ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠣᠯᠤᠨ ᠮᠡᠳᠡᠭᠡ | ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠬᠥᠳᠡᠭᠡ ᠠᠵᠤ ᠠᠬᠤᠶ ᠶᠢᠨ ᠶᠠᠮᠤᠨ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠲᠥᠪ ᠪᠠᠩᠬᠢ ᠵᠡᠷᠭᠡ ᠠᠷᠪᠠᠨ ᠶᠠᠮᠤᠨ ᠵᠦᠪᠯᠡᠯ ᠬᠠᠮᠲᠤᠷᠠᠨ ︽ᠡᠾᠧᠪᠸᠢ | ᠮᠤᠵᠢ ᠶᠢᠨ ᠸᠧᠶ ᠰᠢᠶᠠᠨ ᠵᠡᠷᠭᠡ 90 ᠰᠢᠶᠠᠨ ︵ᠬᠤᠳᠠ᠂ ᠲᠣᠭᠤᠷᠢᠭ︶ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠲᠠᠢ ᠤᠶᠠᠯᠳᠤᠭᠤᠯᠤᠨ ᠬᠥᠯᠥᠰᠥᠨ ᠠᠵᠢᠯᠴᠢᠨ ᠵᠡᠷᠭᠡ ᠬᠥᠮᠦᠰ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠤᠷᠰᠢᠯᠲᠠ ᠶᠢᠨ ᠴᠢᠭ᠋ ᠪᠠᠶᠢᠭᠤᠯᠬᠤ ᠶᠢ ᠵᠥᠪᠰᠢᠶᠡᠷᠡᠬᠦ ᠲᠤᠬᠠᠶ ᠮᠡᠳᠡᠭᠳᠡᠯ︾ | ︵ᠬᠥᠭᠵᠢᠭᠦᠯᠦᠯᠲᠡ ᠥᠭᠡᠷᠡᠴᠢᠯᠡᠯᠲᠡ ᠠᠵᠢᠯ ᠣᠯᠭᠤᠯᠲᠠ ﹇2016﹈ 95 ᠳ᠋ᠤᠭᠠᠷ ᠲᠣᠭᠠᠲᠤ︶ ᠢ ᠳᠠᠷᠤᠮᠠᠯᠯᠠᠨ | ᠲᠠᠷᠬᠠᠭᠠᠵᠤ᠂ ᠥᠪᠥᠷ ᠮᠣᠩᠭᠤᠯ ᠤᠨ ᠵᠡᠯᠡᠨ ᠠᠶᠢᠯ ᠬᠤᠲᠠ᠂ ᠪᠠᠭᠠᠷᠢᠨ ᠵᠡᠭᠦᠨ ᠬᠤᠰᠢᠭᠤ᠂ ᠬᠤᠷᠢᠨᠭᠡᠷ ᠰᠢᠶᠠᠨ | ᠭᠤᠷᠪᠠᠨ ᠭᠠᠵᠠᠷ ᠣᠷᠣᠨ ᠲᠤᠷᠰᠢᠯᠲᠠ ᠶᠢᠨ ᠴᠢᠭ᠋ ᠤᠨ ᠨᠡᠷᠡᠰ ᠲᠤ ᠵᠢᠭᠰᠠᠭᠠᠭᠳᠠᠪᠠ᠃ ᠲᠠᠨᠢᠯᠴᠠᠭᠤᠯᠤᠭᠰᠠᠨ ᠢ | ᠦᠨᠳᠦᠰᠦᠯᠡᠪᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠭᠤᠣᠯ ᠡᠭᠦᠷᠭᠡ ᠶᠢ | ᠲᠣᠳᠣᠷᠬᠠᠶᠢᠯᠠᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ᠂ ᠠᠵᠢᠯ ᠤᠨ | ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠬᠤ᠂ ᠲᠤᠷᠰᠢᠯᠭ᠎ᠠ ᠪᠠᠨ ᠰᠠᠶᠢᠲᠤᠷ ᠳ᠋ᠥᠡᠭᠨᠡᠬᠦ᠂ ᠠᠳᠠᠯ ᠦᠢᠯᠡᠰ | ᠴᠣᠭᠴᠠᠯᠠᠬᠤ ᠠᠵᠢᠯ ᠣᠯᠭᠤᠬᠤ ᠶᠢ ᠬᠢᠨᠠᠨ ᠬᠡᠮᠵᠢᠬᠦ᠂ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ ᠶᠢ | ᠴᠢᠬᠤᠯᠠᠴᠢᠯᠠᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠬᠤ ᠵᠡᠷᠭᠡ 7 ᠲᠠᠯ᠎ᠠ ᠪᠠᠷ ᠪᠣᠳᠠᠲᠠᠶ | ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠣᠳᠣᠬᠠᠨ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠲᠤᠰ ᠤᠴᠢᠷ ᠤᠨ ᠲᠤᠬᠠᠢ ᠨᠢᠭᠡᠨᠲᠡ ᠠ ᠯᠢ ᠪᠠ ᠪᠠ ᠪᠥᠯᠦᠭᠯᠡᠯ ᠯᠦᠭᠡ ᠶᠡᠷᠦᠩᠬᠡᠶ ᠲᠥᠯᠥᠪ ᠤᠨ | ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠶᠠᠭ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠳᠦᠯᠬᠢᠨ ᠠᠬᠢᠭᠤᠯᠵᠤ ᠪᠠᠶᠢᠨ᠎ᠠ᠃ | |