ᠡᠨᠡ ᠵᠢᠯ ᠥᠪᠥᠷ ᠮᠣᠩᠭᠤᠯ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠶᠠᠪᠤᠳᠠᠯ ᠢ ᠴᠢᠬᠤᠯᠠ | ᠨᠢᠭᠡᠨ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠨ ᠠᠳᠬᠤᠵᠤ᠂ ᠡᠬᠢ ᠪᠠᠶᠠᠯᠢᠭ ᠢ ᠲᠥᠪᠯᠡᠷᠡᠭᠦᠯᠵᠦ᠂ ᠪᠦᠬᠦ | ᠬᠦᠴᠦᠨ ᠢᠶᠠᠷ ᠴᠢᠷᠮᠠᠶᠢᠵᠤ ᠪᠤᠢ᠃ | ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ᠤ ᠰᠤᠷᠭᠠᠭᠤᠯᠢ ᠶᠢᠨ | ᠮᠡᠳᠡᠭᠡ ᠵᠠᠩᠭᠢᠵᠢᠯᠲᠠ ᠶᠢᠨ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠡᠭᠡ ᠪᠠᠷ ᠰᠠᠶᠢᠵᠢᠷᠠᠪᠠ᠃ ᠪᠥᠬᠦ | ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠢᠨᠲ᠋ᠧᠷ ᠰᠦᠯᠵᠢᠶ᠎ᠡ ᠵᠠᠯᠭᠠᠵᠤ ᠣᠷᠣᠭᠤᠯᠬᠤ ᠨᠤᠷᠮ᠎ᠠ ᠨᠢ 96% | ᠬᠦᠷᠴᠦ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠪᠠᠶᠢᠭᠤᠯᠤᠭᠰᠠᠨ ᠨᠤᠷᠮ᠎ᠠ 61% ᠳᠤ ᠬᠦᠷᠴᠦ᠂ ᠤᠯᠠᠨ | ᠵᠠᠭᠤᠴᠢᠳᠦ ᠵᠢᠭᠠᠨ ᠰᠤᠷᠭᠠᠬᠤ ᠲᠥᠬᠦᠭᠡᠷᠦᠮᠵᠢ ᠲᠤᠬᠢᠷᠠᠭᠤᠯᠤᠭᠰᠠᠨ ᠬᠢᠴᠢᠶᠡᠯ ᠤᠨ ᠭᠡᠷ ᠬᠢᠴᠢᠶᠡᠯ ᠬᠦᠮᠦᠵᠢᠯ ᠤᠨ | ᠠᠩᠭᠢ ᠶᠢᠨ ᠪᠦᠬᠦ ᠲᠣᠭᠠᠨ ᠤ 80% ᠶᠢ ᠡᠵᠡᠯᠡᠵᠦ᠂ ᠪᠦᠷ ᠪᠦᠬᠦ ᠤᠯᠤᠰ ᠤᠨ ᠳᠤᠮᠳᠠᠴᠢ ᠲᠦᠪᠰᠢᠨ ᠠᠴᠠ | ᠳᠡᠭᠡᠭᠦᠷ ᠪᠤᠯᠵᠠᠢ᠃ ᠪᠦᠬᠦ ᠣᠷᠣᠨ ᠤ10M ᠠᠴᠠ ᠳᠡᠭᠡᠭᠰᠢ ᠥᠷᠭᠡᠨ ᠪᠦᠰᠡᠲᠦ ᠢᠨᠲ᠋ᠧᠷ ᠰᠦᠯᠵᠢᠶ᠎ᠡ ᠪᠤᠶᠤ | ᠰᠤᠷᠭᠠᠨ ᠬᠥᠮᠦᠵᠢᠯ ᠤᠨ ᠣᠷᠣᠨ ᠬᠡᠪᠴᠢᠶᠡᠨ ᠤ ᠰᠦᠯᠵᠢᠶᠡᠨ ᠳᠤ ᠵᠠᠯᠭᠠᠭᠰᠠᠨ ᠰᠤᠷᠭᠠᠭᠤᠯᠢ 69% ᠪᠤᠢ᠂ ᠡᠭᠦᠨ | ᠳᠤ ᠤᠷᠳᠤᠰ ᠬᠤᠳᠠ᠂ ᠦᠬᠠᠶ ᠬᠤᠳᠠ᠂ ᠪᠠᠶᠠᠨᠨᠠᠭᠤᠷ ᠬᠤᠳᠠ 100% ᠬᠦᠷᠪᠡ᠃ ᠪᠥᠬᠦ ᠣᠷᠣᠨ ᠳᠤ | 55% ᠶᠢᠨ ᠬᠤᠰᠢᠭᠤ ᠰᠢᠶᠠᠨ︽ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠬᠢᠴᠢᠶᠡᠯ ᠤᠨ ᠲᠠᠩᠬᠢᠮ︾ ᠤᠨ | ᠰᠢᠰᠲ᠋ᠧᠮ ᠢ ᠪᠦᠲᠦᠭᠡᠨ ᠪᠠᠶᠢᠭᠤᠯᠵᠤ᠂ ᠡᠭᠦᠨ ᠳᠤ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠶ ᠬᠤᠳᠠ | ᠪᠦᠬᠦᠨ ᠢ ᠪᠠᠶᠢᠭᠤᠯᠪᠠ᠃ | ᠡᠨᠡ ᠬᠦ ᠰᠠᠭᠤᠷᠢᠨ ᠳᠡᠭᠡᠷ᠎ᠡ᠂ ᠡᠨᠡ ᠵᠢᠯ ᠥᠪᠥᠷ ᠮᠣᠩᠭᠤᠯ ᠲᠥᠷᠪᠡᠨ ᠵᠦᠢᠯ ᠤᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠰᠢᠨ᠎ᠡ ᠠᠬᠢᠯᠲᠠ ᠲᠠᠢ ᠪᠤᠯᠬᠤ ᠶᠢ ᠲᠦᠯᠬᠢᠨ ᠠᠬᠢᠭᠤᠯᠤᠨ᠎ᠠ᠃ ᠨᠢᠭᠡ ᠳᠤ᠂ ᠰᠤᠷᠭᠠᠭᠤᠯᠢ ᠶᠢᠨ | ᠮᠡᠳᠡᠭᠡ ᠵᠠᠩᠬᠢᠴᠢᠯᠠᠯᠳᠠ ᠶᠢᠨ ᠰᠠᠭᠤᠷᠢ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠲᠤᠯᠭᠠᠭᠤᠷᠢᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠳᠠ ᠰᠤᠷᠭᠠᠭᠤᠯᠢ ᠶᠢᠨ ᠬᠡᠪᠴᠢᠶ᠎ᠡ ᠪᠠ ᠰᠤᠷᠭᠠᠭᠤᠯᠢ ᠶᠢᠨ | ᠬᠦᠷᠢᠶᠡᠨ ᠤ ᠪᠠᠶᠢᠷᠢᠰᠢᠯ ᠢᠶᠠᠨ ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠳᠣᠲᠣᠷ᠎ᠠ ᠤᠲᠠᠰᠤᠲᠤ ︵ᠪᠤᠶᠤ | ᠤᠲᠠᠰᠤ ᠦᠭᠡᠢ︶ ᠥᠷᠭᠡᠨ ᠪᠦᠰᠡᠲᠦ ᠰᠦᠯᠵᠢᠶ᠎ᠡ ᠤᠨ ᠪᠥᠬᠦᠨ ᠢ ᠬᠠᠮᠤᠷᠬᠤ ᠪᠠᠷ ᠬᠠᠷᠠᠯᠲᠠ ᠪᠣᠯᠭᠠᠵᠤ᠂ | ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠡᠨᠡ ᠵᠢᠯ᠂ ᠪᠦᠬᠦ | ᠣᠷᠣᠨ ᠤ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠪᠠᠶᠢᠭᠤᠯᠬᠤ ᠨᠤᠷᠮ᠎ᠠ ᠶᠢ 80% ᠳᠤ ᠬᠦᠷᠦᠭᠦᠯᠵᠦ᠂ ᠢᠷᠡᠬᠦ | ᠵᠢᠯ 100% ᠳᠤ ᠬᠦᠷᠦᠭᠦᠯᠦᠨ᠎ᠡ᠃ ᠬᠤᠶᠠᠷ ᠲᠤ᠂ ︽ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠬᠢᠴᠢᠶᠡᠯ ᠤᠨ | ᠲᠠᠩᠬᠢᠮ︾ ᠤᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠦᠷᠭᠦᠯᠵᠢᠯᠡᠨ ᠲᠥᠯᠬᠢᠨ ᠠᠬᠢᠭᠤᠯᠵᠤ᠂ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠦᠷᠬᠦᠴᠡ ᠶᠢ ᠦᠷᠭᠡᠳᠬᠡᠨ᠎ᠡ᠃ ᠡᠨᠡ ᠵᠢᠯ ᠤᠨ ᠪᠦᠬᠦ | ᠣᠷᠣᠨ ᠤ 102 ᠬᠤᠰᠢᠭᠤ ᠰᠢᠶᠠᠨ ᠲᠣᠭᠤᠷᠢᠭ ᠪᠦᠷ ︽ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠬᠢᠴᠢᠶᠡᠯ ᠤᠨ | ᠲᠠᠩᠬᠢᠮ︾ ᠤᠨ ᠰᠢᠰᠲ᠋ᠧᠮ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤ ᠨᠢ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠠᠷ ᠭᠤᠣᠯ ᠪᠤᠯᠭᠠᠵᠤ᠂ ᠬᠡᠷᠡᠭᠯᠡᠭᠡᠨ ᠤ | ᠵᠠᠭᠪᠤᠷ ᠢ ᠬᠠᠶᠢᠨ ᠰᠦᠪᠡᠭᠴᠢᠯᠡᠨ᠎ᠡ᠃ ᠠᠶᠢᠮᠠᠭ ᠬᠤᠳᠠ᠂ ᠬᠤᠰᠢᠭᠤ ᠰᠢᠶᠠᠨ ᠤ ᠱᠠᠲᠤ ᠨᠢ ᠲᠤᠰ ᠭᠠᠵᠠᠷ | ᠣᠷᠣᠨ ᠤ ᠪᠠᠨ ᠰᠢᠯᠢᠳᠡᠭ ᠰᠤᠷᠭᠠᠭᠤᠯᠢ ᠪᠠᠷ ᠭᠤᠣᠯ ᠪᠣᠯᠭᠠᠵᠤ᠂ ᠬᠤᠯᠪᠤᠭᠠᠲᠤ ᠰᠤᠷᠭᠠᠭᠤᠯᠢ᠂ ᠪᠦᠯᠦᠭᠯᠡᠯ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠥᠬᠦᠴᠡᠯ ᠪᠠᠷᠤᠭᠲᠠᠶ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠶᠢ ᠳᠠᠶᠢᠴᠢᠯᠠᠨ᠎ᠠ᠃ ︽ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠬᠢᠴᠢᠶᠡᠯ ᠤᠨ ᠲᠠᠩᠬᠢᠮ︾ ᠤᠨ | ᠰᠢᠰᠲ᠋ᠧᠮ ᠢ ᠠᠰᠢᠭᠯᠠᠨ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ᠂ ᠰᠦᠯᠵᠢᠶᠡᠨ ᠤ ᠵᠢᠭᠠᠨ ᠰᠤᠷᠭᠠᠯᠲᠠ ᠶᠢ | ᠦᠷᠨᠢᠭᠦᠯᠵᠦ᠂ ᠪᠦᠲᠦᠮᠵᠢᠲᠡᠶ ᠵᠢᠭᠠᠨ ᠰᠤᠷᠭᠠᠯᠲᠠ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠬᠡᠷᠡᠭᠯᠡᠭᠡᠨ ᠤ ᠭᠦᠨᠴᠡ ᠪᠠ ᠦᠷᠭᠡᠴᠡ ᠶᠢᠨ ᠰᠢᠨ᠎ᠡ ᠶᠢ ᠡᠭᠦᠳᠬᠦ ᠪᠠ ᠦᠷᠭᠡᠳᠬᠡᠨ᠎ᠡ᠃ ᠡᠭᠦᠨ ᠠᠴᠠ ᠭᠠᠳᠠᠨ᠎ᠠ᠂ | ᠥᠪᠥᠷ ᠮᠣᠩᠭᠤᠯ ᠪᠠᠰᠠ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠮᠠᠨ ᠤ ᠣᠷᠣᠨ ᠤ ᠡᠯ᠎ᠡ ᠱᠠᠲᠤᠨ ᠤ | ᠡᠯ᠎ᠡ ᠲᠦᠷᠦᠯ ᠤᠨ ᠰᠤᠷᠭᠠᠭᠤᠯᠢ ᠪᠣᠯᠤᠨ ᠪᠠᠭᠰᠢ ᠰᠤᠷᠤᠭᠴᠢᠳ ᠲᠤ ᠨᠡᠩ ᠡᠯᠪᠡᠭ ᠪᠠᠶᠠᠯᠢᠭ ᠤᠯᠠᠨ ᠶᠠᠩᠵᠤ ᠶᠢᠨ | ᠰᠤᠷᠭᠠᠨ ᠬᠦᠮᠦᠵᠢᠯ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠩᠭᠠᠵᠤ᠂ ᠰᠤᠷᠭᠠᠨ ᠬᠥᠮᠦᠵᠢᠯ ᠤᠨ ᠵᠢᠭᠠᠨ | ᠰᠤᠷᠭᠠᠬᠤ ᠠᠵᠢᠯᠯᠠᠭ᠎ᠠ ᠳᠤ ᠨᠡᠩ ᠥᠷᠭᠡᠨ ᠠᠭᠤᠵᠢᠮ ᠣᠷᠣᠨ ᠵᠠᠶ ᠬᠠᠩᠭᠠᠨ᠎ᠠ᠃ ᠳᠥᠷᠪᠡᠳᠦᠭᠡᠷ ᠵᠦᠢᠯ ᠤᠨ ᠠᠵᠢᠯ | ᠪᠣᠯ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠭᠤᠯᠤᠯᠲᠠ ᠶᠢᠨ ᠬᠡᠷᠡᠭᠯᠡᠬᠦ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠣᠷᠣᠨ ᠳᠤ ︽ᠳᠤᠮᠳᠠᠳᠤ ᠪᠠᠭ᠎ᠠ ᠰᠤᠷᠭᠠᠭᠤᠯᠢ ᠶᠢᠨ | ᠰᠦᠯᠵᠢᠶᠡᠨ ᠳᠡᠭᠡᠷ᠎ᠡ ᠬᠠᠮᠢᠶᠠᠷᠬᠤ ᠲᠠᠪᠴᠠᠩ︾ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠲᠠᠪᠴᠠᠩ ᠢ | ᠠᠰᠢᠭᠯᠠᠨ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠸᠢᠳᠢᠣ᠋ ᠮᠡᠳᠡᠭᠡ ᠶᠢ | ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠭᠴᠢᠳ ᠡᠷᠬᠡ ᠮᠡᠳᠡᠯ ᠢᠶᠠᠨ | ᠦᠨᠳᠦᠰᠦᠯᠡᠨ᠂ ᠰᠦᠯᠵᠢᠶ᠎ᠡ ᠪᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ | ᠬᠢᠴᠢᠶᠡᠯ ᠤᠨ ᠭᠠᠳᠠᠨᠠᠬᠢ ᠬᠦᠳᠡᠯᠭᠡᠭᠡᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠵᠡᠷᠭᠡ ᠲᠤᠬᠠᠶ ᠶᠢᠨ | ᠲᠠᠯᠠᠪᠠᠢ ᠶᠢᠨ ᠮᠡᠳᠡᠭᠡ ᠵᠠᠩᠭᠢ ᠶᠢ ᠬᠠᠷᠠᠭᠠᠨ ᠳᠠᠪᠲᠠᠮᠵᠢ ᠪᠠᠷ ᠦᠵᠡᠵᠦ᠂ ᠰᠦᠯᠵᠢᠶᠡᠨ ᠳᠡᠭᠡᠷ᠎ᠡ ᠬᠠᠮᠢᠶᠠᠷᠬᠤ ᠶᠢ | ᠪᠡᠶᠡᠯᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠥᠭᠡᠨ ᠤ ᠵᠢᠱᠢᠶ᠎ᠡ ᠦᠵᠡᠭᠦᠯᠬᠦ | ᠰᠤᠷᠭᠠᠭᠤᠯᠢ ᠶᠢᠨ ᠠᠳᠠᠯᠢ ᠳᠠᠪᠲᠠᠮᠵᠢᠲᠤ ᠦᠢᠯᠡᠳᠦᠯᠴᠡᠭᠦᠯᠬᠦ︾ ᠲᠦᠷᠦᠯ ᠵᠦᠢᠯ ᠢ ᠪᠦᠲᠦᠭᠡᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠥᠯ ᠪᠥᠮᠪᠥᠭᠡᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢ ᠰᠢᠯᠢᠨ ᠰᠤᠩᠭᠤᠵᠤ᠂ | ᠬᠥᠯ ᠪᠥᠮᠪᠦᠭᠡ ᠶᠢᠨ ᠲᠠᠯᠠᠪᠤᠷ ᠲᠤ ᠠᠳᠠᠯᠢ ᠳᠠᠪᠲᠠᠮᠵᠢᠲᠤ ᠦᠢᠯᠡᠳᠦᠯᠴᠡᠭᠦᠯᠬᠦ ᠠᠬᠤᠢ ᠨᠡᠪᠲᠡᠷᠡᠭᠦᠯᠭᠡ ᠶᠢᠨ | ᠲᠥᠬᠦᠭᠡᠷᠦᠮᠵᠢ ᠲᠤᠬᠢᠷᠠᠭᠤᠯᠵᠤ᠂ ᠡᠳᠦᠷ ᠲᠤᠲᠤᠮ ᠤᠨ ᠬᠥᠯ ᠪᠥᠮᠪᠥᠭᠡᠨ ᠤ ᠪᠣᠯᠪᠠᠰᠤᠷᠠᠯ ᠤᠳ ᠢ ᠰᠦᠯᠵᠢᠶᠡᠨ | ᠳᠡᠭᠡᠷ᠎ᠡ ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ ᠴᠢᠬᠤᠯᠠ ᠶᠡᠭᠡ ᠤᠷᠤᠯᠳᠤᠭᠠᠨ ᠢ ᠬᠠᠷᠠᠭᠠᠨ ᠳᠠᠪᠲᠠᠮᠵᠢ ᠪᠠᠷ | ᠰᠢᠭᠤᠳ ᠨᠡᠪᠲᠡᠷᠡᠭᠦᠯᠦᠨ᠎ᠡ᠃ |