ᠥᠪᠥᠷ ᠮᠣᠩᠭᠤᠯ ᠤᠨ ᠲᠥᠯ ᠲᠤᠰᠴᠤ ᠪᠤᠶᠢᠵᠢᠭᠤᠯᠬᠤ ᠠᠵᠢᠯ ᠤᠷᠤᠭᠰᠢᠲᠠᠶ ᠶᠠᠪᠤᠭᠳᠠᠵᠦ᠂ ᠠᠵᠢᠯ | ᠲᠦᠷᠦᠯ ᠤᠨ ᠵᠢᠱᠢᠯᠲᠡ ᠪᠠᠷ᠂ ᠨᠢᠭᠡᠳᠦᠭᠡᠷ ᠤᠯᠠᠷᠢᠯ ᠳᠤ ᠪᠦᠬᠦ ᠣᠷᠣᠨ ᠤ ᠪᠤᠳᠠ ᠪᠣᠭ ᠮᠠᠯ 3787.2 ᠲᠦᠮᠨ | ᠲᠥᠯᠯᠡᠵᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠨ᠂ ᠲᠥᠯ ᠮᠠᠯ ᠤᠨ ᠪᠣᠶᠢᠵᠢᠯᠲᠠ ᠶᠢᠨ | ᠨᠣᠷᠮ᠎ᠠ ᠨᠢ 98.78% ᠬᠦᠷᠴᠦ᠂ ᠨᠢᠳᠤᠨᠤᠨ ᠤ ᠬᠢ ᠲᠠᠢ ᠠᠳᠠᠯᠢᠳᠬᠠᠪᠠᠯ 0.02 ᠵᠠᠭᠤᠨ ᠤ ᠴᠡᠭ ᠳᠡᠭᠡᠭᠰᠢᠯᠡᠪᠡ᠃ | ᠵᠢᠱᠢᠯᠲᠡ ᠪᠠᠷ 6 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠪᠥᠬᠦ ᠣᠷᠣᠨ ᠤ ᠮᠠᠯ ᠲᠤᠭ᠎ᠠ 1.38 | ᠳ᠋ᠦᠩᠰᠢᠭᠤᠷ ᠲᠤ ᠬᠦᠷᠦᠨ᠎ᠡ᠃ | ᠡᠨᠡ ᠵᠢᠯ᠂ ᠥᠪᠥᠷ ᠮᠣᠩᠭᠤᠯ ᠤᠨ ᠡᠯ᠎ᠡ ᠠᠶᠢᠮᠠᠭ ᠬᠤᠳᠠ ᠨᠤᠭᠤᠳ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠠᠵᠢᠯ ᠢᠶᠠᠨ ᠡᠷᠲᠡ ᠪᠠᠶᠢᠷᠢᠯᠠᠭᠤᠯᠵᠤ᠂ ᠬᠠᠪᠤᠷ ᠤᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠢ ᠡᠮᠬᠢ ᠵᠢᠷᠤᠮ ᠲᠠᠢ ᠪᠠᠷ ᠠᠬᠢᠭᠤᠯᠪᠠ᠃ ᠰᠢᠯᠢ ᠶᠢᠨ ᠭᠤᠣᠯ ᠠᠶᠢᠮᠠᠭ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠬᠤ ᠤᠷᠢᠲᠠᠯ ᠳᠣᠣᠷ᠎ᠠ᠂ ᠬᠤᠨᠢ ᠶᠢ ᠴᠦᠬᠡᠳᠬᠡᠨ ᠦᠬᠡᠷ ᠢ ᠨᠡᠮᠡᠭᠳᠡᠭᠦᠯᠦᠨ᠂ ᠠᠯᠠᠰᠢᠨ | ᠦᠬᠡᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠯᠤᠰ ᠤᠨ ᠲᠡᠰ ᠤᠨ ᠡᠭᠦᠯᠳᠡᠷ ᠰᠠᠶᠢᠲᠠᠶ ᠠᠯᠠᠰᠢᠨ ᠦᠬᠡᠷ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠂ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠥᠭᠵᠢᠯᠲᠡ ᠶᠢᠨ ᠰᠡᠳᠬᠢᠮᠵᠢ ᠶᠢ ᠳᠤᠷᠠᠳᠪᠠ᠃ ᠪᠠᠶᠠᠨᠨᠠᠭᠤᠷ | ᠬᠤᠲᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠨ | ᠠᠬᠢᠭᠤᠯᠵᠤ᠂ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ᠂ ᠭᠠᠭ᠋ᠠᠶ ᠵᠢᠭᠦᠷᠲᠡᠨ ᠢ ᠵᠣᠬᠢᠬᠤ ᠬᠡᠮᠵᠢᠶ᠎ᠡ | ᠪᠠᠷ ᠦᠰᠭᠡᠬᠦ︾ ᠬᠥᠭᠵᠢᠯᠲᠡ ᠶᠢᠨ ᠰᠡᠳᠬᠢᠮᠵᠢ ᠶᠣᠰᠤᠭᠠᠷ᠂ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠠᠢ᠃ ᠬᠥᠯᠥᠨ ᠪᠤᠶᠢᠷ ᠬᠤᠳᠠ ᠡᠷᠲᠡᠬᠡᠨ ᠭᠠᠷ ᠬᠦᠳᠡᠯᠵᠦ᠂ ᠲᠠᠷᠢᠶᠠᠯᠠᠬᠤ ᠣᠷᠣᠨ ᠤ | ᠲᠥᠯ ᠲᠤᠰᠴᠤ ᠪᠤᠶᠢᠵᠢᠭᠤᠯᠬᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠮᠠᠯᠵᠢᠬᠤ ᠣᠷᠣᠨ ᠤ ᠲᠥᠯ ᠲᠣᠰᠬᠤ | ᠬᠥᠭ ᠠᠵᠢᠯ 4 ᠳ᠋ᠦ᠋ᠭᠡᠷ ᠰᠠᠷ᠎ᠠ ᠶᠢᠨ ᠡᠬᠢ ᠪᠠᠷ ᠡᠬᠢᠯᠡᠨ᠂ ᠪᠦᠬᠦ ᠬᠤᠲᠠ ᠶᠢᠨ ᠪᠤᠳᠠ ᠪᠣᠭ ᠮᠠᠯ ᠨᠡᠶᠢᠲᠡ 480.9 | ᠲᠦᠮᠨ ᠲᠥᠯᠯᠡᠵᠦ᠂ ᠪᠣᠶᠢᠵᠢᠯᠲᠠ ᠶᠢᠨ ᠨᠤᠷᠮ᠎ᠠ ᠨᠢ 98.5% ᠬᠦᠷᠪᠡ᠃ | ᠶᠡᠷᠦᠩᠬᠡᠶ ᠳᠤᠨᠢ ᠠᠪᠴᠤ ᠦᠵᠡᠪᠡᠯ᠂ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠲᠡᠭᠡᠨ ᠰᠠᠶᠢᠨ ᠪᠠᠶᠢᠨ᠎ᠠ᠂ ᠭᠡᠪᠡᠴᠦ ᠠᠵᠤ ᠠᠬᠤᠶ ᠶᠢᠨ | ᠪᠠᠭᠤᠷᠠᠯᠲᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠶᠢᠨ ᠳᠣᠷᠣᠭᠰᠢᠯᠠᠯᠲᠠ᠂ | ᠬᠡᠳᠤ ᠴᠢᠩᠭ᠎ᠠ ᠤᠯ ᠨᠢᠨᠤ᠋ ᠦᠵᠡᠭᠳᠡᠯ ᠵᠡᠷᠭᠡ ᠨᠦᠯᠦᠭᠡ ᠠᠴᠠ ᠪᠣᠯᠤᠨ᠂ ᠮᠠᠨ ᠤ ᠣᠷᠣᠨ ᠤ ᠬᠠᠪᠤᠷ ᠤᠨ | ᠤᠯᠠᠷᠢᠯ ᠤᠨ ᠲᠥᠯ ᠲᠤᠰᠴᠤ ᠪᠤᠶᠢᠵᠢᠭᠤᠯᠬᠤ ᠠᠵᠢᠯ ᠳᠤ ᠮᠦᠨᠬᠦ ᠪᠠᠭ᠎ᠠ ᠪᠤᠰᠤ ᠠᠰᠢᠭ ᠦᠭᠡᠢ ᠬᠦᠴᠦᠨ ᠵᠦᠢᠯ | ᠲᠤᠯᠭᠠᠷᠠᠵᠤ ᠪᠠᠶᠢᠨ᠎ᠠ᠃ ᠦᠩᠭᠡᠷᠡᠭᠰᠡᠨ ᠵᠢᠯ ᠬᠡᠰᠡᠭ ᠵᠠᠷᠢᠮ ᠭᠠᠵᠠᠷ ᠭᠠᠩᠳᠠᠭᠰᠠᠨ ᠠᠴᠠ ᠪᠣᠯᠵᠤ᠂ ᠪᠦᠬᠦ ᠣᠷᠣᠨ ᠤ | ᠬᠥᠬᠡ ᠬᠠᠭᠤᠷᠠᠶ ᠡᠪᠡᠰᠦᠨ ᠤ ᠤᠨᠠᠯᠲᠠ 23.4% ᠪᠠᠷ ᠪᠠᠭᠤᠷᠠᠨ᠂ ᠬᠡᠰᠡᠭ ᠪᠦᠯᠦᠭ ᠮᠠᠯᠴᠢᠨ ᠡᠷᠦᠬᠡ ᠶᠢᠨ ᠡᠪᠡᠰᠦ | ᠪᠣᠷᠳᠤᠭᠠᠨ ᠤ ᠬᠠᠳᠠᠭᠠᠯᠠᠮᠵᠢ ᠨᠢ ᠬᠠᠷᠢᠴᠠᠩᠭᠤᠶ ᠳᠤᠲᠠᠮᠠᠭ ᠢᠯᠠᠩᠭᠤᠶ᠎ᠠ ᠳᠤᠮᠳᠠ ᠪᠠᠭ᠎ᠠ ᠡᠷᠦᠬᠡ ᠪᠠ ᠶᠠᠳᠠᠭᠤ | ᠬᠦᠴᠢᠷᠳᠡᠯᠲᠡᠶ ᠠᠶᠢᠯ ᠡᠷᠦᠬᠡ ᠶᠢᠨ ᠬᠠᠪᠤᠷᠵᠢᠬᠤ ᠡᠪᠡᠰᠦ ᠪᠣᠷᠳᠤᠭ᠎ᠠ ᠨᠢ ᠪᠠᠰᠠ ᠬᠦᠷᠦᠯᠴᠡᠬᠦ ᠦᠭᠡᠢ ᠪᠠᠶᠢᠨ᠎ᠠ᠃ | ᠡᠭᠦᠨ ᠤ ᠬᠠᠮᠲᠤ᠂ ᠬᠤᠨᠢᠨ ᠤ ᠦᠨ᠎ᠡ ᠶᠢᠨ ᠥᠭᠡᠳᠡ ᠦᠭᠡᠶ ᠨᠦᠯᠦᠭᠡ ᠪᠠᠷ ᠮᠠᠯᠴᠢᠳ ᠤᠨ ᠲᠡᠵᠢᠭᠡᠨ ᠦᠷᠡᠵᠢᠭᠦᠯᠬᠦ | ᠣᠷᠣᠯᠭ᠎ᠠ ᠬᠠᠰᠤᠭᠳᠠᠨ᠂ ᠡᠪᠡᠰᠦ ᠬᠤᠳᠠᠯᠳᠤᠨ ᠠᠪᠴᠤ ᠨᠦᠬᠡᠴᠡᠯᠡᠬᠦ ᠴᠢᠳᠠᠪᠤᠷᠢ ᠮᠠᠭᠤᠲᠠᠪᠠ᠃ | ᠲᠥᠯ ᠲᠤᠰᠴᠤ ᠪᠤᠶᠢᠵᠢᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ | ᠡᠯ᠎ᠡ ᠭᠠᠵᠠᠷ ᠤᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠮᠠᠯᠴᠢᠳ ᠲᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠯᠠᠩᠭᠤᠶ᠎ᠠ ᠭᠠᠮᠰᠢᠭ ᠲᠠᠢ ᠲᠡᠮᠡᠴᠡᠬᠦ ᠪᠡᠯᠡ ᠮᠥᠩᠭᠦ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠪᠡᠰᠦ ᠪᠣᠷᠳᠤᠭ᠎ᠠ ᠶᠢ ᠲᠣᠬᠢᠷᠠᠭᠤᠯᠤᠨ ᠰᠢᠯᠵᠢᠭᠦᠯᠵᠦ ᠲᠡᠭᠡᠭᠡᠪᠦᠷᠢᠯᠡᠬᠦ ᠠᠵᠢᠯ ᠢ ᠰᠠᠶᠢᠲᠤᠷ | ᠠᠳᠬᠤᠨ᠂ ᠳᠤᠮᠳᠠ ᠪᠠᠭ᠎ᠠ ᠡᠷᠦᠬᠡ ᠪᠠ ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠬᠦᠴᠢᠷ ᠪᠡᠷᠬᠡᠰᠢᠶᠡᠯ ᠢ | ᠰᠠᠶᠢᠲᠤᠷ ᠰᠢᠢᠳᠪᠦᠷᠢᠯᠡᠵᠦ᠂ ᠮᠠᠯ ᠢᠶᠠᠨ ᠠᠮᠤᠷ ᠲᠦᠪᠰᠢᠨ ᠬᠠᠪᠤᠷᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠡᠯ᠎ᠡ ᠭᠠᠵᠠᠷ ᠤᠨ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠬᠠᠪᠤᠷ ᠤᠨ ᠬᠦᠢᠲᠡᠨ ᠨᠣᠶᠢᠲᠠᠨ ᠡᠭᠡᠯᠵᠢᠯᠡᠬᠦ ᠴᠠᠭ | ᠠᠭᠤᠷ ᠠᠴᠠ ᠡᠬᠡ ᠮᠠᠯ ᠵᠢᠴᠢ ᠲᠥᠯ ᠮᠠᠯ ᠳᠤ ᠦᠵᠡᠭᠦᠯᠬᠦ ᠨᠦᠯᠦᠭᠡᠯᠡᠯ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠲᠡᠷᠡᠴᠢᠯᠡᠨ ᠲᠤᠰᠬᠠᠶ ᠮᠡᠷᠭᠡᠵᠢᠯᠲᠡᠨ ᠪᠠ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠢ | ᠵᠣᠬᠢᠶᠠᠨ ᠪᠠᠶᠢᠭᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠮᠠᠯᠴᠢᠨ | ᠲᠠᠷᠢᠶᠠᠴᠢᠳ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠪᠠᠨ ᠰᠠᠶᠢᠲᠤᠷ ᠬᠢᠬᠦ ᠶᠢ ᠵᠢᠯᠤᠭᠤᠳᠤᠨ᠂ ᠨᠢᠯᠬ᠎ᠠ ᠲᠥᠯ ᠤᠨ | ᠪᠣᠶᠢᠵᠢᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠤᠨ᠂ | ᠤᠢᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠡᠯ᠎ᠡ ᠠᠶᠢᠮᠠᠭ ᠬᠤᠲᠠ | ᠪᠠᠰᠠ ᠮᠠᠯᠵᠢᠬᠤ ᠣᠷᠣᠨ ᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ᠲᠥᠯ ᠲᠣᠰᠬᠤ ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠡᠬᠡ ᠮᠠᠯ ᠢ ᠲᠡᠵᠢᠭᠡᠬᠦ᠂ | ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠵᠡᠷᠭᠡ ᠠᠵᠢᠯ ᠢ ᠰᠠᠶᠢᠲᠤᠷ ᠠᠳᠬᠤᠨ᠂ ᠢᠯᠡᠭᠦᠦ ᠲᠥᠯ | ᠲᠣᠰᠴᠤ ᠪᠣᠶᠢᠵᠢᠯᠲᠠ ᠶᠢ ᠪᠠᠲᠤᠯᠠᠬᠤ᠂ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ | ᠦᠨᠡᠨᠬᠦ ᠪᠠᠲᠤᠯᠠᠨ᠂ ᠡᠨᠡ ᠵᠢᠯ ᠤᠨ ᠮᠠᠯ ᠠᠵᠤ ᠠᠬᠤᠶ ᠶᠢᠨ ᠲᠣᠭᠲᠠᠭᠤᠨ ᠬᠥᠭᠵᠢᠯᠲᠡ ᠳᠤ ᠰᠠᠶᠢᠨ ᠰᠠᠭᠤᠷᠢ | ᠲᠠᠯᠪᠢᠬᠤ ᠬᠡᠷᠡᠭᠲᠡᠢ᠃ |