ᠥᠪᠥᠷ ᠮᠣᠩᠭᠤᠯ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠮᠡᠷᠭᠡᠵᠢᠯᠲᠡᠨ᠂ ᠡᠳ᠋ ᠪᠠᠷᠠᠭᠠᠨ ᠤ ᠭᠦᠢᠯᠭᠡᠭᠡᠨ ᠤ ᠮᠡᠷᠭᠡᠵᠢᠯᠲᠡᠨ᠂ ᠰᠡᠳᠬᠢᠴᠡ ᠶᠢᠨ ᠵᠥᠪᠯᠡᠯᠭᠡ ᠥᠭᠭᠦᠭᠴᠢ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠷᠭᠡᠵᠢᠯᠲᠡᠨ᠂ ᠡᠳ᠋ ᠤᠨ ᠶᠠᠪᠤᠳᠠᠯ ᠢ ᠬᠠᠮᠢᠶᠠᠷᠬᠤ | ᠲᠥᠯᠥᠪᠵᠢᠭᠦᠯᠭᠡ ᠶᠢᠨ ᠮᠡᠷᠭᠡᠵᠢᠯᠲᠡᠨ᠂ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠮᠡᠷᠭᠡᠵᠢᠯᠲᠡᠨ᠂ ᠠᠵᠢᠯ | ᠮᠡᠷᠭᠡᠵᠢᠯ ᠤᠨ ᠵᠢᠯᠤᠭᠤᠳᠤᠭᠴᠢ᠂ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠵᠡᠷᠭᠡ 8 ᠠᠵᠢᠯ | ᠮᠡᠷᠭᠡᠵᠢᠯ ᠤᠨ ᠪᠦᠬᠦ ᠤᠯᠤᠰ ᠤᠨ ᠨᠢᠭᠡᠳᠦᠯᠲᠡᠶ ᠰᠢᠯᠭᠠᠨ ᠲᠤᠭᠲᠠᠭᠠᠯᠲᠠ ᠶᠢ ᠵᠣᠬᠢᠶᠠᠨ ᠪᠠᠶᠢᠭᠤᠯᠤᠨ ᠦᠷᠨᠢᠬᠦᠯᠬᠦ ᠶᠢᠨ | ᠬᠠᠮᠲᠤ᠂ ᠥᠪᠥᠷ ᠮᠣᠩᠭᠤᠯ ᠤᠨ ᠪᠤᠳᠠᠲᠠᠢ ᠪᠠᠶᠢᠳᠠᠯ ᠲᠠᠢ ᠤᠶᠠᠯᠳᠤᠭᠤᠯᠤᠨ᠂ ᠤᠯᠠᠨ ᠨᠡᠶᠢᠲᠡ ᠶᠢᠨ ᠰᠢᠮ᠎ᠡ | ᠲᠡᠵᠢᠭᠡᠯ ᠤᠨ ᠮᠡᠷᠬᠡᠵᠢᠯᠲᠡᠨ᠂ ᠤᠷᠤᠭ ᠬᠡᠷ ᠪᠦᠯᠢ ᠶᠢᠨ ᠵᠦᠪᠯᠡᠯᠭᠡ ᠦᠭᠭᠦᠭᠴᠢ ᠵᠡᠷᠭᠡ 17 ᠠᠵᠢᠯ ᠮᠡᠷᠭᠡᠵᠢᠯ ᠤᠨ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠰᠢᠯᠭᠠᠨ ᠲᠤᠭᠲᠠᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ | ᠦᠷᠨᠢᠬᠦᠯᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠣᠲᠣᠷ᠎ᠠ ᠨᠢᠭᠡᠳᠦᠯᠲᠡᠶ ᠰᠢᠯᠭᠠᠨ ᠲᠤᠭᠲᠠᠭᠠᠯᠲᠠ ᠶᠢᠨ ᠡᠳᠦᠷ ᠤᠨ ᠲᠦᠷᠢᠮ ᠢ ᠦᠷᠭᠦᠯᠵᠢᠯᠡᠨ | ᠬᠡᠷᠡᠭᠵᠢᠬᠦᠯᠦᠨ᠎ᠡ᠂ ᠨᠢᠭᠡᠳᠦᠯᠲᠡᠶ ᠰᠢᠯᠭᠠᠨ ᠲᠤᠭᠲᠠᠭᠠᠬᠤ ᠡᠳᠦᠷ ᠨᠢ 5 ᠳ᠋ᠤᠭᠠᠷ ᠰᠠᠷ᠎ᠠ ᠶᠢᠨ 21 ᠤ ᠡᠳᠦᠷ᠂ | 22 ᠤᠨ ᠡᠳᠦᠷ᠂ 11 ᠳ᠋ᠤᠭᠡᠷ ᠰᠠᠷ᠎ᠠ ᠶᠢᠨ 19 ᠤ ᠡᠳᠦᠷ᠂ 20 ᠤ ᠡᠳᠦᠷ ᠪᠤᠯᠤᠨ᠎ᠠ᠃ ᠤᠯᠤᠰ ᠤᠨ ᠰᠢᠯᠭᠠᠨ | ᠲᠤᠭᠲᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠭᠤᠷᠪᠠᠳᠤᠭᠠᠷ ᠳᠡᠰ ᠠᠴᠠ ᠳᠤᠷᠤᠭᠰᠢᠬᠢ ︵ | ᠭᠤᠷᠪᠠᠳᠤᠭᠠᠷ ᠳᠡᠰ ᠪᠠᠭᠲᠠᠨ᠎ᠠ︶ ᠠᠵᠢᠯ ᠮᠡᠷᠭᠡᠵᠢᠯ ᠤᠨ ᠬᠢᠷᠢ ᠬᠡᠮ ᠢ ᠰᠢᠯᠭᠠᠨ ᠦᠨᠡᠯᠡᠬᠦ ᠳᠤ ᠤᠨᠤᠯ ᠤᠨ ᠮᠡᠳᠡᠯᠭᠡ᠂ | ᠠᠵᠢᠯᠯᠠᠬᠤ ᠤᠷ᠎ᠠ ᠴᠢᠳᠠᠪᠤᠷᠢ ᠬᠡᠬᠦ ᠬᠤᠶᠠᠷ ᠲᠦᠷᠦᠯ ᠢ ᠰᠢᠯᠭᠠᠵᠤ᠂ ᠬᠤᠶᠠᠷ ᠲᠦᠷᠦᠯ ᠤᠨ ᠬᠢᠷᠢ ᠪᠦᠲᠦᠮᠵᠢ ᠨᠢ | ᠴᠥᠮ 60 ᠬᠤᠪᠢ ᠪᠤᠶᠤ ᠡᠭᠦᠨ ᠠᠴᠠ ᠳᠡᠭᠡᠭᠰᠢ ᠪᠠᠶᠢᠪᠠᠯ ᠬᠢᠷᠢ ᠲᠡᠩᠴᠡᠨ᠎ᠡ︔ ᠬᠤᠶᠠᠳᠤᠭᠠᠷ ᠳᠡᠰ ᠠᠴᠠ | ᠳᠡᠭᠡᠭᠰᠢᠬᠢ ︵ᠬᠤᠶᠠᠳᠤᠭᠠᠷ ᠳᠡᠰ ᠪᠠᠭᠲᠠᠨ᠎ᠠ︶ ᠠᠵᠢᠯ ᠮᠡᠷᠭᠡᠵᠢᠯ ᠤᠨ ᠬᠢᠷᠢ ᠬᠡᠮ ᠢ ᠰᠢᠯᠭᠠᠨ ᠦᠨᠡᠯᠡᠬᠦ ᠳᠤ | ᠤᠨᠤᠯ ᠤᠨ ᠮᠡᠳᠡᠯᠭᠡ᠂ ᠠᠵᠢᠯᠯᠠᠬᠤ ᠤᠷ᠎ᠠ ᠴᠢᠳᠠᠪᠤᠷᠢ ᠶᠢᠨ ᠬᠢᠨᠠᠨ ᠰᠢᠯᠭᠠᠯᠲᠠ ᠪᠠ ᠶᠡᠷᠦᠩᠬᠡᠶᠢᠯᠡᠭᠰᠡᠨ ᠬᠢᠨᠠᠨ | ᠰᠢᠯᠭᠠᠯᠲᠠ ᠵᠡᠷᠭᠡ ᠭᠤᠷᠪᠠᠨ ᠲᠦᠷᠦᠯ ᠢ ᠰᠢᠯᠭᠠᠵᠤ᠂ ᠭᠤᠷᠪᠠᠨ ᠲᠦᠷᠦᠯ ᠤᠨ ᠬᠢᠷᠢ ᠪᠦᠲᠦᠮᠵᠢ ᠨᠢ ᠴᠥᠮ 60 | ᠬᠤᠪᠢ ᠪᠤᠶᠤ ᠡᠭᠦᠨ ᠠᠴᠠ ᠳᠡᠭᠡᠭᠰᠢ ᠪᠠᠶᠢᠪᠠᠯ ᠬᠢᠷᠢ ᠲᠡᠩᠴᠡᠨ᠎ᠡ᠃ ᠣᠨᠣᠯ᠂ ᠤᠷ᠎ᠠ ᠴᠢᠳᠠᠪᠤᠷᠢ᠂ ᠶᠡᠷᠦᠩᠬᠡᠶᠢᠯᠡᠭᠰᠡᠨ | ᠬᠢᠨᠠᠯᠲᠠ ᠶᠢᠨ ᠬᠢᠷᠢ ᠪᠦᠲᠦᠮᠵᠢ ᠶᠢᠨ ᠳᠣᠲᠣᠷᠠᠬᠢ ᠨᠢᠭᠡ ᠪᠤᠶᠤ ᠬᠤᠶᠠᠷ ᠲᠦᠷᠦᠯ ᠨᠢ ᠬᠢᠷᠢ ᠲᠡᠩᠴᠡᠭᠰᠡᠨ ᠦᠭᠡᠶ | ᠪᠣᠯ᠂ ᠨᠢᠭᠡ ᠵᠢᠯ ᠤᠨ ᠳᠣᠲᠣᠷ᠎ᠠ ᠨᠢᠭᠡ ᠤᠳᠠᠭ᠎ᠠ ᠨᠦᠬᠦᠨ ᠰᠢᠯᠭᠠᠵᠤ ᠪᠣᠯᠤᠨ᠎ᠠ᠃ ᠰᠢᠯᠭᠠᠭᠤᠯᠤᠭᠰᠠᠳ ᠤᠨ ᠨᠡᠷ᠎ᠡ | ᠮᠡᠳᠡᠭᠦᠯᠬᠦ ᠴᠠᠭ ᠨᠢ ᠲᠤᠰ ᠲᠤᠰ 3 ᠳ᠋ᠤᠭᠠᠷ ᠰᠠᠷ᠎ᠠ ᠶᠢᠨ 28 ᠤ ᠡᠳᠦᠷ ᠠᠴᠠ 4 ᠳ᠋ᠤᠭᠡᠷ ᠰᠠᠷ᠎ᠠ ᠶᠢᠨ 7 ᠤ ᠡᠳᠦᠷ | ᠪᠤᠯᠲᠠᠯ᠎ᠠ ᠪᠠ 9 ᠳ᠋ᠤᠭᠡᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 8 ᠤ ᠡᠳᠦᠷ ᠪᠤᠯᠲᠠᠯ᠎ᠠ ᠪᠤᠯᠤᠨ᠎ᠠ᠃ | ᠰᠢᠯᠭᠠᠭᠤᠯᠤᠭᠰᠠᠳ ᠨᠡᠷ᠎ᠡ ᠮᠡᠳᠡᠭᠦᠯᠬᠦ ᠳᠡᠭᠡᠨ ︽ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠨᠢᠭᠡᠳᠦᠯᠲᠡᠶ | ᠰᠢᠯᠭᠠᠨ ᠲᠤᠭᠲᠠᠭᠠᠯᠲᠠ ᠶᠢᠨ ᠭᠤᠶᠤᠴᠢᠯᠠᠯ ᠤᠨ ᠬᠦᠰᠦᠨᠦᠭᠲᠦ︾ ᠂ 1.5 ᠢᠮᠠᠬᠤ ᠶᠢᠨ ᠴᠠᠭᠠᠨ ᠳᠡᠪᠰᠬᠡᠷ ᠲᠠᠢ | ᠤᠶᠢᠷ᠎ᠡ ᠶᠢᠨ ᠬᠤᠭᠤᠴᠠᠭᠠᠨ ᠤ ᠬᠡᠷᠡᠯ ᠵᠢᠷᠤᠭ ᠬᠤᠶᠠᠷ ᠬᠤᠪᠢ ᠵᠢᠴᠢ ᠡᠯᠧᠺᠲᠷᠣᠨ ᠪᠠᠷ ᠤᠨ ᠭᠡᠷᠡᠯ ᠵᠢᠷᠤᠭ ︵ | JPG ᠬᠡᠯᠪᠡᠷᠢ᠂ 20KB ᠠᠴᠠ ᠳᠤᠷᠤᠭᠰᠢ︶᠂ ᠪᠡᠶ᠎ᠡ ᠶᠢᠨ ᠭᠡᠷᠡᠴᠢ ᠦᠨᠡᠮᠯᠡᠯ᠂ ᠰᠤᠷᠤᠯᠭ᠎ᠠ ᠶᠢᠨ ᠨᠠᠮᠲᠠᠷ ᠤᠨ | ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠵᠢᠴᠢ ᠬᠠᠮᠢᠶ᠎ᠠ ᠪᠦᠬᠦᠢ ᠭᠡᠷᠡᠴᠢ ᠪᠢᠴᠢᠭ ᠢᠶᠠᠨ | ᠲᠤᠰᠢᠶᠠᠬᠤ ᠴᠢᠬᠤᠯᠠᠲᠠᠢ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠳᠡᠰ ᠲᠤ ᠤᠷᠤᠯᠴᠠᠪᠠᠯ᠂ ᠡᠷᠬᠡᠪᠰᠢ | ᠥᠭᠦᠯᠡᠯ ᠪᠢᠴᠢᠬᠦ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠠᠭ ᠤᠨ ᠳᠣᠲᠣᠷ᠎ᠠ ᠥᠭᠦᠯᠡᠯ ᠪᠤᠶᠤ ᠲᠤᠰᠬᠠᠶ | ᠮᠡᠷᠭᠡᠵᠢᠯ ᠤᠨ ᠦᠷ᠎ᠡ ᠪᠦᠲᠦᠭᠡᠯ ᠢᠶᠠᠨ ᠲᠤᠰᠢᠶᠠᠬᠤ ᠬᠡᠷᠡᠭᠲᠡᠶ ︵ᠨᠢᠭᠡ ᠶᠠᠩᠵᠤ ᠶᠢᠨ ᠭᠤᠷᠪᠠᠨ ᠬᠤᠪᠢ︶᠃ |