ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠦᠷᠦᠯ ᠵᠦᠢᠯ ᠢ ᠡᠬᠢᠯᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2016/4/6
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠢ ᠡᠬᠢᠯᠡᠭᠦᠯᠬᠦ ᠪᠣᠯᠣᠨ᠎ᠠ᠃ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠴᠢᠳᠠᠪᠤᠷᠢ ᠶᠢᠨ ᠪᠣᠯᠪᠠᠰᠤᠷᠠᠯ ᠢ ᠴᠢᠩᠭᠠᠷᠠᠭᠤᠯᠵᠤ᠂ ᠶᠡᠭᠡ ᠰᠤᠷᠭᠠᠭᠤᠯᠢ ᠶᠢᠨ ᠰᠤᠷᠤᠭᠴᠢᠳ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠣᠷᠣᠨ ᠢ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠲᠣᠬᠢᠷᠠᠭᠰᠠᠨ ᠳᠡᠭᠡᠳᠦ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠣᠯᠤᠨ᠎ᠠ᠃      ᠣᠶᠢᠯᠠᠭᠠᠭᠰᠠᠨ ᠢᠶᠠᠷ᠂ ᠲᠤᠰ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠨᠢ ᠵᠢᠩᠬᠢᠨᠢ ᠠᠩᠭᠢ ᠶᠢᠨ ᠰᠤᠷᠤᠭᠴᠢ ᠳᠤ ᠬᠠᠨᠳᠤᠭᠤᠯᠵᠤ᠂ ᠵᠢᠩᠬᠢᠨᠢ ᠠᠩᠭᠢ ᠶᠢᠨ ᠬᠤᠶᠠᠳᠤᠭᠠᠷ ᠣᠨ ᠤ ᠰᠤᠷᠤᠭᠴᠢ ᠪᠠᠷ ᠭᠤᠣᠯ ᠪᠣᠯᠭᠠᠵᠤ᠂ ᠵᠠᠷᠴᠢᠮ ᠤᠨ ᠲᠠᠯ᠎ᠠ ᠪᠠᠷ ᠲᠥᠷᠥᠯ ᠵᠦᠢᠯ ᠤᠨ ᠬᠠᠷᠢᠭᠤᠴᠠᠯᠭᠠᠲᠠᠨ ᠲᠡᠭᠦᠰᠬᠦ ᠠᠴᠠ ᠡᠮᠦᠨ᠎ᠡ ᠲᠤᠰ ᠲᠥᠷᠥᠯ ᠵᠦᠢᠯ ᠢᠶᠠᠨ ᠪᠡᠶᠡᠯᠡᠭᠦᠯᠬᠦ ᠶᠢ ᠱᠠᠭᠠᠷᠳᠠᠨ᠎ᠠ᠃ ᠲᠥᠯᠥᠪᠯᠡᠭᠡ ᠶᠢᠨ ᠠᠭᠤᠯᠭ᠎ᠠ ᠳᠤ ᠰᠢᠨ᠎ᠡ ᠶᠢ ᠡᠭᠦᠳᠬᠦ ᠪᠣᠯᠪᠠᠰᠤᠷᠠᠯ ᠤᠨ ᠲᠥᠷᠥᠯ ᠵᠦᠢᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠷᠥᠯ ᠵᠦᠢᠯ ᠪᠠ ᠠᠳᠠᠯ ᠦᠢᠯᠡᠰ ᠴᠣᠭᠴᠠᠯᠠᠬᠤ ᠦᠢᠯᠡᠳᠦᠯᠭᠡ ᠶᠢᠨ ᠲᠥᠷᠥᠯ ᠵᠦᠢᠯ ᠭᠤᠷᠪᠠᠨ ᠵᠦᠢᠯ ᠪᠠᠭᠲᠠᠨ᠎ᠠ᠃ ᠡᠨᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠶᠡᠭᠡ ᠳᠡᠭᠡᠳᠦ ᠰᠤᠷᠭᠠᠭᠤᠯᠢ ᠶᠢᠨ ᠳᠡᠰ ᠤᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠡᠷᠡᠭᠵᠢᠭᠦᠯᠬᠦ ᠠᠵᠢᠯ ᠢ ᠰᠠᠶᠢᠳᠤᠷ ᠬᠢᠵᠦ᠂ ᠲᠤᠰ ᠰᠤᠷᠭᠠᠭᠤᠯᠢ ᠶᠢᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠰᠤᠷᠤᠭᠴᠢᠳ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠬᠡᠷᠡᠭᠲᠡᠢ᠃ ᠲᠥᠷᠥᠯ ᠵᠦᠢᠯ ᠭᠤᠶᠤᠴᠢᠯᠠᠬᠤ᠂ ᠲᠥᠷᠥᠯ ᠵᠦᠢᠯ ᠬᠡᠷᠡᠭᠵᠢᠭᠦᠯᠬᠦ᠂ ᠲᠥᠷᠥᠯ ᠵᠦᠢᠯ ᠢ ᠬᠤᠪᠢᠷᠠᠭᠤᠯᠬᠤ᠂ ᠲᠥᠷᠥᠯ ᠵᠦᠢᠯ ᠤᠨ ᠳ᠋ᠦᠩᠨᠡᠯᠲᠡ ᠬᠢᠬᠦ ᠵᠡᠷᠭᠡ ᠤᠴᠢᠷ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠶᠠᠰᠤ ᠴᠢᠨᠠᠷ ᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠡᠭᠡ ᠰᠤᠷᠭᠠᠭᠤᠯᠢ ᠶᠢᠨ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠤᠨ ᠲᠥᠷᠥᠯ ᠵᠦᠢᠯ ᠨᠢᠭᠡᠪᠦᠷᠢ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 1 ᠲᠦᠮᠡᠨ ᠲᠥᠭᠦᠷᠢᠭ ᠲᠤᠰᠠᠯᠠᠵᠤ᠂ ᠣᠷᠣᠯᠴᠠᠭᠰᠠᠨ ᠰᠤᠷᠭᠠᠭᠤᠯᠢ 1 : 1᠎ ᠶᠢᠨ ᠬᠠᠷᠢᠴᠠᠯ ᠠᠴᠠ ᠳᠣᠣᠭᠤᠷ ᠥᠯᠥ ᠪᠠᠶᠢᠯᠭᠠᠬᠤ ᠬᠠᠷᠢᠴᠠᠯ ᠶᠣᠰᠣᠭᠠᠷ ᠵᠠᠷᠤᠳᠠᠯ ᠢᠶᠠᠨ ᠥᠪᠡᠷ ᠢᠶᠠᠨ ᠴᠤᠭᠯᠠᠭᠤᠯᠵᠤ ᠢᠵᠢ ᠪᠦᠷᠢᠳᠦᠭᠦᠯᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠶᠡᠭᠡ ᠳᠡᠭᠡᠳᠦ ᠰᠤᠷᠭᠠᠭᠤᠯᠢ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠳᠤ ᠪᠦᠬᠦᠯᠢ ᠴᠣᠭᠴᠠ ᠶᠢᠨ ᠦᠨᠡᠯᠡᠯᠲᠡ ᠬᠢᠬᠦ ᠶᠢ ᠬᠡᠷᠡᠭᠵᠢᠭᠦᠯᠦᠨ᠎ᠡ᠃ ᠦᠨᠡᠯᠡᠯᠲᠡ ᠬᠢᠬᠦ ᠶᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠲᠠᠷᠠᠭ᠎ᠠ ᠨᠢᠭᠡ ᠵᠢᠯ ᠤᠨ ᠲᠥᠷᠥᠯ ᠵᠦᠢᠯ ᠤᠨ ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠵᠦ ᠬᠠᠰᠤᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号