ᠥᠪᠥᠷ ᠮᠣᠩᠭᠤᠯ ᠤᠨ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠳᠡᠳᠬᠦᠭᠰᠡᠨ ᠪᠡᠯᠡ ᠮᠥᠩᠭᠦ ᠨᠢ 26.4 ᠲᠦᠮᠡᠨ ᠬᠥᠮᠦᠨ ᠳᠤ ᠠᠵᠠ ᠵᠢᠷᠭᠠᠯ ᠠᠪᠴᠢᠷᠠᠪᠠ
ᠨᠡᠶᠢᠲᠡᠯᠡᠭᠰᠡᠨ ᠴᠠᠭ᠄
2016/4/7
      ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠰᠡᠭᠦᠯᠴᠢ ᠶᠢᠨ ᠬᠤᠭᠤᠴᠠᠭᠠᠨ ᠤ ᠠᠷᠠᠳ ᠢ ᠨᠡᠭᠦᠯᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠡᠳ᠋ ᠤᠨ ᠵᠠᠰᠠᠭ ᠤᠨ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠠᠷᠠᠳ ᠢ ᠨᠡᠭᠦᠯᠭᠡᠬᠦ ᠲᠦᠷᠦᠯ ᠵᠦᠢᠯ ᠤᠨ ᠳᠡᠳᠬᠦᠮᠵᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ︽12.5︾᠎ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠣᠷᠣᠭᠰᠢ ᠪᠠᠭᠤᠯᠭᠠᠭᠰᠠᠨ ᠲᠤᠮᠤ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠮᠵᠢ ᠶᠢᠨ ᠪᠡᠯᠡ ᠮᠥᠩᠭᠦ ᠨᠢ ᠨᠡᠶᠢᠲᠡ 28.75 ᠳ᠋ᠥᠡᠭᠰᠢᠭᠤᠷ ᠲᠥᠭᠦᠷᠢᠭ ᠲᠤ ᠬᠦᠷᠴᠦ᠂ ᠲᠣᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠣᠷᠣᠨ ᠤ 26.4 ᠲᠦᠮᠡᠨ ᠨᠡᠭᠦᠳᠡᠯ ᠠᠷᠠᠳ ᠠᠰᠢᠭ ᠬᠦᠷᠲᠡᠪᠡ᠃ ᠡᠨᠡ ᠬᠦ ᠶᠠᠪᠤᠴᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠲᠥᠷᠥᠯ ᠵᠦᠢᠯ ᠳᠤ ᠬᠡᠷᠡᠭᠯᠡᠬᠦ ᠪᠡᠯᠡ ᠮᠥᠩᠭᠦ ᠶᠢᠨ ᠠᠮᠤᠷ ᠲᠥᠪᠰᠢᠨ ᠪᠥᠭᠡᠳ ᠪᠥᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠤᠯᠤᠰ ᠤᠨ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠰᠡᠭᠦᠯᠴᠢ ᠶᠢᠨ ᠬᠤᠭᠤᠴᠠᠭᠠᠨ ᠤ ᠲᠡᠳᠬᠦᠮᠵᠢ ᠶᠢᠨ ᠪᠡᠯᠡ ᠮᠥᠩᠭᠦ ᠶᠢ ᠬᠤᠪᠢᠶᠠᠷᠢᠯᠠᠬᠤ᠂ ᠴᠤᠭᠯᠠᠭᠤᠯᠬᠤ ᠪᠠ ᠴᠠᠭ ᠲᠤᠬᠠᠶ ᠳᠤᠨᠢ ᠰᠢᠯᠵᠢᠭᠦᠯᠦᠨ ᠥᠭᠬᠦ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠥᠪ ᠤᠨ ᠲᠦ᠋ᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠮᠥᠷᠲᠡᠭᠡᠨ ᠪᠠᠰᠠ ᠤᠰᠤᠨ ᠴᠥᠭᠦᠷᠥᠮ ᠤᠨ ᠣᠷᠣᠨ ᠪᠣᠯᠤᠨ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠠᠵᠤ ᠠᠬᠤᠶ ᠶᠢᠨ ᠪᠦᠬᠦ ᠲᠠᠯ᠎ᠠ ᠪᠠᠷ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号