠢᠶᠠᠯᠠᠬᠤ ᠣᠷᠣᠨ ᠤ ᠨᠡᠭᠦᠨ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ | ᠲᠦᠷᠭᠡᠳᠬᠡᠬᠦ᠂ ᠬᠤᠲᠠ ᠪᠠᠯᠭᠠᠰᠤ ᠶᠢᠨ ᠶᠡᠷᠦᠩᠬᠡᠶ ᠳᠠᠭᠠᠭᠠᠴᠠ ᠶᠢ ᠳᠡᠭᠡᠭᠰᠢᠯᠡᠬᠦᠯᠬᠦ᠂ ᠬᠥᠮᠦᠨ ᠨᠡᠶᠢᠭᠡᠮ ᠤᠨ | ᠪᠣᠬᠢᠷᠲᠤᠯ ᠦᠭᠡᠢ ᠤᠶᠤᠨ ᠪᠢᠯᠢᠭᠲᠦ ᠬᠤᠳᠠ ᠶᠢ ᠪᠥᠲᠦᠭᠡᠨ ᠪᠠᠶᠢᠭᠤᠯᠬᠤ ᠵᠡᠷᠭᠡ ᠲᠠᠯ᠎ᠠ ᠪᠠᠷ ᠬᠥᠮᠦᠨ ᠢᠶᠠᠷ | ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠥᠭᠡᠳ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠠᠭᠠᠲᠠᠢ ᠬᠥᠳᠡᠭᠡ ᠲᠣᠰᠬᠤᠨ ᠢ ᠪᠥᠲᠦᠭᠡᠨ ᠪᠠᠶᠢᠭᠤᠯᠵᠤ᠂ ᠬᠤᠳᠠ ᠬᠥᠳᠡᠭᠡ ᠠᠭᠤᠰᠤᠯᠴᠠᠭᠰᠠᠨ | ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠲᠠᠯ᠎ᠠ ᠪᠠᠷ ᠰᠢᠨ᠎ᠡ ᠮᠠᠯᠵᠢᠬᠤ ᠣᠷᠣᠨ ᠰᠢᠨ᠎ᠡ | ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠪᠠᠷ | ᠲᠠᠷᠢᠶᠠᠯᠠᠩ ᠠᠵᠤ ᠠᠬᠤᠶ ᠶᠢ ᠳᠡᠳᠬᠦᠬᠦ᠂ ᠬᠤᠳᠠ ᠪᠠᠷ ᠮᠠᠯᠵᠢᠬᠤ ᠲᠠᠷᠢᠶᠠᠯᠠᠬᠤ ᠣᠷᠣᠨ ᠢ ᠳᠡᠮᠵᠢᠬᠦ ᠶᠢ ᠪᠠᠷᠢᠮᠲᠠᠯᠠᠵᠤ᠂ | ᠬᠤᠲᠠ ᠬᠥᠳᠡᠭᠡ ᠶᠢᠨ ᠬᠦᠴᠦᠨ ᠵᠦᠢᠯ ᠤᠨ ᠡᠷᠬᠡ ᠲᠡᠭᠰᠢ ᠰᠣᠯᠢᠯᠴᠠᠭ᠎ᠠ᠂ ᠵᠦᠢ ᠵᠣᠬᠢᠰᠲᠠᠶ ᠲᠣᠬᠢᠷᠠᠭᠤᠯᠣᠯᠲᠠ | ᠪᠣᠯᠣᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ | ᠪᠡᠶᠡᠯᠡᠭᠦᠯᠵᠦ᠂ ᠮᠠᠨ ᠤ ᠣᠷᠣᠨ ᠤ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ | ᠭᠡᠪᠡ᠃ | ᠵᠣᠬᠢᠴᠠᠩᠭᠤᠶ ᠬᠥᠭᠵᠢᠯᠲᠡ ᠶᠢ ᠪᠠᠷᠢᠮᠳᠠᠯᠠᠬᠤ ᠳᠤ ᠤᠶᠤᠨ ᠤ ᠪᠣᠯᠪᠠᠰᠤᠨ ᠤ ︽ᠵᠥᠭᠡᠯᠡᠨ ᠪᠣᠳᠠᠲᠤ ᠬᠦᠴᠦᠨ︾ | ᠴᠢᠩᠭ᠎ᠠ ᠪᠢᠰᠢ ᠪᠠᠶᠢᠬᠤ ᠳᠤᠲᠠᠭᠤ ᠲᠠᠯ᠎ᠠ ᠶᠢ ᠬᠦᠴᠦᠯᠡᠨ ᠨᠥᠬᠦᠪᠦᠷᠢᠯᠡᠬᠦ ᠬᠡᠷᠡᠭᠲᠡᠢ᠃ ︽ᠬᠥᠲᠦᠯᠪᠦᠷᠢ︾ ᠳᠤ | ᠳᠤᠷᠠᠳᠤᠨ ᠭᠠᠷᠭᠠᠭᠰᠠᠨ ᠨᠢ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾ | ᠶᠢ ᠪᠠᠷᠢᠮᠲᠠᠯᠠᠨ᠂ ᠪᠣᠳᠠᠰ ᠤᠨ ᠪᠣᠯᠪᠠᠰᠤᠨ ᠪᠣᠯᠣᠨ ᠤᠶᠤᠨ ᠤ ᠪᠣᠯᠪᠠᠰᠤᠨ ᠤ ᠵᠣᠬᠢᠴᠠᠩᠭᠤᠶ ᠬᠥᠭᠵᠢᠯᠲᠡ ᠶᠢ | ᠠᠬᠢᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠭᠤᠣᠯᠳᠠᠭᠤ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ | ᠰᠣᠶᠣᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠰᠣᠶᠣᠯ ᠤᠨ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ᠂ ᠰᠣᠶᠣᠯ ᠤᠨ ᠠᠵᠤ ᠦᠢᠯᠡᠰ ᠢ ᠪᠤᠶᠢᠵᠢᠭᠤᠯᠬᠤ ᠪᠠ | ᠪᠤᠵᠠᠭᠠᠶᠢᠷᠠᠭᠤᠯᠬᠤ ᠵᠡᠷᠭᠡ ᠲᠠᠯ᠎ᠠ ᠪᠠᠷ ᠬᠦᠴᠦ ᠲᠠᠯᠪᠢᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ | ᠦᠷ᠎ᠡ ᠠᠰᠢᠭ ᠪᠣᠯᠣᠨ ᠠᠵᠤ ᠠᠬᠤᠶ ᠶᠢᠨ ᠦᠷ᠎ᠡ ᠠᠰᠢᠭ ᠢ ᠬᠠᠷᠢᠯᠴᠠᠨ ᠨᠢᠬᠡᠲᠦᠯᠲᠡᠢ ᠪᠠᠶᠢᠯᠭᠠᠬᠤ ᠶᠢ ᠪᠠᠷᠢᠮᠲᠠᠯᠠᠵᠤ᠂ | ᠦᠨᠳᠦᠰᠦᠲᠡᠨ ᠪᠣᠯᠣᠨ ᠣᠷᠣᠨ ᠪᠦᠰᠡ ᠶᠢᠨ ᠣᠨᠴᠠᠯᠢᠭ ᠢ ᠪᠠᠷᠢᠮᠲᠠᠯᠠᠨ᠂ ᠪᠣᠳᠠᠰ ᠤᠨ ᠪᠣᠯᠪᠠᠰᠤᠨ ᠪᠣᠯᠣᠨ ᠤᠶᠤᠨ ᠤ | ᠪᠣᠯᠪᠠᠰᠤᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠢ | ᠪᠥᠲᠦᠭᠡᠨ ᠪᠠᠶᠢᠭᠤᠯᠬᠤ ᠬᠡᠷᠡᠭᠲᠡᠢ ᠭᠡᠪᠡ᠃ | ᠵᠣᠬᠢᠴᠠᠩᠭᠤᠶ ᠬᠥᠭᠵᠢᠯᠲᠡ ᠶᠢ ᠪᠠᠷᠢᠮᠳᠠᠯᠠᠬᠤ ᠳᠤ ᠴᠡᠷᠢᠭ ᠤᠨ ᠬᠡᠷᠡᠭᠯᠡᠭᠡ ᠪᠣᠯᠣᠨ ᠠᠷᠠᠳ ᠤᠨ ᠬᠡᠷᠡᠭᠯᠡᠭᠡ ᠶᠢᠨ | ᠠᠭᠤᠰᠤᠯᠴᠠᠨ ᠬᠥᠭᠵᠢᠭᠰᠡᠨ ᠬᠡᠮᠵᠢᠶ᠎ᠡ ᠭᠦᠨᠵᠡᠭᠡᠢ ᠪᠢᠰᠢ ᠪᠠᠶᠢᠬᠤ ᠳᠤᠲᠠᠭᠤ ᠲᠠᠯ᠎ᠠ ᠶᠢ ᠬᠦᠴᠦᠯᠡᠨ ᠨᠥᠬᠦᠪᠦᠷᠢᠯᠡᠬᠦ | ᠬᠡᠷᠡᠭᠲᠡᠢ᠃ ︽ᠬᠥᠲᠦᠯᠪᠦᠷᠢ︾ ᠳᠤ ᠳᠤᠷᠠᠳᠤᠨ ᠭᠠᠷᠭᠠᠭᠰᠠᠨ ᠨᠢ᠂ ᠴᠡᠷᠢᠭ ᠤᠨ ᠬᠡᠷᠡᠭᠯᠡᠭᠡ ᠪᠣᠯᠣᠨ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ᠂ ᠴᠡᠷᠢᠭ ᠤᠨ ᠬᠡᠷᠡᠭᠯᠡᠭᠡᠨ ᠳᠤ ᠠᠷᠠᠳ ᠤᠨ ᠬᠡᠷᠡᠭᠯᠡᠭᠡ ᠶᠢ ᠠᠭᠤᠯᠤᠨ᠂ ᠴᠡᠷᠢᠭ ᠤᠨ | ᠬᠡᠷᠡᠭᠯᠡᠭᠡ ᠪᠠ ᠠᠷᠠᠳ ᠤᠨ ᠬᠡᠷᠡᠭᠯᠡᠭᠡ ᠠᠭᠤᠰᠤᠯᠴᠠᠭᠰᠠᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠤᠯᠠᠨ ᠬᠦᠷᠢᠶ᠎ᠡ | ᠬᠡᠪᠴᠢᠶᠡᠨ ᠳᠠᠬᠢ ᠴᠡᠷᠢᠭ ᠤᠨ ᠬᠡᠷᠡᠭᠯᠡᠭᠡ ᠪᠣᠯᠣᠨ ᠠᠷᠠᠳ ᠤᠨ ᠬᠡᠷᠡᠭᠯᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ | ᠪᠦᠭᠦ ᠬᠦᠴᠦᠨ ᠵᠦᠢᠯ ᠤᠨ᠂ ᠤᠯᠠᠨ ᠬᠦᠷᠢᠶ᠎ᠡ ᠬᠡᠪᠴᠢᠶᠡᠨ ᠳᠠᠬᠢ᠂ ᠥᠨᠳᠥᠷ ᠦᠷ᠎ᠡ ᠠᠰᠢᠭᠲᠠᠢ ᠴᠡᠷᠢᠭ ᠤᠨ | ᠬᠡᠷᠡᠭᠯᠡᠭᠡ ᠪᠣᠯᠣᠨ ᠠᠷᠠᠳ ᠤᠨ ᠬᠡᠷᠡᠭᠯᠡᠭᠡ ᠶᠢ ᠭᠦᠨᠵᠡᠭᠡᠶ ᠠᠭᠤᠰᠤᠯᠴᠠᠨ ᠬᠥᠭᠵᠢᠭᠦᠯᠬᠦ ᠪᠠᠶᠢᠷᠢᠯᠠᠭᠤᠯᠤᠯᠲᠠ ᠶᠢ | ᠲᠦᠷᠭᠡᠨ ᠪᠤᠢ ᠪᠣᠯᠭᠠᠬᠤ ᠬᠡᠷᠡᠭᠲᠡᠶ ᠭᠡᠵᠡᠢ᠃ | ︽13 · 5︾ ᠶᠢᠨ ᠬᠥᠭᠵᠢᠯᠲᠡ ᠶᠢᠨ ᠨᠢᠭᠡᠨ ᠬᠥᠯᠭᠡ ᠰᠢᠲᠠᠷ᠎ᠠ ᠶᠢ ᠰᠠᠶᠢᠬᠠᠨ ᠲᠠᠯᠪᠢᠬᠤ ᠳᠤ᠂ | ᠵᠣᠬᠢᠴᠠᠩᠭᠤᠶ ᠬᠥᠭᠵᠢᠯᠲᠡ ᠪᠣᠯ ᠰᠢᠢᠳᠪᠦᠷᠢᠯᠡᠭᠴᠢ ᠢᠯᠠᠯᠲᠠ ᠤᠯᠬᠤ ᠶᠢᠨ ᠠᠨᠢᠰᠤ ᠮᠥᠨ᠃ ᠪᠣᠣᠭᠢᠶᠡ ᠳᠠᠮᠵᠢᠭᠤᠯᠤᠨ | ᠬᠦᠴᠦ ᠵᠠᠯᠭᠠᠬᠤ ᠲᠡᠦᠬᠡᠨ ᠴᠠᠭ ᠦᠶ᠎ᠡ ᠳᠤ᠂ ᠵᠣᠬᠢᠴᠠᠩᠭᠤᠶ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ ᠶᠢ | ᠪᠠᠷᠢᠮᠲᠠᠯᠠᠵᠤ᠂ ᠪᠠᠭᠤᠷᠠᠶ ᠬᠦᠷᠢᠶᠡᠨ ᠳᠠᠬᠢ ᠬᠥᠭᠵᠢᠯᠲᠡ ᠶᠢᠨ ᠰᠡᠯᠭᠦᠬᠦ ᠬᠦᠴᠦᠨ ᠤ ᠨᠡᠮᠡᠭᠳᠡᠯᠲᠡ ᠶᠢ ᠴᠢᠩᠭᠠᠷᠠᠭᠤᠯᠵᠤ᠂ | ᠲᠡᠩᠴᠡᠭᠦᠷᠢ ᠲᠠᠢ ᠪᠠᠶᠢᠬᠤ ᠶᠢ ᠵᠣᠬᠢᠴᠠᠭᠤᠯᠤᠨ ᠭᠠᠷᠭᠠᠵᠤ᠂ ᠨᠡᠶᠢᠯᠡᠮᠡᠯ ᠬᠦᠴᠦᠨ ᠢ ᠵᠣᠬᠢᠴᠠᠭᠤᠯᠤᠨ ᠭᠠᠷᠭᠠᠬᠤ ᠳᠤ | ᠬᠦᠷᠪᠡᠯ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤᠨ ᠤ ᠠᠭᠤᠤ | ᠶᠡᠭᠡ ᠢᠯᠠᠯᠲᠠ ᠶᠢ ᠲᠡᠮᠡᠴᠡᠨ ᠤᠯᠬᠤ ᠳᠤ ᠨᠡᠩ ᠥᠨᠳᠥᠷ ᠬᠢᠷᠢ ᠬᠡᠮᠵᠢᠶ᠎ᠡ ᠲᠠᠢ ᠵᠣᠬᠢᠴᠠᠩᠭᠤᠶ ᠬᠥᠭᠵᠢᠯᠲᠡ ᠶᠢ ᠯᠠᠪᠲᠠᠢ | ᠪᠡᠶᠡᠯᠡᠭᠦᠯᠵᠦ ᠴᠢᠳᠠᠨ᠎ᠠ᠃ | ᠬᠥᠲᠥᠯᠥᠭᠴᠢ᠄ | ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠣᠶᠢᠯᠠᠭᠠᠪᠠᠯ ᠵᠣᠬᠢᠬᠤ ᠪᠤᠢ︖ | ᠸᠠᠩ ᠶᠢᠨ ᠪᠦᠦ᠄ | ᠠᠮᠢ ᠠᠬᠤᠶ ᠶᠢᠨ ᠣᠷᠴᠢᠨ ᠲᠣᠭᠤᠷᠢᠨ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠬᠠᠮᠤᠭ ᠤᠨ | ᠦᠨᠳᠦᠰᠦᠨ ᠨᠥᠬᠦᠴᠡᠯ ᠮᠦᠨ᠂ ᠬᠥᠮᠦᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠦᠷᠭᠦᠯᠵᠢᠯᠡᠬᠦ | ᠬᠥᠭᠵᠢᠯᠲᠡ ᠶᠢᠨ ᠬᠠᠮᠤᠭ ᠤᠨ ᠴᠢᠬᠤᠯᠠ ᠰᠠᠭᠤᠷᠢ ᠮᠦᠨ᠃ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠰᠢ᠂ | ᠮᠠᠨ ᠤ ᠣᠷᠣᠨ ᠠᠮᠢ ᠠᠬᠤᠶ ᠶᠢᠨ ᠬᠠᠮᠠᠭᠠᠯᠠᠯᠲᠠ ᠪᠣᠯᠣᠨ ᠪᠦᠳᠣᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ | ᠠᠯᠬᠤᠮ ᠠᠯᠬᠤᠮ ᠢᠶᠠᠷ ᠨᠡᠮᠡᠭᠳᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠴᠢᠬᠤᠯᠠ ᠠᠮᠤᠷ | ᠲᠦᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠲᠠᠰᠤᠷᠠᠯᠳᠡ ᠦᠭᠡᠢ | ᠰᠠᠶᠢᠵᠢᠷᠠᠵᠤ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠬᠡᠨ ᠪᠠᠶᠢᠭᠤᠯᠤᠯᠲᠠ ᠢᠯᠡᠳᠲᠡ ᠠᠮᠵᠢᠯᠲᠠ | ᠣᠯᠪᠠ᠂ ᠭᠡᠪᠡᠴᠦ ᠠᠮᠢ ᠠᠬᠤᠶ ᠶᠢᠨ ᠣᠷᠴᠢᠨ ᠲᠣᠭᠤᠷᠢᠨ ᠪᠠᠰᠠ ᠨᠡᠯᠢᠶᠡᠳ ᠬᠡᠪᠡᠷᠡᠭ ᠪᠠᠶᠢᠭᠰᠠᠭᠠᠷ᠂ ᠠᠵᠤ | ᠠᠬᠤᠶ ᠶᠢᠨ ᠪᠣᠬᠢᠷᠳᠤᠯ ᠦᠭᠡᠢ ᠬᠡᠯᠪᠡᠷᠢ ᠶᠢᠨ ᠬᠤᠪᠢᠷᠠᠯᠲᠠ ᠶᠢ ᠲᠦᠯᠬᠢᠨ ᠠᠬᠢᠭᠤᠯᠵᠤ᠂ ᠬᠥᠭᠵᠢᠭᠦᠯᠬᠦ ᠪᠠ | ᠬᠠᠮᠠᠭᠠᠯᠠᠬᠤ ᠬᠤᠣᠰ ᠢᠯᠡᠯᠲᠡ ᠶᠢ ᠪᠡᠶᠡᠯᠡᠭᠦᠯᠬᠦ ᠡᠭᠦᠷᠭᠡ ᠬᠠᠲᠠᠭᠤᠵᠢᠯᠲᠠᠶ ᠮᠥᠷᠲᠡᠭᠡᠨ ᠨᠦᠰᠡᠷ ᠬᠦᠨᠳᠦ ᠪᠠᠶᠢᠵᠤ᠂ | ᠠᠵᠤ ᠠᠬᠤᠶ ᠶᠢᠨ ᠬᠥᠭᠵᠢᠯᠲᠡ ᠪᠣᠯᠣᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠤᠭᠤᠷᠣᠨᠳᠣᠬᠢ ᠵᠥᠷᠢᠴᠡᠯ ᠮᠥᠨ ᠲᠤᠪᠤᠶᠢᠮ᠎ᠠ ᠪᠠᠶᠢᠭᠰᠠᠭᠠᠷ᠃ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ ᠳᠤ | ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ | ᠡᠷᠬᠡᠪᠰᠢ ᠪᠠᠷᠢᠮᠲᠠᠯᠠᠵᠤ᠂ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠨ᠂ ᠠᠮᠢ ᠠᠬᠤᠶ ᠶᠢᠨ ᠪᠣᠯᠪᠠᠰᠤᠨ ᠤ | ᠣᠨᠣᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ | ᠲᠤᠤᠱᠯᠠᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠶ ᠰᠠᠶᠢᠨ ᠰᠠᠶᠢᠬᠠᠨ | ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠠᠵᠤ ᠠᠬᠤᠶ ᠶᠢ | ᠬᠥᠭᠵᠢᠭᠦᠯᠦᠨ᠂ ᠪᠣᠬᠢᠷᠳᠤᠯ ᠦᠭᠡᠢ ᠬᠡᠯᠪᠡᠷᠢ ᠶᠢᠨ ᠬᠤᠪᠢᠷᠠᠯᠲᠠ ᠶᠢ ᠲᠦᠯᠬᠢᠨ ᠠᠬᠢᠭᠤᠯᠵᠤ᠂ ᠡᠬᠢ ᠪᠠᠶᠠᠯᠢᠭ ᠢ | ᠠᠷᠪᠢᠯᠠᠬᠤ ᠬᠡᠯᠪᠡᠷᠢ᠂ ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠶᠢᠨ ᠨᠡᠶᠢᠭᠡᠮ ᠢ ᠪᠥᠲᠦᠭᠡᠨ ᠪᠠᠶᠢᠭᠤᠯᠵᠤ᠂ | ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠰᠡᠨ ᠣᠳᠣᠬᠢᠴᠢᠯᠯᠠᠲᠠ ᠶᠢᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠪᠠᠶᠢᠷᠢᠯᠠᠭᠤᠯᠤᠯᠲᠠ ᠶᠢ ᠪᠣᠢ ᠪᠣᠯᠭᠠᠵᠤ᠂ ᠦᠵᠡᠰᠬᠦᠯᠡᠭᠳᠦ ᠰᠠᠶᠢᠬᠠᠨ ᠥᠪᠥᠷ ᠮᠣᠩᠭᠤᠯ ᠢᠶᠠᠨ ᠪᠥᠲᠦᠭᠡᠨ | ᠪᠠᠶᠢᠭᠤᠯᠤᠨ᠎ᠠ᠃ | ᠬᠥᠲᠥᠯᠥᠭᠴᠢ᠄ | ︽13· 5︾ ᠶᠢᠨ ᠬᠤᠭᠤᠴᠠᠭᠠᠨ ᠳᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠳᠤ ᠶᠠᠮᠠᠷ ᠶᠠᠮᠠᠷ ᠭᠤᠣᠯ ᠠᠷᠭ᠎ᠠ | ᠬᠡᠮᠵᠢᠶ᠎ᠡ ᠠᠪᠬᠤ ᠪᠤᠢ︖ | ᠸᠠᠩ ᠶᠢᠨ ᠪᠦᠦ᠄ | ︽ᠬᠥᠲᠥᠯᠪᠦᠷᠢ︾ ᠳᠤ ᠳᠤᠷᠠᠳᠤᠭᠰᠠᠨ ᠨᠢ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ | ᠪᠠᠶᠢᠭᠤᠯᠤᠨ᠎ᠠ᠃ ᠨᠢᠭᠡ ᠳᠤ᠂ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠢ ᠲᠦᠷᠭᠡᠪᠴᠢᠯᠡᠨ ᠪᠠᠶᠢᠭᠤᠯᠤᠨ᠎ᠠ᠃ | ᠤᠯᠤᠰ ᠤᠨ ᠭᠠᠵᠠᠷ ᠰᠢᠷᠣᠢ ᠵᠢᠨᠣᠷᠣᠨ ᠵᠠᠶ ᠶᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠵᠦ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠬᠠᠮᠠᠭᠠᠯᠠᠯᠲᠠ ᠶᠢᠨ ᠲᠦᠷᠢᠮ ᠢ ᠪᠠᠶᠢᠭᠤᠯᠤᠨ᠂ | ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ | ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠤ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠡᠯ᠎ᠡ ᠭᠠᠵᠠᠷ | ᠣᠷᠣᠨ ᠤ ᠪᠡᠶᠡᠴᠢ ᠴᠣᠭᠴᠠ ᠶᠢᠨ ᠴᠢᠳᠠᠮᠵᠢ ᠶᠢᠨ ᠣᠷᠣᠨ ᠨᠤᠭᠤᠳ ᠣᠷᠣᠨ ᠲᠣᠭᠲᠠᠭᠠᠯᠲᠠ ᠪᠠᠨ ᠦᠨᠳᠦᠰᠦᠯᠡᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠶᠠᠷ ᠲᠤ᠂ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠤᠢ ᠰᠢᠭᠤᠶ᠂ ᠨᠤᠲᠤᠭ ᠪᠡᠯᠴᠢᠭᠡᠷ ᠡᠯᠡᠰᠦᠷᠬᠡᠭ ᠭᠠᠵᠠᠷ ᠪᠠ ᠬᠥᠷᠥᠰᠥ ᠰᠢᠷᠣᠶ | ᠶᠢᠨ ᠢᠳᠡᠭᠳᠡᠯ ᠪᠠ ᠴᠢᠭᠢᠭᠯᠢᠭ ᠭᠠᠵᠠᠷ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠭᠦᠨᠵᠡᠭᠡᠶ | ᠬᠡᠷᠡᠭᠵᠢᠭᠦᠯᠦᠨ᠎ᠡ᠂ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠬᠠᠮᠠᠭᠠᠯᠠᠵᠤ᠂ ᠠᠮᠢ ᠠᠬᠤᠶ ᠶᠢᠨ ᠲᠤᠰᠠᠯᠠᠵᠤ | ᠱᠠᠩᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠂ ᠤᠢ ᠰᠢᠭᠤᠶ᠂ ᠨᠤᠭᠤ ᠭᠠᠵᠠᠷ᠂ | ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠪᠠ ᠠᠮᠢ ᠠᠬᠤᠶ ᠳᠤ ᠦᠢᠯᠡᠴᠢᠯᠡᠬᠦ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ ᠳᠤ᠂ ᠣᠷᠴᠢᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ᠎ᠡ᠃ ᠣᠷᠴᠢᠯ ᠬᠡᠯᠪᠡᠷᠢ ᠶᠢᠨ ᠠᠵᠤ | ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠬᠢ ᠪᠠᠶᠠᠯᠢᠭ ᠢ ᠣᠷᠴᠢᠯᠳᠤᠭᠤᠯᠤᠨ ᠳᠠᠬᠢᠨᠲᠠ | ᠠᠰᠢᠭᠯᠠᠬᠤ ᠬᠤᠷᠢᠶᠠᠨ ᠠᠪᠬᠤ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠵᠠᠭᠪᠤᠷ ᠢ | ᠰᠠᠨᠠᠭᠠᠴᠢᠯᠠᠵᠤ᠂ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠦᠢᠯᠡᠴᠢᠯᠡᠭᠡᠨ ᠤ ᠠᠵᠤ ᠦᠢᠯᠡᠰ ᠤᠳ᠂ | ᠬᠤᠳᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠡᠯ᠎ᠡ ᠳᠡᠰ ᠳᠠᠪᠬᠤᠷᠭ᠎ᠠ᠂ ᠦᠢᠯᠡᠳᠪᠦᠷᠢᠯᠡᠯ᠂ | ᠭᠦᠢᠯᠭᠡᠭᠡ᠂ ᠬᠡᠷᠡᠭᠯᠡᠭᠡ ᠶᠢᠨ ᠡᠯ᠎ᠡ ᠵᠠᠩᠭᠢᠯᠠᠭ᠎ᠠ ᠶᠢ ᠬᠠᠮᠤᠷᠤᠭᠰᠠᠨ ᠨᠡᠶᠢᠭᠡᠮ ᠳᠠᠶᠠᠭᠠᠷ ᠤᠨ ᠣᠷᠴᠢᠯ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠲᠦᠷᠪᠡ ᠳᠤ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠪᠠ ᠥᠨᠳᠥᠷ | ᠪᠦᠲᠦᠮᠵᠢᠲᠡᠶ ᠪᠠᠷ ᠠᠰᠢᠭᠯᠠᠨ᠎ᠠ᠃ ᠡᠨᠧᠷᠭᠢ ᠶᠢᠨ ᠬᠡᠷᠡᠭᠯᠡᠭᠡᠨ ᠂ ᠤᠰᠤᠨ ᠤ ᠡᠬᠢ ᠪᠠᠶᠠᠯᠢᠭ ᠤᠨ ᠬᠤᠷᠣᠭᠳᠠᠯ᠂ ᠭᠠᠵᠠᠷ | ᠰᠢᠷᠣᠶ ᠶᠢᠨ ᠠᠰᠢᠭᠯᠠᠯᠲᠠ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ | ᠬᠦᠴᠦᠯᠡᠴᠡ ᠬᠤᠶᠠᠭᠤᠯᠠ ᠶᠢ ᠡᠵᠡᠮᠳᠡᠬᠦ ᠠᠵᠢᠯᠯᠠᠭ᠎ᠠ ᠶᠢ ᠬᠡᠷᠡᠭᠵᠢᠭᠦᠯᠵᠦ᠂ ᠠᠷᠪᠢᠲᠠᠶ ᠡᠷᠴᠢᠮᠯᠢᠭ ᠤᠷᠴᠢᠯᠵᠢᠭᠤᠯᠤᠨ | ᠠᠰᠢᠭᠯᠠᠵᠤ ᠪᠣᠯᠬᠤ ᠡᠬᠢ ᠪᠠᠶᠠᠯᠢᠭ ᠤᠨ ᠲᠤᠬᠠᠶ ᠦᠵᠡᠯᠲᠡ ᠶᠢ ᠪᠤᠢ ᠪᠣᠯᠭᠠᠵᠤ᠂ ᠠᠷᠪᠢᠯᠠᠬᠤ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠨᠡᠶᠢᠭᠡᠮ ᠤᠨ ᠬᠡᠪ ᠰᠤᠷᠲᠠᠯ ᠢ | ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠲᠠᠪᠤ ᠳᠤ᠂ ᠣᠷᠴᠢᠨ ᠲᠣᠭᠤᠷᠢᠨ ᠢ ᠵᠠᠰᠠᠬᠤ ᠡᠷᠴᠢᠮ ᠢ | ᠴᠢᠩᠭᠠᠷᠠᠭᠤᠯᠤᠨ᠎ᠠ᠃ ᠪᠣᠬᠢᠷᠲᠤᠯ ᠪᠣᠳᠠᠰ ᠢ ᠡᠬᠢ ᠡᠭᠦᠰᠦᠯ ᠠᠴᠠ ᠨᠢ ᠴᠢᠩᠭ᠎ᠠ ᠬᠢᠵᠠᠭᠠᠷᠯᠠᠵᠤ᠂ ᠪᠣᠬᠢᠷᠲᠤᠯᠳᠤ | ᠪᠣᠳᠠᠰ ᠤᠳ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠠᠭᠤᠷᠬᠠᠶ ᠶᠢᠨ ᠣᠷᠴᠢᠨ | ᠲᠣᠭᠤᠷᠢᠨ ᠢ ᠵᠠᠰᠠᠵᠤ ᠰᠡᠷᠭᠦᠭᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠢ ᠵᠠᠰᠠᠬᠤ ᠲᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠢᠵᠠᠭᠠᠷᠯᠠᠬᠤ᠂ | ᠬᠤᠬᠢᠷᠠᠯ ᠤᠨ ᠲᠥᠯᠥᠪᠦᠷᠢ ᠥᠭᠬᠦ ᠂ ᠬᠠᠷᠢᠭᠤᠴᠠᠯᠭ᠎ᠠ ᠨᠡᠬᠡᠮᠵᠢᠯᠡᠬᠦ᠂ ᠨᠡᠶᠢᠭᠡᠮ ᠢᠶᠠᠷ ᠢᠶᠠᠨ ᠬᠠᠮᠲᠤ ᠪᠠᠷ ᠵᠠᠰᠠᠬᠤ ᠵᠡᠷᠭᠡ | ᠣᠷᠴᠢᠨ ᠲᠣᠭᠤᠷᠢᠨ ᠢ ᠵᠠᠰᠠᠬᠤ ᠰᠢᠰᠲ᠋ᠧᠮᠵᠢ ᠶᠢ ᠪᠠᠶᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠵᠦ᠂ ᠡᠬᠢ ᠪᠠᠶᠠᠯᠢᠭ | ᠠᠷᠪᠢᠯᠠᠬᠤ᠂ ᠣᠷᠴᠢᠨ ᠲᠤᠭᠤᠷᠢᠨ ᠤ ᠨᠥᠬᠦᠷᠰᠡᠭ ᠬᠡᠯᠪᠡᠷᠢ ᠶᠢᠨ ᠨᠡᠶᠢᠭᠡᠮ ᠢ ᠲᠦᠷᠭᠡᠪᠴᠢᠯᠡᠨ ᠪᠠᠶᠢᠭᠤᠯᠤᠨ᠎ᠠ᠃ | ᠪᠣᠬᠢᠷᠲᠤᠯ ᠦᠭᠡᠢ ᠪᠠᠶᠢᠬᠤ ᠪᠣᠯ ᠦᠷᠭᠦᠯᠵᠢᠯᠡᠨ ᠬᠥᠭᠵᠢᠬᠦ ᠳᠠᠬᠢ ᠥᠨᠢ ᠡᠭᠦᠷᠢᠳᠡ ᠶᠢᠨ ᠴᠢᠬᠤᠯᠠ ᠨᠥᠬᠦᠴᠡᠯ | ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠴᠢᠬᠤᠯᠠ ᠢᠯᠡᠷᠡᠯ ᠮᠥᠨ᠃ ᠪᠣᠬᠢᠷᠲᠤᠯ | ᠦᠭᠡᠢ ᠪᠠᠷ ᠬᠥᠭᠵᠢᠭᠦᠯᠬᠦ ᠣᠨᠣᠯᠵᠢᠬᠤᠨ ᠨᠢ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠢᠶᠠᠷ ᠥᠷᠲᠡᠭ ᠤᠨ | ᠬᠠᠨᠳᠤᠰᠢ ᠪᠣᠯᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠢᠶᠠᠷ ᠭᠤᠣᠯ | ᠵᠠᠷᠴᠢᠮ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠᠷ ᠦᠨᠳᠦᠰᠦᠨ ᠭᠠᠷᠲᠠᠴᠠ ᠪᠣᠯᠭᠠᠵᠤ᠂ ︽ | ᠬᠥᠲᠥᠯᠪᠦᠷᠢ︾ ᠶᠢᠨ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠳᠥ ᠦᠶ᠎ᠡ ᠶᠢᠨ ᠴᠢᠨᠠᠷᠲᠠᠶ | ᠰᠢᠨᠵᠢ ᠲᠡᠮᠳᠡᠭ ᠢ ᠰᠢᠨᠵᠢᠯᠡᠬᠦ ᠤᠬᠠᠭᠠᠨᠴᠢ ᠪᠠᠷ ᠡᠵᠡᠮᠳᠡᠬᠦ ᠶᠢ ᠢᠯᠡᠷᠡᠭᠦᠯᠪᠡ᠃ ᠪᠣᠬᠢᠷᠲᠤᠯ ᠦᠭᠡᠢ ᠬᠥᠭᠵᠢᠯᠲᠡ ᠶᠢᠨ | ᠵᠠᠮ ᠢᠶᠠᠷ ᠶᠠᠪᠤᠬᠤ ᠪᠣᠯ ᠡᠬᠢ ᠪᠠᠶᠠᠯᠢᠭ ᠤᠨ ᠣᠷᠴᠢᠨ ᠲᠣᠭᠤᠷᠢᠨ ᠤ ᠪᠣᠭᠤᠮᠢ ᠶᠢᠨ ᠬᠢᠵᠠᠭᠠᠷᠯᠠᠯ ᠢ ᠠᠷᠢᠯᠭᠠᠬᠤ | ᠵᠠᠶᠢᠯᠠᠰᠢ ᠦᠭᠡᠢ ᠱᠠᠭᠠᠷᠳᠠᠯᠭ᠎ᠠ ᠮᠥᠨ᠂ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠬᠥᠭᠵᠢᠯᠲᠡ ᠶᠢᠨ | ᠠᠷᠭ᠎ᠠ ᠬᠡᠯᠪᠡᠷᠢ ᠪᠠᠨ ᠬᠤᠪᠢᠷᠠᠭᠤᠯᠤᠨ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢᠵᠢᠭᠦᠯᠬᠦ ᠵᠠᠶᠢᠯᠠᠰᠢ | ᠦᠭᠡᠢ ᠰᠣᠩᠭᠤᠯᠲᠠ ᠮᠥᠨ᠃ ᠪᠣᠬᠢᠷᠲᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ | ᠠᠮᠢ ᠠᠬᠤᠶ ᠶᠢᠨ ᠪᠣᠯᠪᠠᠰᠤᠨ ᠤ ᠤᠯᠠᠭᠠᠨ ᠱᠤᠭᠤᠮ ᠢ ᠬᠠᠮᠠᠭᠠᠯᠠᠨ ᠰᠠᠬᠢᠵᠤ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠂ | ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠶᠢᠨ ᠨᠡᠶᠢᠭᠡᠮ ᠢ ᠲᠦᠷᠭᠡᠪᠴᠢᠯᠡᠨ ᠪᠥᠳᠥᠭᠡᠨ ᠪᠠᠶᠢᠭᠤᠯᠵᠤ᠂ ︽ | ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠪᠣᠯ᠂ | ᠣᠭᠲᠠᠷᠭᠤᠶ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ ᠠᠭᠤᠯᠠ ᠨᠢ ᠨᠡᠩ ᠬᠥᠬᠡᠮᠳᠦᠭ ᠰᠠᠶᠢᠨ ᠰᠠᠶᠢᠬᠠᠨ | ᠨᠤᠲᠤᠭ ᠤᠰᠤ ᠪᠠᠨ ᠦᠷ᠎ᠡ ᠬᠤᠶᠢᠴᠢᠰ ᠲᠠᠭᠠᠨ ᠦᠯᠡᠳᠡᠭᠡᠨ ᠥᠭᠴᠦ᠂ ᠥᠪᠡᠷᠲᠡᠭᠡᠨ ᠵᠠᠰᠠᠬᠤ ᠣᠷᠣᠨ ᠤ | ᠥᠨᠢᠳᠡ ᠶᠢᠨ ᠬᠥᠭᠵᠢᠯᠲᠡ ᠶᠢᠨ ᠭᠡᠭᠡᠨ ᠰᠠᠷᠠᠭᠤᠯ ᠢᠷᠡᠭᠡᠳᠦᠶ ᠶᠢ ᠪᠦᠲᠦᠭᠡᠬᠦ ᠶᠢᠨ ᠲᠥᠯᠥᠭᠡ ᠶᠤᠮ᠃ | ᠬᠥᠲᠥᠯᠥᠭᠴᠢ᠄ | ᠨᠡᠬᠡᠬᠡᠡ ᠬᠥᠭᠵᠢᠭᠦᠯᠬᠦ ᠶᠢ ᠬᠡᠷᠬᠢᠨ ᠣᠶᠢᠯᠠᠭᠠᠪᠠᠯ ᠵᠣᠬᠢᠬᠤ ᠪᠤᠢ︖ | ᠸᠠᠩ ᠶᠢᠨ ᠪᠦᠦ᠄ | ᠠᠵᠤ ᠠᠬᠤᠶ ᠶᠢᠨ ᠳᠡᠯᠡᠬᠡᠶᠢᠴᠢᠯᠡᠯᠲᠡ ᠪᠠ ᠣᠷᠣᠨ ᠪᠦᠰᠡ ᠶᠢᠨ ᠨᠢᠭᠡ ᠴᠤᠭᠴᠠᠵᠢᠯᠳᠡ ᠶᠢᠨ ᠦᠳᠲᠡᠷ | ᠲᠦᠷᠭᠡᠨ ᠬᠥᠭᠵᠢᠵᠦ ᠪᠦᠬᠦᠢ ᠥᠨᠥᠳᠦᠷ ᠲᠦᠭᠵᠢᠮᠡᠯ ᠪᠠᠶᠢᠳᠠᠯ ᠳᠣᠲᠣᠷ᠎ᠠ ᠥᠪᠡᠷ ᠢ ᠪᠠᠨ ᠬᠥᠭᠵᠢᠭᠦᠯᠵᠦ ᠳᠡᠶᠢᠯᠬᠦ | ᠬᠥᠮᠥᠨ ᠨᠢᠭᠡ ᠴᠦ ᠦᠭᠡᠶ᠂ ᠨᠡᠭᠡᠭᠡᠯᠳᠡ ᠬᠢᠬᠦ ᠪᠣᠯ ᠴᠡᠴᠡᠭᠯᠡᠨ ᠬᠥᠭᠵᠢᠬᠦ ᠳᠤ ᠵᠠᠪᠠᠯ ᠶᠠᠪᠤᠬᠤ ᠵᠠᠮ ᠮᠥᠨ᠃ ᠮᠠᠨ ᠤ | ᠣᠷᠣᠨ ︽ᠭᠤᠷᠪᠠᠨ ᠤᠮᠠᠷᠠᠲᠤ︾ ᠳᠤ ᠪᠠᠭᠲᠠᠵᠤ᠂ ᠣᠷᠣᠰ᠂ ᠮᠣᠩᠭᠤᠯ ᠤᠯᠤᠰ ᠪᠣᠯ ᠮᠠᠨ ᠤ ᠤᠯᠤᠰ ᠤᠨ ᠤᠮᠠᠷᠠᠰᠢ | ᠨᠡᠭᠡᠭᠡᠬᠦ ᠬᠤᠰᠢᠭᠤᠷᠠᠯ᠂ ᠬᠢᠯᠢ ᠳᠠᠭᠠᠤ ᠣᠷᠣᠨ ᠤ ᠨᠡᠭᠡᠭᠡᠯᠳᠡ ᠪᠦᠬᠦᠢ ᠥᠪᠡᠷᠮᠢᠴᠡ ᠳᠠᠪᠠᠭᠤᠯᠢᠭ ᠲᠠᠯ᠎ᠠ ᠪᠣᠯᠬᠤ ᠶᠤᠮ᠃ | ᠥᠭᠡᠷᠡᠴᠢᠯᠡᠯᠲᠡ ᠨᠡᠭᠡᠭᠡᠯᠳᠡ ᠬᠢᠭᠰᠡᠨ 30 ᠭᠠᠷᠤᠶ ᠵᠢᠯ ᠤᠨ ᠲᠤᠷᠰᠢ᠂ ᠮᠠᠨ ᠤ ᠣᠷᠣᠨ ᠭᠠᠳᠠᠭᠰᠢ ᠨᠡᠭᠡᠭᠡᠬᠦ ᠬᠢᠷᠢ | ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠭᠡᠭᠡᠯᠲᠡ ᠬᠢᠵᠦ ᠬᠥᠭᠵᠢᠯᠲᠡ ᠶᠢ ᠠᠬᠢᠭᠤᠯᠬᠤ ᠦᠢᠯᠡᠳᠦᠯ | ᠡᠳᠦᠷ ᠢᠷᠡᠬᠦᠶ᠎ᠡ ᠳᠣᠪᠤᠶᠢᠮ᠎ᠠ ᠪᠠᠶᠢᠪᠠᠴᠦ᠂ ᠲᠠᠯᠠᠢ ᠳᠠᠭᠠᠤ ᠬᠥᠭᠵᠢᠭᠰᠡᠨ ᠭᠠᠵᠠᠷ ᠣᠷᠣᠨ ᠲᠠᠢ ᠠᠳᠠᠯᠢᠳᠬᠠᠪᠠᠯ᠂ ᠮᠠᠨ | ᠤ ᠣᠷᠣᠨ ᠤ ᠪᠦᠷᠢᠯᠳᠦᠭᠦᠯᠦᠭᠰᠡᠨ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠲᠠᠢ ᠬᠠᠷᠢᠴᠠᠭᠤᠯᠪᠠᠯ᠂ ᠮᠠᠨ ᠤ | ᠣᠷᠣᠨ ᠤ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠪᠣᠭᠤᠮᠢ ᠪᠠᠰᠠ ᠴᠥᠭᠡᠨ ᠪᠤᠰᠤ ᠣᠷᠣᠰᠢᠵᠤ ᠪᠠᠶᠢᠨ᠎ᠠ᠂ | ᠨᠡᠭᠡᠭᠡᠯᠲᠡ ᠬᠢᠬᠦ ᠪᠠᠷ ᠳᠤᠲᠠᠮᠠᠭ ᠪᠣᠯ ᠮᠥᠨ ᠴᠦ ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ᠂ | ᠠᠵᠤ ᠠᠬᠤᠶ ᠶᠢᠨ ᠬᠥᠭᠵᠢᠯ ᠳᠠᠬᠢ ᠪᠠᠭᠤᠷᠠᠶ ᠲᠠᠯ᠎ᠠ ᠪᠣᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠪᠣᠯᠤᠨ ᠬᠥᠷᠰᠢ ᠵᠡᠷᠭᠡᠯᠡᠳᠡᠭᠡ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠬᠦ ᠶᠢ | ᠳᠠᠭᠠᠯᠳᠤᠨ᠂ ᠮᠠᠨ ᠤ ᠣᠷᠣᠨ ᠤ ᠤᠯᠤᠰ ᠤᠨ ᠭᠠᠳᠠᠭᠰᠢ ᠨᠡᠭᠡᠭᠡᠬᠦ ᠪᠠᠶᠢᠷᠢᠰᠢᠯ ᠳᠠᠬᠢ ᠪᠠᠶᠢᠷᠢ ᠰᠠᠭᠤᠷᠢ ᠤᠯᠠᠮ | ᠴᠢᠬᠤᠯᠠ ᠪᠠᠶᠢᠵᠤ᠂ ᠦᠢᠯᠡᠳᠦᠯ ᠨᠢ ᠨᠡᠩ ᠲᠤᠪᠤᠶᠢᠮ᠎ᠠ ᠪᠤᠯᠵᠤ᠂ ᠭᠠᠳᠠᠭᠰᠢ ᠨᠡᠭᠡᠭᠡᠯᠲᠡ ᠨᠢ ᠳᠡᠰ | ᠳᠡᠪᠰᠢᠭᠦᠯᠦᠯᠲᠡ ᠶᠢᠨ ᠨᠢᠭᠡᠨ ᠱᠠᠲᠤ ᠦᠶ᠎ᠡ ᠳᠤ ᠬᠦᠷᠴᠡᠢ᠂ ᠨᠡᠭᠡᠭᠡᠯᠲᠡ ᠬᠢᠬᠦ ᠤᠢᠭᠡᠢ ᠪᠣᠯ ᠥᠭᠡᠳᠡᠯᠡᠬᠦ ᠵᠠᠮ ᠦᠭᠡᠢ | ᠪᠣᠯᠤᠨ᠎ᠠ᠂ ᠨᠡᠭᠡᠭᠡᠯᠲᠡ ᠬᠢᠬᠦ ᠤᠢᠭᠡᠢ ᠪᠣᠯ ᠣᠷᠣᠨ ᠳᠠᠭᠠᠨ ᠡᠷᠭᠢᠴᠡᠭᠡᠳ ᠤᠷᠦᠬᠰᠢ ᠶᠠᠪᠤᠬᠤ ᠦᠭᠡᠢ ᠪᠣᠯ ᠮᠥᠨ | ᠥᠭᠡᠳᠡᠯᠡᠵᠦ ᠴᠢᠳᠠᠬᠤ ᠤᠢᠭᠡᠢ ᠶᠤᠮ᠃ ᠭᠠᠭᠴᠠ ᠬᠦ ᠨᠡᠩ ᠰᠠᠨᠠᠭᠠᠴᠢᠯᠠᠭ᠎ᠠ ᠲᠠᠢ ᠨᠡᠭᠡᠭᠡᠯᠲᠡᠲᠦ ᠪᠠᠶᠢᠯᠳᠤᠬᠤ | ᠪᠤᠲᠤᠯᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠲᠡᠯᠳᠡ ᠬᠦᠴᠦᠨ ᠪᠠ ᠳᠠᠪᠠᠭᠤᠯᠢᠭ ᠲᠠᠯ᠎ᠠ ᠶᠢ ᠭᠦᠢᠴᠡᠳ | ᠪᠠᠳᠠᠷᠠᠭᠤᠯᠪᠠᠯ ᠰᠠᠶ᠋ᠢ ᠰᠢᠨ᠎ᠡ ᠨᠢᠭᠡ ᠡᠭᠡᠯᠵᠢ ᠶᠢᠨ ᠥᠷᠢᠰᠥᠯᠳᠦᠭᠡᠨ ᠳᠤᠮᠳᠠ ᠲᠦᠷᠦᠭᠦᠦ ᠲᠣᠬᠢᠶᠠᠯ ᠢ ᠵᠠᠪᠳᠤᠨ | ᠣᠯᠵᠤ᠂ ᠠᠵᠤ ᠠᠬᠤᠶ ᠶᠢᠨ ᠬᠥᠭᠵᠢᠯᠲᠡ ᠳᠤ ᠡᠷᠴᠢᠮ ᠲᠠᠢ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠰᠢᠨ᠎ᠡ | ᠣᠷᠣᠨ ᠵᠠᠶ ᠶᠢ ᠥᠷᠭᠡᠳᠬᠡᠵᠦ᠂ ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠰᠢᠪᠲᠤᠯᠤᠯᠲᠠ ᠭᠠᠷᠭᠠᠵᠤ ᠴᠢᠳᠠᠨ᠎ᠠ᠃ | ᠨᠡᠬᠡᠬᠡᠯᠲᠡ ᠬᠥᠭᠵᠢᠯᠲᠡ ᠶᠢ ᠪᠠᠷᠢᠮᠲᠠᠯᠠᠶ᠎ᠠ ᠭᠡᠪᠡᠯ ᠡᠷᠬᠡᠪᠰᠢ ᠮᠠᠨ ᠤ ᠤᠯᠤᠰ ᠤᠨ ᠠᠵᠤ ᠠᠬᠤᠶ ᠶᠢ ᠳᠡᠯᠡᠬᠡᠶ ᠶᠢᠨ ᠠᠵᠤ | ᠠᠬᠤᠶ ᠶᠢᠨ ᠬᠠᠨᠳᠤᠰᠢ ᠳᠤ ᠭᠦᠨᠵᠡᠭᠡᠶ ᠠᠭᠤᠰᠤᠯᠴᠠᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠤᠱᠯᠠᠭᠤᠯᠵᠤ᠂ ᠣᠷᠣᠰ᠂ ᠮᠣᠩᠭᠤᠯ ᠤᠯᠤᠰ ᠤᠨ ᠬᠠᠮᠲᠤᠷᠠᠨ ᠠᠵᠢᠯᠯᠠᠬᠤ | ᠶᠢ ᠭᠠᠳᠠᠭᠰᠢ ᠨᠡᠭᠡᠭᠡᠬᠦ ᠶᠢᠨ ᠭᠤᠣᠯᠳᠠᠯᠭ᠎ᠠ ᠪᠣᠯᠭᠠᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠣᠷᠣᠨ | ᠪᠦᠰᠡ ᠶᠢᠨ ᠠᠵᠢᠯ ᠬᠤᠪᠢᠶᠠᠨ ᠬᠠᠮᠵᠢᠯᠴᠠᠬᠤ ᠶᠢ ᠭᠦᠨᠵᠡᠭᠡᠶᠢᠷᠡᠭᠦᠯᠬᠦ ᠪᠠᠷ ᠭᠤᠣᠯᠳᠠᠯᠭ᠎ᠠ ᠪᠣᠯᠭᠠᠨ | ᠳᠣᠲᠣᠭᠠᠳᠤ ᠨᠡᠭᠡᠭᠡᠯᠲᠡ ᠶᠢ ᠥᠷᠭᠡᠳᠬᠡᠵᠦ᠂ ᠣᠷᠣᠭᠤᠯᠵᠤ ᠢᠷᠡᠬᠦ ᠪᠠ ᠭᠠᠳᠠᠭᠰᠢ ᠭᠠᠷᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠪᠡᠯᠡ ᠣᠷᠣᠭᠤᠯᠬᠤ ᠪᠠ ᠣᠶᠣᠨ ᠮᠡᠳᠡᠯᠭᠡ ᠣᠷᠣᠭᠤᠯᠵᠤ ᠠᠪᠴᠢᠷᠠᠬᠤ ᠶᠢ | ᠵᠡᠷᠭᠡ ᠪᠠᠷ ᠠᠳᠬᠤᠬᠤ᠂ ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ | ᠬᠡᠷᠡᠭᠯᠡᠵᠦ᠂ ᠮᠠᠨ ᠤ ᠣᠷᠣᠨ ᠤ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠨᠡᠩ ᠳᠡᠭᠡᠭᠰᠢᠯᠡᠭᠦᠯᠦᠨ᠎ᠡ᠃ | ᠬᠥᠲᠥᠯᠥᠭᠴᠢ᠄ | ︽13· 5︾ ᠶᠢᠨ ᠬᠤᠭᠤᠴᠠᠭᠠᠨ ᠳᠤ᠂ ᠮᠠᠨ ᠤ ᠣᠷᠣᠨ ᠤ ᠭᠠᠳᠠᠭᠰᠢ ᠨᠡᠭᠡᠭᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠳᠤ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠬᠤ ᠪᠤᠶ︖ | ᠸᠠᠩ ᠶᠢᠨ ᠪᠦᠦ᠄ | ︽ᠬᠥᠲᠥᠯᠪᠦᠷᠢ︾ ᠳᠤ ᠳᠤᠷᠠᠳᠤᠨ ᠭᠠᠷᠭᠠᠭᠰᠠᠨ ᠨᠢ᠂ ᠨᠡᠭᠡᠭᠡᠨ ᠬᠥᠭᠵᠢᠭᠦᠯᠬᠦ ᠶᠢ ᠪᠠᠷᠢᠮᠲᠠᠯᠠᠬᠤ ᠳᠤ᠂ | ᠨᠢᠭᠡ ᠳᠤ᠂ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ᠰᠠᠭᠤᠷᠢ ᠪᠡᠯᠡᠳᠬᠡᠮᠵᠢ ᠶᠢᠨ ᠬᠠᠷᠢᠯᠴᠠᠨ | ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠲᠦᠯᠬᠢᠨ ᠠᠬᠢᠭᠤᠯᠵᠤ᠂ ᠬᠢᠯᠢ ᠳᠠᠭᠠᠤ ᠤᠯᠤᠰ ᠯᠤᠭ᠎ᠠ ᠶᠢᠨ ᠠᠵᠤ | ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠮᠦᠨ ᠰᠣᠶᠣᠯ ᠤᠨ ᠰᠣᠯᠢᠯᠴᠠᠭ᠎ᠠ ᠶᠢ | ᠴᠢᠩᠭᠠᠳᠬᠠᠵᠤ᠂ ᠣᠷᠣᠨ ᠪᠦᠰᠡ ᠶᠢᠨ ᠪᠠᠶᠢᠷᠢᠰᠢᠯ ᠢ ᠲᠡᠭᠦᠯᠳᠡᠷᠵᠢᠭᠦᠯᠵᠦ᠂ ᠭᠠᠳᠠᠭᠠᠳᠤ ᠨᠡᠭᠡᠭᠡᠯᠳᠠ ᠪᠠᠷ | ᠭᠤᠣᠯᠳᠠᠯᠭ᠎ᠠ ᠪᠣᠯᠭᠠᠨ᠂ ︽ᠨᠢᠭᠡ ᠪᠦᠰᠡ ᠨᠢᠭᠡ ᠵᠠᠮ︾ ᠤᠨ ᠪᠦᠳᠦᠬᠡᠨ ᠪᠠᠶᠢᠭᠤᠯᠤᠯᠲᠠ ᠶᠢᠨ ᠪᠠᠶᠢᠯᠳᠤᠬᠤ | ᠪᠤᠳᠤᠯᠭ᠎ᠠ ᠲᠠᠢ ᠭᠦᠨᠵᠡᠭᠡᠢ ᠠᠭᠤᠰᠤᠯᠴᠠᠬᠤ ᠬᠡᠷᠡᠭᠲᠡᠢ︔ ᠨᠡᠭᠡᠭᠡᠯᠲᠡ ᠶᠢᠨ ᠲᠠᠪᠴᠠᠩ ᠤᠨ ᠠᠴᠢᠶᠠᠯᠠᠪᠤᠷᠢ ᠶᠢᠨ | ᠪᠥᠳᠥᠭᠡᠨ ᠪᠠᠶᠢᠭᠤᠯᠤᠯᠲᠠ ᠶᠢ ᠴᠢᠩᠭᠠᠳᠬᠠᠬᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ︵ | ᠪᠦᠰᠡ︶ ᠢᠶᠠᠷ ᠭᠤᠣᠯᠳᠠᠯᠭ᠎ᠠ ᠪᠣᠯᠭᠠᠨ᠂ ᠣᠷᠣᠰ ᠮᠣᠩᠭᠤᠯ ᠤᠯᠤᠰ ᠲᠡᠰᠢ ᠨᠡᠭᠡᠭᠡᠯᠲᠡ ᠬᠢᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠬᠡᠷᠡᠭᠲᠡᠶ︔ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠪᠣᠭᠤᠮᠲᠠ ᠪᠠᠷ | ᠥᠩᠭᠡᠷᠡᠬᠦ ᠶᠢ ᠳᠥᠭᠦᠮᠴᠢᠯᠡᠬᠦ ᠲᠣᠭᠲᠠᠴᠠ ᠪᠠ ᠰᠢᠨ᠎ᠡ ᠶᠢ ᠡᠭᠦᠳᠬᠦ ᠳᠦᠷᠦ ᠶᠢᠨ ᠪᠤᠲᠤᠯᠭ᠎ᠠ ᠶᠢᠨ ᠲᠣᠭᠲᠠᠴᠠ ᠶᠢ | ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ | ᠴᠣᠭᠴᠠᠯᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠨᠡᠭᠡᠭᠡᠯᠲᠡᠲᠦ | ᠬᠡᠯᠪᠡᠷᠢ ᠶᠢᠨ ᠠᠵᠤ ᠠᠬᠤᠶ ᠶᠢᠨ ᠰᠢᠨ᠎ᠡ ᠣᠷᠣᠨ ᠵᠠᠶ ᠶᠢ ᠥᠷᠭᠡᠳᠬᠡᠨ᠂ ᠮᠠᠨ ᠤ ᠤᠯᠤᠰ ᠤᠨ ᠤᠮᠠᠷᠠᠰᠢ ᠨᠡᠭᠡᠭᠡᠬᠦ | ᠴᠢᠬᠤᠯᠠ ᠪᠠᠬᠢᠯᠡᠯᠲᠡ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠨᠡᠭᠡᠭᠡᠨ ᠬᠥᠭᠵᠢᠭᠦᠯᠦᠭᠰᠡᠨ ᠠᠵᠤ | ᠠᠬᠤᠶ ᠶᠢᠨ ᠪᠦᠰᠡ ᠶᠢ ᠪᠠᠶᠢᠭᠤᠯᠬᠤ ᠬᠡᠷᠡᠭᠲᠡᠢ᠃ ᠬᠤᠶᠠᠷ ᠲᠤ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ | ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠬᠦ ᠬᠡᠷᠡᠭᠲᠡᠶ᠃ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ | ᠬᠥᠭᠵᠢᠭᠦᠯᠬᠦ ᠲᠠᠢ ᠢᠳᠡᠪᠬᠢᠲᠡᠶ ᠠᠭᠤᠰᠤᠯᠴᠠᠵᠤ᠂ ᠡᠷᠬᠢᠨ ᠲᠣᠭᠤᠷᠢᠨ ᠤ ᠭᠠᠵᠠᠷ ᠣᠷᠣᠨ ᠤ ᠬᠠᠮᠲᠤᠷᠠᠯᠴᠠᠭ᠎ᠠ ᠶᠢ | ᠲᠦᠷᠭᠡᠪᠴᠢᠯᠡᠨ ᠠᠬᠢᠭᠤᠯᠵᠤ᠂ ᠵᠡᠭᠦᠨ ᠪᠡᠶ᠎ᠡ ᠶᠢᠨ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠥᠷᠭᠡᠳᠬᠡᠵᠦ᠂ ᠬᠠᠮᠲᠤᠷᠠᠨ ᠠᠵᠢᠯᠯᠠᠬᠤ ᠠᠷᠭ᠎ᠠ ᠮᠠᠶ᠋ᠢᠭ ᠪᠠ ᠬᠠᠮᠲᠤᠷᠠᠨ ᠠᠵᠢᠯᠯᠠᠬᠤ ᠬᠦᠷᠢᠶ᠎ᠡ ᠪᠠᠨ ᠲᠠᠰᠤᠷᠠᠯᠲᠠ | ᠦᠭᠡᠢ ᠥᠷᠭᠡᠳᠬᠡᠵᠦ᠂ ᠳᠣᠲᠣᠭᠠᠳᠤ ᠨᠡᠭᠡᠭᠡᠯᠳᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ | ᠲᠠᠰᠤᠷᠠᠯᠲᠠ ᠦᠭᠡᠢ ᠡᠭᠦᠳᠦᠨ ᠨᠡᠭᠡᠭᠡᠬᠦ ᠬᠡᠷᠡᠭᠲᠡᠶ᠃ | ᠭᠠᠭᠴᠠ ᠬᠦ ᠶᠡᠭᠡ ᠨᠡᠭᠡᠭᠡᠯᠲᠡ ᠬᠢᠪᠡᠯ ᠰᠠᠶ᠋ᠢ ᠶᠡᠭᠡ ᠪᠠᠷ ᠬᠥᠭᠵᠢᠭᠦᠯᠵᠦ ᠴᠢᠳᠠᠨ᠎ᠠ᠃ ᠰᠢᠨ᠎ᠡ ᠪᠠᠶᠢᠳᠠᠯ ᠳᠣᠣᠷ᠎ᠠ᠂ | ᠪᠢᠳᠡ ᠡᠷᠬᠡᠪᠰᠢ ᠣᠳᠣᠬᠠᠨ ᠤ ᠠᠰᠢᠭᠲᠠᠶ ᠴᠠᠭ ᠲᠣᠬᠢᠶᠠᠯ ᠢ ᠠᠳᠬᠤᠵᠤ᠂ ᠬᠥᠭᠵᠢᠯᠲᠡ ᠶᠢᠨ ᠤᠨᠤᠯᠵᠢᠬᠤᠨ ᠢ ᠪᠠᠲᠤ | ᠪᠠᠬᠢ ᠪᠤᠢ ᠪᠣᠯᠭᠠᠵᠤ᠂ ᠨᠡᠭᠡᠭᠡᠯᠲᠡ ᠪᠠᠨ ᠥᠷᠭᠡᠳᠬᠡᠬᠦ ᠪᠠᠷ ᠰᠢᠨ᠎ᠡ ᠶᠢ ᠡᠭᠦᠳᠬᠦ ᠶᠢ ᠳᠠᠶᠢᠴᠢᠯᠠᠵᠤ᠂ | ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ᠂ ᠤᠮᠠᠷᠠᠲᠤ ᠣᠷᠣᠨ ᠳᠤ ᠲᠡᠶᠢᠰᠢ ᠬᠠᠨᠳᠤᠭᠤᠯᠵᠤ᠂ | ᠳᠣᠲᠣᠷ ᠭᠠᠵᠠᠷ ᠲᠤ ᠦᠢᠯᠡᠴᠢᠯᠡᠭᠰᠡᠨ ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ | ᠪᠠᠶᠢᠭᠤᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠨᠡᠭᠡᠭᠡᠯᠲᠡᠲᠦ ᠬᠥᠭᠵᠢᠯᠲᠡ ᠶᠢᠨ ᠰᠢᠨ᠎ᠡ | ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠶ ᠶᠤᠮ᠃ | ᠬᠥᠲᠥᠯᠥᠭᠴᠢ᠄ | ᠬᠠᠮᠲᠤᠪᠠᠷ ᠡᠳ᠋ᠯᠡᠬᠦ ᠬᠥᠭᠵᠢᠯᠲᠡ ᠶᠢ ᠬᠡᠷᠬᠢᠨ ᠤᠶᠢᠯᠭᠠᠪᠠᠯ ᠵᠣᠬᠢᠬᠤ ᠪᠤᠢ︖ | ᠸᠠᠩ ᠶᠢᠨ ᠪᠦᠦ᠄ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠨᠢᠭᠡᠳᠦᠭᠡᠷ ᠵᠠᠭᠤᠨ ᠵᠢᠯ ᠤᠨ ᠪᠦᠬᠦ | ᠬᠠᠷᠠᠯᠲᠠ ᠠᠴᠠ ᠠᠪᠴᠤ ᠦᠵᠡᠪᠡᠯ᠂ 2020 ᠣᠨ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 2010 | ᠣᠨ ᠤ ᠬᠢ ᠠᠴᠠ ᠬᠤᠶᠠᠷ ᠳᠠᠬᠢᠨ ᠨᠡᠮᠡᠭᠳᠡᠭᠦᠯᠦᠨ᠎ᠡ᠂ ᠭᠡᠪᠡᠴᠦ ᠵᠥᠪᠬᠡᠨ ︽ᠶᠡᠷᠦᠩᠬᠡᠶ ᠥᠷᠲᠡᠭ︾ ᠪᠠ ︽ᠬᠥᠮᠦᠨ | ᠳᠤᠮᠳᠠᠴᠢ ︾ ᠶᠢᠨ ᠴᠢᠨᠡᠭᠡᠯᠢᠭ ᠨᠢ ᠪᠦᠬᠦ ᠲᠠᠯ᠎ᠠ ᠶᠢᠨ ᠴᠢᠨᠡᠭᠡᠯᠢᠭ ᠪᠢᠰᠢ᠂ ᠨᠢᠭᠡ ᠪᠦᠯᠦᠭ ᠬᠥᠮᠦᠰ ︽ᠴᠢᠨᠡᠭᠡᠯᠢᠭᠵᠢᠬᠦ︾ | ᠨᠢ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠤᠨ ᠦᠷᠲᠡᠭ ᠤᠨ ᠥᠩᠭᠡ ᠪᠣᠳᠤᠭ ᠢ ᠬᠤᠬᠢᠷᠠᠭᠤᠯᠵᠤ᠂ ᠪᠦᠬᠦ | ᠲᠠᠯ᠎ᠠ ᠶᠢᠨ ᠴᠢᠨᠡᠭᠡᠯᠢᠭ ᠨᠡᠶᠢᠭᠡᠮ ᠤᠨ ᠪᠤᠳᠠᠲᠠᠢ ᠴᠢᠨᠠᠷ ᠢ ᠪᠠᠭᠤᠷᠠᠭᠤᠯᠤᠨ᠎ᠠ᠃ ᠪᠦᠭᠦ ᠲᠠᠯ᠎ᠠ ᠶᠢᠨ ᠴᠢᠨᠡᠭᠡᠯᠢᠭ | ᠨᠡᠶᠢᠭᠡᠮ ᠪᠣᠯ ᠬᠥᠮᠦᠨ ᠪᠥᠬᠦᠨ ᠬᠠᠮᠲᠤ ᠪᠠᠷ ᠡᠳ᠋ᠯᠡᠬᠦ ᠨᠡᠶᠢᠭᠡᠮ ᠪᠣᠯᠣᠨ᠎ᠠ᠂ ᠨᠢᠭᠡ ᠬᠥᠮᠦᠨ ᠴᠦ ᠬᠤᠴᠣᠷᠤᠭᠰᠠᠨ | ᠦᠭᠡᠢ ᠴᠢᠨᠡᠭᠡᠯᠢᠭᠵᠢᠭᠰᠡᠨ ᠪᠠᠶᠢᠬᠤ ᠬᠡᠷᠡᠭᠲᠡᠢ ᠶᠤᠮ᠂ ᠡᠨᠡ ᠨᠢ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠳᠠᠬᠢ ᠬᠦᠴᠢᠷᠳᠡᠯ ᠪᠣᠯᠣᠨ ᠰᠢᠪᠲᠤᠯᠤᠯᠲᠠ ᠪᠣᠯᠣᠨ᠎ᠠ᠃ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠡᠷᠬᠡᠪᠰᠢ ᠬᠥᠭᠵᠢᠯᠲᠡ ᠶᠢᠨ ᠤᠨᠤᠯᠵᠢᠬᠤᠨ ᠢᠶᠠᠷ ᠪᠣᠳᠣᠯᠬᠢᠯᠠᠨ | ᠲᠣᠬᠢᠷᠠᠭᠤᠯᠵᠤ᠂ ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠨᠡᠶᠢᠳᠡᠮ | ᠳᠡᠭᠡᠭᠰᠢᠯᠡᠭᠦᠯᠦᠨ᠂ ᠢᠯᠠᠩᠭᠤᠶ᠎ᠠ ᠶᠠᠳᠠᠭᠤ ᠬᠦᠴᠢᠷᠳᠡᠯ ᠲᠠᠢ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠶᠠᠳᠠᠭᠤ ᠬᠦᠴᠢᠷᠳᠡᠯᠲᠡᠢ ᠮᠠᠯᠠᠭᠠᠶ ᠶᠢ ᠲᠠᠶᠠᠭᠳᠠᠬᠤ ᠬᠡᠷᠡᠭᠲᠡᠶ᠃ ᠬᠤᠶᠠᠳᠤᠭᠠᠷ ᠵᠠᠭᠤᠨ ᠵᠢᠯ ᠤᠨ | ᠬᠠᠷᠠᠯᠲᠠ ᠶᠢ ᠪᠠᠷᠠᠯᠠᠵᠤ᠂ ᠬᠥᠭᠵᠢᠯᠲᠡ ᠶᠢ ᠪᠠᠷᠢᠮᠲᠠᠯᠠᠵᠤ᠂ ᠬᠥᠮᠦᠨ ᠪᠦᠬᠦᠨ ᠳᠤ ᠬᠦᠷᠲᠡᠭᠡᠯ ᠬᠦᠷᠲᠡᠭᠰᠡᠨ | ᠲᠥᠷᠥᠭᠳᠡᠯ ᠣᠯᠭᠤᠵᠤ᠂ ᠬᠥᠮᠦᠨ ᠪᠦᠷᠢ ᠶᠢᠨ ᠵᠣᠯ ᠵᠢᠷᠭᠠᠯᠲᠤ ᠰᠡᠳᠬᠢᠯᠭᠡ ᠶᠢ ᠨᠡᠮᠡᠭᠳᠡᠭᠦᠯᠬᠦ ᠪᠣᠯ ᠮᠥᠨ ᠦᠨᠳᠦᠰᠦᠨ | ᠱᠠᠭᠠᠷᠳᠠᠯᠭ᠎ᠠ ᠮᠥᠨ᠃ ᠣᠳᠣ᠂ ᠠᠷᠠᠳ ᠣᠯᠠᠨ ᠲᠥᠪ ᠭᠤᠣᠯᠴᠢ ᠪᠠᠶᠢᠬᠤ ᠶᠢ ᠨᠡᠩ ᠶᠡᠭᠡ ᠬᠦᠰᠡᠵᠦ ᠱᠠᠭᠠᠷᠳᠠᠬᠤ᠂ | ᠨᠡᠩ ᠰᠠᠶᠢᠨ ᠣᠷᠴᠢᠨ ᠲᠤᠭᠤᠷᠢᠨ ᠢ ᠬᠥᠭᠡᠭᠡᠴᠡᠯᠳᠦᠬᠦ᠂ ᠨᠡᠩ ᠰᠠᠶᠢᠨ ᠠᠮᠢᠳᠤᠷᠠᠯ ᠢ ᠮᠥᠷᠥᠭᠡᠳᠬᠦ ᠨᠢ ᠳᠠᠷᠤᠶ ᠪᠢᠳᠠ | ᠬᠤᠶᠢᠰᠢᠳᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢ ᠲᠥᠰᠥᠪᠯᠡᠬᠦ ᠳᠡᠭᠡᠨ᠂ ᠤᠯᠡᠠ ᠲᠦᠮᠡᠨ ᠳᠤ ᠨᠡᠩ ᠠᠷᠪᠢᠨ | ᠬᠦᠷᠲᠡᠭᠡᠯ ᠬᠦᠷᠲᠡᠭᠡᠭᠰᠡᠨ ᠲᠥᠷᠥᠭᠳᠡᠯ ᠣᠯᠭᠤᠬᠤ᠂ ᠨᠡᠩ ᠶᠡᠭᠡ ᠵᠣᠯ ᠵᠢᠷᠭᠠᠯ ᠲᠠᠢ ᠰᠡᠳᠬᠢᠭᠳᠡᠯ ᠣᠯᠭᠤᠬᠤ ᠶᠢ | ᠲᠣᠭᠲᠠᠭᠠᠵᠠᠢ᠃ ︽13· 5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤ ᠪᠣᠯᠬᠤᠷ᠂ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠨᠡᠯᠢᠶᠡᠳ ᠬᠤᠴᠣᠷᠤᠩᠭᠤᠶ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠰᠠᠭᠤᠷᠢ ᠲᠤᠭ᠎ᠠ ᠨᠡᠯᠢᠶᠡᠳ ᠶᠡᠭᠡ᠂ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠲᠠᠬᠢ ᠥᠷᠢ ᠶᠡᠭᠡ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠦᠬᠦ ᠤᠯᠤᠰ ᠤᠨ ᠳᠤᠮᠳᠠᠴᠢ ᠬᠡᠮᠵᠢᠶ᠎ᠡ ᠠᠴᠠ ᠳᠣᠣᠷ᠎ᠠ | ᠪᠠᠶᠢᠬᠤ ᠵᠡᠷᠭᠡ ᠠᠯᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠤ ᠡᠮᠦᠨ᠎ᠡ᠂ ᠥᠪᠥᠷ ᠮᠣᠩᠭᠤᠯ ᠬᠠᠮᠲᠤ ᠪᠠᠷ | ᠡᠳ᠋ᠯᠡᠬᠦ ᠬᠥᠭᠵᠢᠯᠲᠡ ᠶᠢ ᠪᠠᠷᠢᠮᠲᠠᠯᠠᠬᠤ ᠡᠭᠦᠷᠭᠡ ᠨᠡᠩ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠬᠠᠮᠲᠤ ᠪᠠᠷ ᠡᠳ᠋ᠯᠡᠬᠦ | ᠬᠥᠭᠵᠢᠯᠲᠡ ᠶᠢ ᠪᠠᠷᠢᠮᠲᠠᠯᠠᠵᠤ᠂ ᠬᠥᠭᠵᠢᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠭᠤᠶᠢᠪᠢᠰᠢ | ᠦᠭᠡᠢ ᠪᠠᠷᠢᠮᠲᠠᠯᠠᠵᠤ᠂ ᠲᠤᠮᠤ ︽ᠪᠣᠣᠪᠤ︾ ᠪᠠᠨ ᠤᠯᠠᠮ ᠶᠡᠬᠡᠳᠡᠭᠦᠯᠵᠦ᠂ ᠠᠷᠠᠳ ᠣᠯᠠᠨ ᠳᠤ ᠬᠥᠭᠵᠢᠯᠲᠡ ᠶᠢᠨ | ᠳᠤᠮᠳᠠ ᠬᠠᠮᠲᠣᠪᠠᠷ ᠡᠳ᠋ᠯᠡᠬᠦ ᠨᠡᠩ ᠥᠨᠳᠥᠷ᠂ ᠨᠡᠩ ᠥᠷᠭᠡᠨ᠂ ᠨᠡᠩ ᠲᠥᠪ ᠭᠤᠣᠯᠴᠢ ᠪᠠᠷ ᠬᠦᠷᠲᠡᠭᠡᠨ᠎ᠡ︔ | ᠡᠷᠬᠡᠪᠰᠢ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠲᠦᠰᠢᠭᠯᠡᠨ ᠬᠠᠮᠲᠤ ᠪᠠᠷ | ᠴᠢᠷᠮᠠᠶᠢᠨ ᠲᠡᠮᠡᠴᠡᠬᠦ ᠪᠠ ᠴᠢᠷᠮᠠᠶᠢᠨ ᠡᠭᠦᠳᠦᠨ ᠪᠦᠲᠦᠭᠡᠵᠦ᠂ ︽ᠬᠥᠮᠦᠨ ᠪᠥᠬᠦᠨ ᠣᠷᠣᠯᠴᠠᠵᠤ᠂ ᠬᠥᠮᠦᠨ ᠪᠦᠬᠦᠨ | ᠴᠢᠷᠮᠠᠶᠢᠵᠤ᠂ ᠬᠥᠮᠦᠨ ᠪᠦᠬᠦᠨ ᠬᠠᠮᠲᠤᠪᠠᠷ ᠬᠦᠷᠲᠡᠬᠦ︾ ᠪᠠᠶᠢᠳᠠᠯ ᠢ ᠪᠦᠷᠢᠯᠳᠦᠭᠦᠯᠵᠦ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠳᠤᠮᠳᠠ ᠵᠣᠯ ᠵᠢᠷᠭᠠᠯᠲᠤ ᠠᠮᠢᠳᠤᠷᠠᠯ᠂ ᠰᠠᠶᠢᠨ ᠰᠠᠶᠢᠬᠠᠨ ᠢᠷᠡᠭᠡᠳᠦᠶ ᠲᠠᠢ ᠪᠣᠯᠣᠨ᠎ᠠ᠃ | ᠬᠥᠲᠥᠯᠥᠭᠴᠢ᠄ | ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠶᠠᠭᠠᠬᠢᠪᠠᠯ ᠰᠠᠶ᠋ᠢ ᠪᠥᠬᠦ ᠣᠷᠣᠨ ᠤ | ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠵᠦ ᠴᠢᠳᠠᠬᠤ ᠪᠤᠢ︖ | ᠸᠠᠩ ᠶᠢᠨ ᠪᠣᠣ᠄ | ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠰᠭᠡᠯ ᠪᠣᠯᠤᠨ ᠲᠡᠭᠦᠰᠬᠡᠯ ᠮᠥᠨ᠃ | ︽ᠬᠦᠲᠦᠯᠪᠦᠷᠢ︾ ᠳᠤ ᠳᠤᠷᠠᠳᠤᠨ ᠭᠠᠷᠭᠠᠭᠰᠠᠨ ᠨᠢ᠂ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠠᠷᠠᠳ | ᠲᠦᠮᠡᠨ ᠤ ᠠᠵᠠ ᠵᠢᠷᠭᠠᠯ ᠢ ᠨᠡᠮᠡᠭᠳᠡᠭᠦᠯᠦᠨ᠎ᠡ᠂ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ | ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠨᠠᠷᠠᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ ᠨᠠᠷᠠᠯᠢᠭ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠶᠠᠳᠠᠭᠤ ᠶᠢ ᠲᠡᠳᠬᠦᠬᠦ ᠣᠷᠣᠭᠤᠯᠤᠯᠲᠠ ᠶᠢ | ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ | ᠭᠤᠣᠯᠳᠠᠯᠭ᠎ᠠ ᠲᠠᠢ ᠢᠨᠵᠧᠨᠧᠷᠢᠩ ᠤᠨ ᠲᠦᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ 2017 ᠣᠨ ᠪᠣᠯᠬᠤ ᠳᠤ ᠬᠠᠷᠢᠴᠠᠯᠠᠰᠢ ᠥᠭᠡᠢ ᠶᠠᠳᠠᠭᠤ ᠶᠢ | ᠦᠨᠳᠦᠰᠦᠨ ᠳᠡᠭᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ | ᠬᠤᠰᠢᠭᠤ ᠰᠢᠶᠠᠨ ᠪᠥᠬᠦᠡ ᠤ ᠶᠠᠳᠠᠭᠤ ᠬᠦᠴᠢᠷᠳᠡᠯᠲᠡᠢ ᠮᠠᠯᠠᠭᠠᠶ ᠶᠢ ᠲᠠᠶᠠᠭᠳᠠᠵᠤ᠂ 2020 ᠣᠨ ᠪᠣᠯᠬᠤ ᠳᠤ | ᠤᠯᠤᠰ ᠤᠨ ᠣᠳᠣᠬᠢ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠲᠠᠷᠢᠶᠠᠯᠠᠬᠤ ᠮᠠᠯᠵᠢᠬᠤ ᠣᠷᠣᠨ ᠤ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠪᠥᠬᠦᠡ ᠤ ᠶᠠᠳᠠᠭᠤ ᠬᠦᠴᠢᠷᠳᠡᠯᠲᠡᠢ ᠮᠠᠯᠠᠭᠠᠶ ᠶᠢ ᠲᠠᠶᠠᠭᠳᠠᠵᠤ᠂ ᠣᠷᠣᠨ | ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠵᠦ᠂ ᠪᠦᠬᠦ ᠤᠯᠤᠰ ᠲᠠᠢ | ᠴᠤᠭᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠬᠤᠶᠠᠷ ᠲᠤ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠮᠣᠷᠠᠯ ᠢ ᠪᠤᠶ ᠪᠣᠯᠭᠠᠨ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠵᠤ᠂ | ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠮᠠᠬᠠᠪᠣᠳ ᠭᠤᠸ᠎ᠠ | ᠰᠠᠶᠢᠬᠠᠨ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ᠃ ᠭᠤᠷᠪᠠ ᠳᠤ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ | ᠠᠬᠢᠭᠤᠯᠬᠤ ᠬᠡᠷᠡᠭᠲᠡᠶ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ | ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠨᠡᠩ ᠢᠳᠡᠪᠬᠢᠲᠡᠶ ᠠᠵᠢᠯ ᠣᠯᠭᠤᠯᠲᠠ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠳᠦᠷᠪᠡ ᠳᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠶ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠠᠭᠤᠭᠠᠯᠢ | ᠠᠷᠠᠳ ᠤᠨ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠯᠭ᠎ᠠ ᠶᠢᠨ ᠵᠥᠷᠢᠶ᠎ᠡ ᠶᠢ ᠬᠦᠴᠦᠯᠡᠨ | ᠪᠠᠭᠠᠰᠬᠠᠬᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠢᠵᠢᠯᠢ | ᠠᠯᠬᠤᠮ ᠪᠠᠶᠢᠯᠭᠠᠬᠤ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ ᠪᠠ ᠬᠥᠳᠡᠯᠮᠦᠷᠢ | ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠶᠢ ᠢᠵᠢᠯᠢ ᠠᠯᠬᠤᠮ ᠪᠠᠶᠢᠯᠭᠠᠵᠤ᠂ ᠵᠦᠢ ᠵᠣᠬᠢᠰᠲᠠᠶ ᠪᠥᠭᠡᠳ | ᠡᠮᠬᠢ ᠵᠢᠷᠤᠮ ᠲᠠᠢ ᠬᠤᠪᠢᠶᠠᠷᠢᠯᠠᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠳᠦᠭᠦᠯᠬᠦ ᠬᠡᠷᠡᠭᠲᠡᠢ᠃ | ᠲᠠᠪᠤ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠨᠡᠶᠢᠭᠡᠮ ᠤᠨ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ | ᠲᠡᠭᠦᠯᠳᠡᠷᠵᠢᠭᠦᠯᠬᠦ᠂ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ᠤᠯᠠᠨ ᠳᠡᠰ ᠳᠠᠪᠬᠤᠷᠭ᠎ᠠ | ᠪᠦᠬᠦᠢ ᠣᠷᠣᠨ ᠰᠠᠭᠤᠴᠠ ᠶᠢᠨ ᠪᠠᠲᠤᠯᠠᠭ᠎ᠠ ᠪᠠ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢ | ᠬᠠᠮᠤᠷᠤᠭᠰᠠᠨ᠂ ᠨᠡᠩ ᠭᠤᠣᠯᠴᠢ ᠪᠥᠭᠡᠳ ᠦᠷᠭᠦᠯᠵᠢᠯᠡᠭᠦᠯᠬᠦ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠬᠤ | ᠬᠡᠷᠡᠭᠲᠡᠢ᠃ ᠵᠢᠷᠭᠤᠭ᠎ᠠ ᠳᠤ ᠡᠷᠡᠭᠦᠯ ᠴᠢᠬᠢᠷᠠᠭ ᠥᠪᠥᠷ ᠮᠣᠩᠭᠤᠯ ᠤᠨ ᠪᠥᠳᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠡᠷᠡᠭᠲᠡᠶ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠢᠷᠭᠡᠳ ᠤᠨ ᠪᠡᠶ᠎ᠡ ᠮᠠᠬᠠᠪᠣᠳ ᠶᠢ ᠴᠢᠬᠢᠷᠠᠭᠵᠢᠭᠤᠯᠵᠤ᠂ | ᠰᠠᠭᠤᠭᠠᠯᠢ ᠠᠷᠠᠳ ᠤᠨ ᠡᠷᠡᠭᠦᠯ ᠮᠡᠨᠳᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠯᠤᠭ᠎ᠠ ᠳᠤ ᠬᠥᠮᠦᠨ ᠠᠮᠠ ᠶᠢᠨ | ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠬᠡᠷᠡᠭᠲᠡᠶ᠃ ᠲᠦᠷᠦᠭᠦ ᠨᠠᠰᠤᠨ ᠤ ᠬᠥᠮᠦᠨ ᠠᠮᠠ ᠶᠢᠨ ᠬᠡᠪ ᠪᠣᠯᠪᠠᠰᠤᠷᠠᠯ ᠢ | ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ | ᠵᠡᠮᠳᠡᠭᠴᠦᠳ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠮᠦᠨ ᠠᠮᠠ ᠶᠢᠨ ᠨᠠᠰᠤᠵᠢᠯᠲᠠ ᠶᠢ | ᠢᠳᠡᠪᠬᠢᠲᠡᠶ ᠪᠠᠷ ᠠᠷᠭᠠᠴᠠᠵᠤ᠂ ᠥᠪᠡᠷᠲᠡᠭᠡᠨ ᠵᠠᠰᠠᠬᠤ ᠣᠷᠣᠨ ᠤ ᠴᠢᠨᠡᠭᠡᠯᠢᠭ ᠨᠡᠶᠢᠭᠡᠮ ᠢ ᠪᠠᠶᠢᠭᠤᠯᠬᠤ ᠳᠤ ᠬᠥᠮᠦᠨ | ᠠᠮᠠ ᠶᠢᠨ ᠰᠠᠶᠢᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ ᠭᠡᠵᠡᠢ᠃ | ︽ᠶᠢᠷᠲᠢᠨᠴᠦ ᠶᠢ ᠵᠠᠰᠠᠬᠤᠶ᠎ᠠ ᠳᠤᠷ᠂ ᠤᠷᠢᠳᠠᠪᠠᠷ ᠭᠤᠣᠯᠴᠢ ᠶᠢ ᠡᠷᠬᠢᠮᠯᠡᠮᠦᠢ᠂ ᠭᠤᠣᠯᠴᠢ ᠪᠣᠯᠪᠠᠰᠤ ᠳᠡᠯᠡᠬᠡᠶ | ᠳᠠᠬᠢᠨ ᠢ ᠲᠦᠪᠡᠭᠰᠢᠶᠡᠮᠦᠢ︾᠃ ᠪᠢᠳᠡ ᠭᠠᠭᠴᠠ ᠬᠦ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠠᠷᠠᠳ | ᠲᠦᠮᠡᠨ ᠤ ᠠᠵᠠ ᠵᠢᠷᠭᠠᠯ ᠢ ᠲᠠᠰᠤᠷᠠᠯᠳᠡ ᠦᠭᠡᠢ ᠨᠡᠮᠡᠭᠳᠡᠭᠦᠯᠪᠡᠯ᠂ ᠬᠥᠭᠵᠢᠯᠲᠡ ᠰᠠᠶ᠋ᠢ ᠨᠡᠩ ᠬᠠᠯᠠᠭᠤᠨ ᠳᠤᠯᠠᠭᠠᠨ | ᠪᠣᠯᠵᠤ᠂ ᠵᠣᠯ ᠵᠢᠷᠭᠠᠯ ᠤᠯᠠᠮ ᠰᠡᠳᠬᠢᠯ ᠳᠤ ᠬᠤᠨᠣᠭᠰᠢᠨ᠂ ᠣᠶᠤᠨ ᠢ ᠨᠡᠩ ᠴᠢᠳᠠᠯ ᠢᠶᠠᠨ ᠨᠢᠭᠲᠠᠷᠠᠭᠤᠯᠤᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠯᠬᠤᠴᠠ ᠶᠢ ᠨᠡᠩ ᠢᠳᠡᠷᠡᠭᠦᠨ᠂ ᠨᠡᠩ ᠬᠦᠴᠦᠲᠡᠶ ᠪᠣᠯᠭᠠᠵᠤ | ᠴᠢᠳᠠᠨ᠎ᠠ᠃ | ᠬᠥᠲᠥᠯᠥᠭᠴᠢ᠄ | ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠬᠠᠯᠬᠠᠪᠴᠢ ᠶᠢ ᠪᠠᠲᠤ ᠪᠠᠬᠢ ᠪᠠᠶᠢᠭᠤᠯᠬᠤ ᠭᠤᠣᠯ ᠠᠷᠭ᠎ᠠ ᠬᠡᠮᠵᠢᠶ᠎ᠡ ᠨᠢ ᠶᠠᠭᠤ ᠶᠠᠭᠤ ᠪᠠᠶᠢᠳᠠᠭ | ᠪᠤᠢ︖ | ᠸᠠᠩ ᠶᠢᠨ ᠪᠣᠣ᠄ | ᠥᠪᠥᠷ ᠮᠣᠩᠭᠤᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠨᠢ ᠤᠯᠤᠰ ᠣᠷᠣᠨ ᠤ ᠠᠮᠤᠷ ᠲᠦᠪᠰᠢᠨ | ᠪᠠ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠬᠤᠯᠪᠣᠭᠳᠠᠨ᠎ᠠ᠃ ᠭᠠᠵᠠᠷ ᠵᠦᠢ ᠶᠢᠨ ᠪᠠᠶᠢᠷᠢ ᠪᠠ ᠪᠠᠶᠢᠯᠳᠤᠬᠤ | ᠪᠣᠳᠣᠯᠭ᠎ᠠ ᠶᠢᠨ ᠪᠠᠶᠢᠷᠢ ᠰᠠᠭᠤᠷᠢ ᠠᠴᠠ ᠠᠪᠴᠤ ᠦᠵᠡᠪᠡᠯ᠂ ᠮᠠᠨ ᠤ ᠣᠷᠣᠨ ᠡᠬᠡ ᠣᠷᠣᠨ ᠤ ᠤᠮᠠᠷᠠᠲᠤ ᠬᠢᠯᠢ ᠳᠤ | ᠪᠠᠶᠢᠷᠢᠯᠠᠵᠤ᠂ ᠳᠣᠲᠣᠷ᠎ᠠ ᠪᠠᠨ 8 ᠮᠤᠵᠢ ᠣᠷᠣᠨ ᠲᠠᠢ ᠬᠥᠷᠰᠢ ᠵᠡᠷᠭᠡᠯᠡᠳᠡᠭᠡ ᠣᠷᠣᠰᠢᠵᠤ᠂ ᠭᠠᠳᠠᠨ᠎ᠠ ᠪᠠᠨ ᠤᠷᠤᠰ | ᠪᠣᠯᠤᠨ ᠮᠣᠩᠭᠤᠯ ᠤᠯᠤᠰ ᠲᠠᠢ ᠬᠥᠷᠰᠢᠯᠳᠦᠵᠦ᠂ ᠬᠢᠯᠢ ᠶᠢᠨ ᠱᠤᠭᠤᠮ ᠤᠷᠳᠤ᠂ ᠪᠣᠭᠤᠮᠲᠠ ᠣᠯᠠᠨ ᠪᠣᠯᠬᠤᠷ᠂ | ᠮᠠᠨ ᠤ ᠤᠯᠤᠰ ᠤᠨ ᠤᠮᠠᠷᠠᠰᠢ ᠨᠡᠭᠡᠭᠡᠬᠦ ᠴᠢᠬᠤᠯᠠ ᠴᠣᠩᠬᠤ᠂ ᠡᠭᠡ ᠣᠷᠣᠨ ᠤ ᠤᠮᠠᠷᠠᠲᠤ ᠬᠠᠭᠠᠯᠭ᠎ᠠ᠂ ᠨᠡᠶᠢᠰᠯᠡᠯ ᠤᠨ | ᠬᠤᠲᠠ ᠶᠢᠨ ᠣᠨᠠᠭᠤᠯᠢ ᠭᠤᠣᠯ ᠪᠣᠯᠣᠨ᠎ᠠ᠃ ᠭᠠᠵᠠᠷ ᠣᠷᠣᠨ ᠤ ᠣᠨᠴᠠᠯᠢᠭ ᠠᠴᠠ ᠠᠪᠴᠤ ᠦᠵᠡᠪᠡᠯ᠂ ᠥᠪᠥᠷ | ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠮᠥᠨ᠂ ᠮᠠᠨ ᠤ ᠤᠯᠤᠰ ᠤᠨ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠡᠭᠦᠰᠦᠯᠲᠡ ᠶᠢᠨ ᠣᠷᠣᠨ ᠪᠣᠯᠬᠤ ᠶᠤᠮ᠃ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠨᠢ | ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠲᠦᠷᠭᠡᠳᠬᠡᠬᠦ᠂ | ᠡᠬᠡ ᠤᠯᠤᠰ ᠤᠨ ᠤᠮᠠᠷᠠᠲᠤ ᠬᠢᠯᠢ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠲᠦᠢᠯ ᠤᠨ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ | ︽ᠬᠦᠲᠦᠯᠪᠦᠷᠢ︾ ᠳᠤ ᠳᠤᠷᠠᠳᠤᠨ ᠭᠠᠷᠭᠠᠭᠰᠠᠨ ᠨᠢ᠂ ᠡᠶ᠎ᠡ ᠵᠣᠬᠢᠴᠠᠯ ᠲᠠᠢ ᠥᠪᠥᠷ ᠮᠣᠩᠭᠤᠯ ᠢ ᠪᠥᠳᠥᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠂ ᠨᠢᠭᠡ ᠳᠤ᠂ ᠬᠠᠤᠯᠢ ᠪᠠᠷ ᠵᠠᠰᠠᠬᠤ ᠥᠪᠥᠷ ᠮᠣᠩᠭᠤᠯ ᠢ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠢ ᠪᠦᠲᠦᠭᠡᠨ | ᠪᠠᠶᠢᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠷᠠᠳ ᠲᠦᠮᠡᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ | ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠠᠤᠯᠢ ᠪᠠᠷ ᠵᠠᠰᠠᠬᠤ ᠥᠪᠥᠷ ᠮᠣᠩᠭᠤᠯ ᠢ ᠪᠥᠳᠥᠭᠡᠨ ᠪᠠᠶᠢᠭᠤᠯᠬᠤ | ᠶᠠᠪᠤᠴᠠ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ᠂ ᠠᠮᠤᠭᠤᠯᠠᠩ ᠲᠠᠶᠢᠪᠤᠩ ᠥᠪᠥᠷ ᠮᠣᠩᠭᠤᠯ ᠢ ᠪᠠᠶᠢᠭᠤᠯᠬᠤ | ᠬᠡᠷᠡᠭᠲᠡᠶ᠃ ᠤᠮᠠᠷᠠᠲᠤ ᠬᠢᠯᠢ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠬᠤ᠂ ᠨᠡᠶᠢᠭᠡᠮ ᠤᠨ ᠵᠥᠷᠢᠴᠡᠯ ᠢ | ᠵᠢᠭᠰᠠᠭᠠᠨ ᠪᠠᠶᠢᠴᠠᠭᠠᠵᠤ ᠨᠠᠮᠳᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ᠂ ᠤᠯᠠᠨ ᠨᠡᠶᠢᠲᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠦᠨ | ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠪᠦᠬᠦ ᠠᠷᠠᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠠᠮᠤᠭᠤᠯᠠᠩ ᠲᠠᠶᠢᠪᠤᠩ ᠥᠪᠥᠷ ᠮᠣᠩᠭᠤᠯ ᠤᠨ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠬᠥᠲᠥᠯᠥᠭᠴᠢ᠄ | ︽ᠬᠦᠲᠦᠯᠪᠦᠷᠢ︾ ᠳᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠶᠠᠭᠠᠬᠢᠪᠠᠯ ᠰᠠᠶ᠋ᠢ ᠪᠣᠳᠠᠲᠠᠶ ᠪᠠᠷ | ᠨᠠᠶᠢᠳᠠᠪᠤᠷᠢᠵᠢᠭᠤᠯᠬᠤ ᠪᠤᠢ︖ | ᠸᠠᠩ ᠶᠢᠨ ᠪᠣᠣ᠄ | ᠲᠥᠷᠥ ᠪᠠᠷᠢᠬᠤ ᠶᠢᠨ ᠶᠣᠰᠣ ᠬᠡᠮᠡᠪᠡᠰᠦ᠂ ᠤᠬᠠᠭᠠᠨ ᠦᠭᠡᠢ ᠠᠴᠠ ᠵᠣᠪᠠᠨ᠎ᠠ᠂ ᠰᠠᠶᠢᠨ ᠤᠬᠠᠭᠠᠨ ᠪᠠᠶᠢᠭᠠᠳ | ᠨᠠᠶᠢᠳᠠᠪᠤᠷᠢᠵᠢᠭᠤᠯᠵᠤ ᠴᠢᠳᠠᠬᠤ ᠦᠭᠡᠢ ᠠᠴᠠ ᠨᠡᠩ ᠵᠣᠪᠠᠨᠢᠨ᠎ᠠ᠃ ᠥᠪᠡᠷᠲᠡᠭᠡᠨ ᠵᠠᠰᠠᠬᠤ ᠣᠷᠣᠨ ᠤ ︽13 · 5︾ | ᠶᠢᠨ ᠲᠥᠯᠥᠪᠵᠢᠭᠦᠯᠭᠡ ᠶᠢᠨ ︽ᠬᠦᠲᠦᠯᠪᠦᠷᠢ︾ ᠳᠤ ᠮᠠᠨ ᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠶᠢᠨ ᠡᠭᠦᠷᠭᠡ᠂ ᠴᠢᠬᠤᠯᠠ ᠶᠡᠭᠡ | ᠪᠠᠶᠢᠯᠳᠤᠬᠤ ᠪᠤᠳᠤᠯᠭ᠎ᠠ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠪᠦᠬᠦ ᠣᠷᠣᠨ ᠤ 2500 | ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠬᠦᠰᠡᠯ ᠢ ᠠᠴᠢᠶᠠᠯᠠᠭᠰᠠᠨ | ᠪᠣᠯᠬᠤᠷ᠂ ᠮᠠᠨ ᠤ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠠᠵᠢᠯᠯᠠᠭᠠᠨ ᠤ ᠬᠥᠲᠥᠯᠪᠦᠷᠢ ᠪᠣᠯᠣᠨ ᠵᠠᠮ ᠱᠤᠭᠤᠮ ᠮᠥᠨ᠃ ᠥᠪᠡᠷᠲᠡᠭᠡᠨ | ᠵᠠᠰᠠᠬᠤ ᠣᠷᠣᠨ ᠤ ︽13 · 5︾ ᠶᠢᠨ ᠲᠥᠯᠥᠪᠵᠢᠭᠦᠯᠭᠡ ᠵᠢᠷᠤᠭ ᠲᠥᠯᠥᠪ ᠲᠠᠢ ᠪᠣᠯᠤᠯ᠎ᠠ᠂ ᠣᠳᠣᠬᠠᠨ ᠤ | ᠵᠠᠩᠭᠢᠯᠠᠭ᠎ᠠ ᠪᠣᠯ ᠲᠡᠭᠦᠨ ᠢᠶᠠᠨ ᠠᠯᠬᠤᠮ ᠠᠯᠬᠤᠮ ᠢᠶᠠᠷ ᠪᠤᠲᠠᠲᠠᠶᠢᠵᠢᠭᠤᠯᠬᠤ ᠶᠠᠪᠤᠳᠠᠯ ᠪᠣᠯᠤᠨ᠎ᠠ᠃ ︽ᠬᠦᠲᠦᠯᠪᠦᠷᠢ︾ | ᠳᠤ ᠳᠤᠷᠠᠳᠤᠨ ᠭᠠᠷᠭᠠᠭᠰᠠᠨ ᠨᠢ᠂ ᠲᠥᠯᠥᠪᠵᠢᠭᠦᠯᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ | ᠬᠡᠷᠡᠭᠲᠡᠶ᠂ ᠨᠢᠭᠡ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ᠃ ᠨᠠᠮ ᠤᠨ ᠰᠢᠢᠳᠪᠦᠷᠢᠲᠦ | ᠪᠤᠳᠤᠯᠭ᠎ᠠ ᠶᠢ ᠲᠤᠤᠱᠯᠠᠭᠤᠯᠵᠤ᠂ ᠰᠢᠯᠢᠳᠡᠭ ᠰᠤᠷᠲᠠᠯ ᠢ ᠪᠤᠢ ᠪᠣᠯᠭᠠᠵᠤ᠂ ᠲᠥᠪ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠨᠢᠭᠡᠨ ᠤᠯᠤᠰ ᠲᠦᠷᠦ ᠶᠢᠨ ᠲᠠᠯ᠎ᠠ ᠪᠠᠷ ᠡᠷᠡᠰ ᠴᠢᠩᠭ᠎ᠠ᠂ ᠲᠤᠰᠬᠠᠶ ᠮᠡᠷᠭᠡᠵᠢᠯ ᠢ ᠣᠶᠢᠯᠠᠭᠠᠬᠤ᠂ | ᠰᠠᠶᠢᠨ ᠵᠠᠰᠠᠵᠤ ᠴᠢᠳᠠᠬᠤ᠂ ᠵᠣᠷᠢᠭᠲᠠᠶ ᠪᠠᠷ ᠡᠭᠦᠷᠭᠡᠯᠡᠬᠦ᠂ ᠣᠪᠣᠷ ᠰᠤᠷᠲᠠᠯ ᠲᠥᠪ ᠴᠢᠬᠡᠴᠢ ᠤᠳᠤᠷᠢᠳᠬᠤ ᠪᠠᠭ ᠪᠠ | ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠬᠤᠶᠠᠷ ᠲᠤ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ ᠲᠥᠯᠥᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠲᠥᠯᠥᠪᠵᠢᠭᠦᠯᠭᠡ ᠶᠢ ᠵᠣᠯᠭᠠᠭᠤᠯᠬᠤ ᠬᠠᠮᠢᠶᠠᠷᠤᠯᠲᠠ ᠶᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠡᠷᠬᠡ ᠰᠦᠷᠲᠦ | ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ | ᠲᠥᠯᠥᠪᠵᠢᠭᠦᠯᠭᠡ ᠶᠢ ᠦᠨᠡᠯᠡᠨ ᠵᠢᠱᠢᠵᠦ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ ᠲᠥᠯᠥᠪᠵᠢᠭᠦᠯᠭᠡ ᠳᠤ | ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠰᠢᠯᠭᠠᠨ ᠬᠢᠨᠠᠬᠤ ᠶᠢ | ᠴᠢᠩᠭᠠᠳᠬᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠠᠮᠲᠤᠪᠠᠷ ᠲᠦᠯᠬᠢᠨ ᠠᠬᠢᠭᠤᠯᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠡᠢ᠃ | ᠬᠥᠲᠥᠯᠥᠭᠴᠢ᠄ | ᠸᠠᠩ ᠡᠷᠬᠢᠯᠡᠭᠴᠢ ᠶᠢᠨ ︽13 · 5︾ ᠶᠢᠨ ᠲᠥᠯᠥᠪᠵᠢᠭᠦᠯᠭᠡ ᠶᠢᠨ ᠲᠤᠬᠠᠢ ᠭᠤᠶᠢᠳᠠ ᠰᠠᠶᠢᠬᠠᠨ | ᠲᠠᠶᠢᠯᠤᠮᠵᠢ ᠬᠢᠭᠰᠡᠨ ᠳᠤ ᠲᠠᠯᠠᠷᠬᠠᠯ᠎ᠠ︕ ᠰᠦᠯᠵᠢᠶᠡᠨ ᠠᠨᠳᠠ ᠨᠠᠷ᠂ ᠥᠨᠥᠳᠦᠷ ᠤᠨ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠪᠠᠶᠠᠷᠲᠠᠶ︕ |