ᠥᠪᠥᠷ ᠮᠣᠩᠭᠤᠯ ᠬᠥᠳᠡᠭᠡ ᠲᠣᠰᠬᠤᠨ ᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ 400 ᠭᠠᠷᠤᠶ ᠡᠯᠰᠡᠬᠦ ᠪᠠᠷ ᠲᠥᠯᠥᠪᠯᠡᠵᠦ    ᠲᠤᠰᠢᠶᠠᠯ ᠳᠠᠭᠠᠨ ᠦᠯᠡᠳᠡᠭᠰᠡᠳ ᠲᠤ ᠣᠷᠣᠨ ᠲᠤᠭ᠎ᠠ ᠣᠯᠭᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/4/7
     2016 ᠣᠨ ᠳᠤ ᠪᠦᠬᠦ ᠤᠯᠤᠰ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠪᠠᠷᠤᠭ 7 ᠲᠦᠮᠡᠨ ᠬᠥᠮᠦᠨ ᠡᠯᠰᠡᠬᠦ ᠪᠠᠷ ᠲᠥᠯᠥᠪᠯᠡᠵᠦ ᠪᠣᠢ᠂ ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ 400 ᠨᠡᠷ᠎ᠡ ᠡᠯᠰᠡᠬᠦ ᠪᠠᠷ ᠲᠥᠯᠥᠪᠯᠡᠵᠦ ᠪᠣᠢ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠨᠥᠬᠦᠴᠡᠯ ᠭᠡᠪᠡᠯ᠂ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠬᠠᠷᠢᠴᠠᠩᠭᠤᠢ ᠪᠦᠬᠦᠢ ᠪᠠᠭᠰᠢ ᠶᠢᠨ ᠬᠢᠷᠢ ᠬᠡᠮ ᠤᠨ ᠨᠥᠬᠦᠴᠡᠯ ᠲᠠᠢ︔ ᠵᠢᠩᠬᠢᠨᠢ ᠠᠩᠭᠢ ᠪᠤᠶᠤ ᠶᠡᠭᠡ ᠳᠡᠭᠡᠳᠦ ᠵᠡᠷᠭᠡ ᠶᠢᠨ ᠪᠠᠭᠰᠢ ᠶᠢᠨ ᠣᠨᠴᠠᠭᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ︔ ᠪᠦᠬᠦᠯᠢ 30 ᠨᠠᠰᠤ ᠬᠦᠷᠦᠭᠡᠳᠦᠢ︔ ︽ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ︾᠎ ᠳᠤ ᠣᠷᠣᠯᠴᠠᠭᠰᠠᠨ᠂ ᠵᠢᠭᠠᠨ ᠰᠤᠷᠭᠠᠬᠤ ᠠᠵᠢᠯ ᠤᠨ ᠥᠩᠭᠡᠷᠡᠯᠲᠡ ᠲᠠᠢ ᠰᠠᠶᠢᠨ ᠳᠤᠷᠠᠴᠤᠳ ᠪᠣᠯᠣᠨ ᠰᠤᠷᠭᠠᠨ ᠬᠥᠮᠦᠵᠢᠯ ᠢᠶᠠᠷ ᠳᠡᠮᠵᠢᠬᠦ ᠳᠠᠳᠤᠯᠭ᠎ᠠ ᠳᠤ ᠬᠠᠭᠠᠰ ᠵᠢᠯ ᠠᠴᠠ ᠳᠡᠭᠡᠭᠰᠢ ᠣᠷᠣᠯᠴᠠᠭᠰᠠᠨ ᠪᠦᠭᠡᠳ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠠᠢ ᠠᠳᠠᠯᠢ ᠨᠥᠬᠦᠴᠡᠯ ᠲᠠᠢ ᠪᠠᠶᠢᠭᠰᠠᠳ ᠢ ᠡᠩ ᠲᠡᠷᠢᠭᠦᠨ ᠳᠤ ᠡᠯᠰᠡᠨ᠎ᠡ᠃      ᠰᠢᠨ᠎ᠡ ᠣᠷᠢᠭᠰᠠᠨ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠨᠠᠷ ᠢᠶᠠᠷ᠂ ᠶᠠᠭᠤᠨ ᠤ ᠡᠮᠦᠨ᠎ᠡ ᠣᠨᠴᠠ ᠬᠦᠴᠢᠷᠳᠡᠯᠲᠡᠶ ᠭᠠᠵᠠᠷ ᠣᠷᠣᠨ ᠪᠠ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ ᠤ ᠬᠥᠳᠡᠭᠡ ᠲᠣᠰᠬᠤᠨ ᠤ ᠪᠠᠭ᠎ᠠ ᠰᠤᠷᠭᠠᠭᠤᠯᠢ᠂ ᠵᠢᠭᠠᠨ ᠰᠤᠷᠭᠠᠬᠤ ᠴᠢᠬ ᠤᠨ ᠪᠠᠭᠰᠢ ᠶᠢ ᠨᠥᠬᠦᠪᠥᠷᠢᠯᠡᠬᠦ ᠬᠡᠷᠡᠭᠴᠡᠭᠡ ᠶᠢ ᠬᠠᠩᠭᠠᠵᠤ᠂ ᠰᠢᠶᠠᠨ ᠤ ᠬᠤᠲᠠ ᠶᠢᠨ ᠰᠤᠷᠭᠠᠭᠤᠯᠢ ᠳᠤ ᠲᠠᠬᠢᠵᠦ ᠣᠨᠴᠠᠭᠠᠢ ᠠᠵᠢᠯ ᠤᠨ ᠪᠠᠶᠢᠷᠢ ᠶᠢᠨ ᠰᠢᠨ᠎ᠡ ᠪᠠᠭᠰᠢ ᠨᠠᠷ ᠢ ᠲᠣᠬᠢᠷᠠᠭᠤᠯᠬᠤ ᠦᠭᠡᠢ᠃ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠳ ᠲᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠨᠠᠷ ᠢ ᠨᠥᠬᠦᠪᠥᠷᠢᠯᠡᠬᠦ ᠶᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠶ᠎ᠡ ᠶᠢᠨ ᠲᠠᠮᠢᠷ ᠳᠠᠭᠤᠤ ᠤᠷᠠᠯᠢᠭ᠂ ᠭᠠᠳᠠᠭᠠᠳᠤ ᠬᠡᠯᠡ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠬᠤᠪᠣᠷ ᠴᠤᠬᠠᠭ᠂ ᠰᠤᠯᠠ ᠪᠠᠭᠤᠷᠠᠶ ᠬᠢᠴᠢᠶᠡᠯ ᠲᠥᠷᠥᠯ ᠤᠨ ᠪᠠᠭᠰᠢ ᠶᠢ ᠨᠥᠬᠦᠪᠥᠷᠢᠯᠡᠬᠦ ᠶᠢ ᠴᠢᠩᠭᠠᠳᠬᠠᠬᠤ ᠬᠡᠷᠡᠭᠲᠡᠢ᠃      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠣᠷᠴᠢᠮᠬᠠᠨ ᠳᠠᠷᠤᠮᠠᠯᠯᠠᠨ ᠲᠠᠷᠬᠠᠭᠠᠭᠰᠠᠨ ︽2016 ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ᠪᠠᠭᠰᠢ ᠨᠠᠷ ᠲᠤ ᠣᠨᠴᠠᠭᠠᠢ ᠠᠵᠢᠯ ᠤᠨ ᠪᠠᠶᠢᠷᠢ ᠲᠣᠬᠢᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠤᠳ ᠬᠢᠨᠠᠨ ᠲᠣᠭᠲᠠᠭᠠᠭᠰᠠᠨ ᠠᠵᠢᠯ ᠤᠨ ᠪᠠᠶᠢᠷᠢ ᠶᠢᠨ ᠲᠤᠭ᠎ᠠ ᠶᠣᠰᠣᠭᠠᠷ᠂ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠵᠤ᠂ 2016 ᠣᠨ ᠳᠤ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ ᠢᠯᠡ ᠪᠠᠷ ᠤᠷᠢᠬᠤ ᠠᠵᠢᠯ ᠢ ᠲᠦᠷᠭᠡᠬᠡᠨ ᠡᠬᠢᠯᠡᠭᠦᠯᠵᠦ᠂ ᠲᠥᠯᠥᠪᠯᠡᠭᠡ ᠶᠣᠰᠣᠭᠠᠷ ᠪᠡᠶᠡᠯᠡᠭᠦᠯᠵᠦ᠂ ᠰᠢᠨ᠎ᠡ ᠡᠯᠰᠡᠨ ᠬᠡᠷᠡᠭᠯᠡᠬᠦ᠂ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠨᠠᠷ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠡ ᠳᠤ ᠴᠠᠭ ᠲᠤᠬᠠᠶ ᠳᠤᠨᠢ ᠠᠵᠢᠯ ᠤᠨ ᠪᠠᠶᠢᠷᠢ ᠳᠤ ᠭᠠᠷᠭᠠᠬᠤ ᠬᠡᠷᠡᠭᠲᠡᠶ ᠭᠡᠵᠡᠢ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠳ ᠲᠤ ᠦᠨᠡᠨ ᠬᠦ ᠠᠷᠭ᠎ᠠ ᠬᠡᠮᠵᠢᠶ᠎ᠡ ᠲᠣᠭᠲᠠᠭᠠᠵᠤ ᠭᠤᠷᠪᠠᠨ ᠵᠢᠯ ᠤᠨ ᠦᠢᠯᠡᠴᠢᠯᠡᠬᠦ ᠬᠤᠭᠤᠴᠠᠭ᠎ᠠ ᠨᠢ ᠳᠥᠭᠦᠷᠥᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠮᠥᠷᠲᠡᠭᠡᠨ ᠣᠨᠴᠠᠭᠠᠢ ᠠᠵᠢᠯ ᠤᠨ ᠪᠠᠶᠢᠷᠢ ᠳᠤ ᠦᠯᠳᠡᠬᠦ ᠳᠤᠷᠠᠲᠠᠢ ᠪᠠᠭᠰᠢ ᠨᠠᠷ ᠲᠤ ᠴᠦ ᠣᠷᠣᠨ ᠲᠤᠭ᠎ᠠ ᠣᠯᠭᠤᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号