ᠥᠪᠥᠷ ᠮᠣᠩᠭᠤᠯ ᠭᠡᠷ ᠤᠨ ᠲᠡᠵᠢᠭᠡᠪᠦᠷᠢ ᠪᠠᠷ ᠰᠠᠨᠰᠠᠷ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠳᠡᠯᠡᠬᠡᠶ ᠶᠢᠨ ᠠᠩᠬᠠᠳᠠᠭᠴᠢ ᠲᠤᠷᠰᠢᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/4/7
      4 ᠳ᠋ᠦ᠋ᠭᠡᠷ ᠰᠠᠷ᠎ᠠ ᠶᠢᠨ 6᠎ ᠤ ᠡᠳᠦᠷ ᠤᠨ ᠦᠷ ᠤᠨ 1 ᠴᠠᠭ 38 ᠮᠢᠨᠦ᠋ᠲ ᠲᠤ᠂ ᠮᠠᠨ ᠤ ᠤᠯᠤᠰ ᠤᠨ ᠠᠩᠬᠠᠳᠠᠭᠴᠢ ᠪᠢᠴᠢᠯ ᠬᠦᠨᠳᠦᠴᠢᠲᠦ ᠰᠢᠨᠵᠢᠯᠡᠬᠦ ᠤᠬᠠᠭᠠᠨ ᠤ ᠲᠤᠷᠰᠢᠯᠲᠠ ᠶᠢᠨ ᠳᠠᠭᠠᠭᠤᠯᠢ ᠣᠳᠣ —— ᠦᠢᠯᠡᠳᠦᠯᠭᠡ 10 ᠳ᠋ᠤᠭᠠᠷ ᠨᠣᠮᠧᠷᠲᠥ ᠳᠠᠭᠠᠭᠤᠯᠢ ᠣᠳᠣ ᠣᠭᠲᠠᠷᠭᠤᠶ ᠳᠤ ᠬᠠᠷᠪᠤᠭᠳᠠᠬᠤ ᠶᠢ ᠳᠠᠭᠠᠯᠳᠤᠨ᠂ ᠳᠠᠭᠠᠭᠤᠯᠢ ᠤᠳᠦᠠ ᠳᠡᠭᠡᠷ᠎ᠡ ᠠᠴᠢᠶᠠᠯᠠᠭᠰᠠᠨ ᠬᠤᠯᠠᠨᠳ᠋ ᠤᠨ ᠰᠠᠭᠠᠯᠢ ᠶᠢᠨ ᠦᠨᠢᠶ᠎ᠡ᠂ ᠰᠠᠨ ᠾᠧ ᠦᠬᠡᠷ᠂ ᠦᠵᠦᠮᠦᠴᠢᠨ ᠬᠤᠨᠢ᠂ ᠠᠷᠪᠠᠰ ᠤᠨ ᠨᠣᠯᠤᠤᠷ ᠤᠨ ᠢᠮᠠᠭ᠎ᠠ᠂ ᠳᠤᠮᠳᠠᠳᠤ ᠤᠯᠤᠰ ᠤᠨ ᠱᠤᠦ ᠪᠤᠭᠤ ᠵᠡᠷᠭᠡ ᠮᠠᠨ ᠤ ᠣᠷᠣᠨ ᠤ 5 ᠵᠦᠢᠯ ᠤᠨ ᠳᠠᠪᠠᠭᠤᠯᠢᠭ ᠮᠠᠯ ᠲᠡᠵᠢᠭᠡᠪᠦᠷᠢ ᠶᠢᠨ ᠪᠡᠶ᠎ᠡ ᠶᠢᠨ ᠡᠰ ᠴᠦ ᠬᠠᠮᠲᠤ ᠪᠠᠷ ᠣᠭᠲᠠᠷᠭᠤᠶ ᠶᠢᠨ ᠲᠣᠭᠤᠷᠢᠯ ᠵᠠᠮ ᠳᠤ ᠣᠷᠤᠵᠠᠢ᠂ ᠡᠨᠡ ᠪᠣᠯ ᠭᠡᠷ ᠤᠨ ᠲᠡᠵᠢᠭᠡᠪᠦᠷᠢ ᠶᠢ ᠰᠠᠨᠰᠠᠷ ᠤᠨ ᠠᠮᠢᠳᠤ ᠪᠣᠳᠠᠰ ᠤᠨ ᠡᠭᠦᠯᠳᠡᠷ ᠢ ᠪᠤᠶᠢᠵᠢᠭᠤᠯᠬᠤ ᠳᠡᠯᠡᠬᠡᠶ ᠶᠢᠨ ᠣᠭᠲᠠᠷᠭᠤᠶ ᠳᠤ ᠬᠢᠭᠰᠡᠨ ᠠᠩᠬᠠᠳᠠᠭᠴᠢ ᠲᠤᠷᠰᠢᠯᠲᠠ ᠪᠣᠯᠤᠨ᠎ᠠ᠃      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠭᠠᠭᠰᠠᠨ ᠨᠢ᠂ ᠡᠨᠡᠬᠦ ᠰᠠᠨᠰᠠᠷ ᠲᠤ ᠦᠷ᠎ᠡ ᠪᠤᠶᠢᠵᠢᠭᠤᠯᠬᠤ ᠲᠤᠷᠰᠢᠯᠲᠠ ᠪᠣᠯ ᠦᠢᠯᠡᠳᠦᠯᠭᠡ 10 ᠳ᠋ᠤᠭᠠᠷ ᠨᠣᠮᠧᠷᠲᠥ ᠡᠭᠡᠭᠦᠯᠦᠨ ᠠᠪᠬᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠳᠠᠭᠠᠭᠤᠯᠢ ᠣᠳᠤᠨ ᠤ ᠣᠭᠲᠠᠷᠭᠤᠶ ᠳᠤ ᠬᠢᠭᠰᠡᠨ 19 ᠵᠦᠢᠯ ᠤᠨ ᠪᠢᠴᠢᠯ ᠬᠦᠨᠳᠦᠴᠢᠲᠦ ᠰᠢᠨᠵᠢᠯᠡᠬᠦ ᠤᠬᠠᠭᠠᠨ ᠪᠠ ᠣᠷᠣᠨ ᠵᠠᠶ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠲᠤᠷᠰᠢᠯᠲᠠ ᠶᠢᠨ ᠳᠣᠲᠤᠷᠠᠬᠢ ᠨᠢᠭᠡᠨ ᠵᠦᠢᠯ ᠪᠣᠯᠤᠨ᠎ᠠ᠃      ᠡᠨᠡ ᠤᠳᠠᠭᠠᠨ ᠤ ᠲᠤᠷᠰᠢᠯᠲᠠ ᠶᠢᠨ ᠨᠠᠶᠢᠳᠠᠯᠭ᠎ᠠ ᠶᠢᠨ ᠲᠠᠯ᠎ᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯᠬᠤ ᠥᠪᠥᠷ ᠮᠣᠩᠭᠤᠯ ᠤᠨ ᠰᠠᠢ ᠺᠧ ᠰᠢᠩ ᠡᠭᠦᠯᠳᠡᠷ ᠪᠣᠶᠢᠵᠢᠭᠤᠯᠬᠤ ᠠᠮᠢᠳᠤ ᠪᠣᠳᠠᠰ ᠤᠨ ᠮᠡᠷᠭᠡᠵᠢᠯ ︵ᠪᠦᠯᠦᠭᠯᠡᠯ︶᠎ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠦᠷᠦᠭᠦᠴᠢ ᠰᠢᠨᠵᠢᠯᠡᠬᠦ ᠤᠬᠠᠭᠠᠨᠲᠠᠨ ᠯᠢ ᠰᠢ ᠾᠧ ᠬᠡᠯᠡᠭᠰᠡᠨ ᠨᠢ᠄ ︽ᠡᠨᠡ ᠤᠳᠠᠭᠠᠨ ᠤ ᠲᠤᠷᠰᠢᠭᠰᠠᠨ ᠰᠠᠨᠰᠠᠷ ᠤᠨ ᠡᠭᠦᠯᠳᠡᠷ ᠪᠣᠶᠢᠵᠢᠭᠤᠯᠬᠤ ᠮᠡᠷᠭᠡᠵᠢᠯ ᠨᠢ᠂ ᠭᠡᠷ ᠤᠨ ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠴᠠᠭ ᠢ ᠶᠡᠭᠡ ᠪᠠᠷ ᠪᠣᠭᠤᠨᠢᠰᠬᠠᠬᠤ ᠪᠠ ᠭᠡᠷ ᠤᠨ ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ ᠤᠯᠠᠮᠵᠢᠯᠠᠯᠲᠤ ᠭᠡᠷ ᠤᠨ ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠮᠡᠷᠭᠡᠵᠢᠯ ᠤᠨ ᠰᠢᠨ᠎ᠡ ᠤᠳᠤᠮ ᠬᠥᠮᠦᠵᠢᠭᠦᠯᠬᠦ ᠬᠤᠭᠤᠴᠠᠭ᠎ᠠ ᠨᠢ 10 —15 ᠵᠢᠯ᠂ ᠰᠢᠨ᠎ᠡ ᠡᠭᠦᠯᠳᠡᠷ ᠢ ᠬᠥᠮᠦᠵᠢᠭᠦᠯᠬᠦ ᠬᠤᠭᠤᠴᠠᠭ᠎ᠠ ᠨᠢ 20 — 30 ᠵᠢᠯ ᠪᠣᠯᠤᠨ᠎ᠠ᠃ ᠭᠡᠲᠡᠯ᠎ᠡ ᠰᠠᠨᠰᠠᠷ ᠠᠴᠠ ᠪᠤᠴᠠᠵᠤ ᠢᠷᠡᠭᠰᠡᠨ ᠠᠴᠢᠶᠠᠨ ᠤ ᠵᠠᠭᠪᠤᠷ ᠤᠨ ᠳᠣᠲᠣᠷ᠎ᠠ ᠠᠴᠠ ᠦᠢᠯᠡᠳᠪᠦᠷᠢᠯᠡᠬᠦ ᠰᠢᠨᠵᠢ ᠴᠢᠳᠠᠯ ᠨᠢ ᠢᠯᠡᠳᠲᠡ ᠳᠡᠭᠡᠭᠰᠢᠯᠡᠭᠰᠡᠨ ᠬᠤᠪᠢᠯᠪᠤᠷᠢ ᠡᠰ ᠢ ᠰᠢᠯᠢᠨ ᠰᠤᠩᠭᠤᠵᠤ ᠤᠳᠤ ᠦᠶ᠎ᠡ ᠶᠢᠨ ᠦᠷᠡᠵᠢᠭᠦᠯᠦᠨ ᠪᠤᠶᠢᠵᠢᠭᠤᠯᠬᠤ ᠠᠮᠢᠳᠤ ᠪᠣᠳᠠᠰ ᠤᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠨ ᠬᠤᠪᠢ ᠪᠡᠶ᠎ᠡ ᠶᠢ ᠣᠯᠵᠤ᠂ ᠭᠡᠷ ᠤᠨ ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠦᠶᠡᠯᠡᠯ ᠤᠨ ᠬᠤᠭᠤᠴᠠᠭ᠎ᠠ ᠶᠢ ᠬᠠᠭᠠᠰ ᠠᠴᠠ ᠳᠡᠭᠡᠭᠰᠢ ᠪᠣᠭᠤᠨᠢᠰᠬᠠᠵᠤ᠂ ᠡᠵᠡᠨ ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠦᠬᠦᠢ ᠭᠡᠷ ᠤᠨ ᠲᠡᠵᠢᠭᠡᠪᠦᠷᠢ ᠶᠢᠨ ᠰᠢᠨ᠎ᠡ ᠤᠳᠤᠮ ᠡᠭᠦᠯᠳᠡᠷ ᠢ ᠪᠣᠶᠢᠵᠢᠭᠤᠯᠬᠤ ᠪᠣᠯᠤᠮᠵᠢᠲᠠᠢ ᠶᠤᠮ᠃ ᠡᠨᠡᠬᠦ ᠮᠡᠷᠭᠡᠵᠢᠯ ᠤᠨ ᠠᠷᠭ᠎ᠠ ᠪᠠᠷᠢᠯ ᠨᠢ ᠮᠠᠨ ᠤ ᠤᠯᠤᠰ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠡᠬᠢ ᠪᠠᠶᠠᠯᠢᠭ ᠤᠨ ᠬᠥᠮᠥᠷᠭᠡ ᠶᠢ ᠪᠠᠶᠠᠯᠢᠭᠵᠢᠭᠤᠯᠬᠤ ᠪᠠ ᠤᠯᠠᠨ ᠡᠰᠢᠵᠢᠭᠦᠯᠵᠦ᠂ ᠮᠠᠨ ᠤ ᠤᠯᠤᠰ ᠤᠨ ᠭᠡᠷ ᠤᠨ ᠲᠡᠵᠢᠭᠡᠪᠦᠷᠢ ᠲᠠᠷᠢᠮᠠᠯ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠵᠤ ᠠᠬᠤᠶ ᠶᠢᠨ ᠦᠨ᠎ᠡ ᠦᠷᠲᠡᠭ ᠪᠠ ᠪᠣᠳᠠᠲᠤ ᠠᠴᠢ ᠬᠤᠯᠪᠣᠭᠳᠠᠯ ᠲᠠᠢ︾ ᠭᠡᠪᠡ᠃      ᠣᠶᠢᠯᠠᠭᠠᠭᠰᠠᠨ ᠢᠶᠠᠷ᠂ ᠦᠢᠯᠡᠳᠦᠯᠭᠡ 10 ᠳ᠋ᠤᠭᠠᠷ ᠨᠣᠮᠧᠷᠲᠥ ᠡᠭᠡᠭᠦᠯᠦᠨ ᠠᠪᠬᠤ ᠳᠠᠭᠠᠭᠤᠯᠢ ᠣᠳᠣᠨ ᠤ ᠪᠤᠴᠠᠭᠠᠨ ᠬᠤᠷᠢᠶᠠᠬᠤ ᠦᠷᠦᠭᠡ ᠨᠢ ᠲᠣᠭᠤᠷᠢᠯᠲᠠ ᠶᠢᠨ ᠵᠠᠮ ᠳᠠᠭᠠᠨ ᠠᠷᠪᠠ ᠭᠠᠷᠤᠶ ᠡᠳᠦᠷ ᠠᠵᠢᠯᠯᠠᠭᠰᠠᠨ ᠤ ᠳᠠᠷᠠᠭ᠎ᠠ᠂ ᠤᠷᠢᠳᠴᠢᠯᠠᠨ ᠲᠣᠭᠲᠠᠭᠠᠭᠰᠠᠨ ᠵᠢᠷᠤᠮ ᠶᠣᠰᠣᠭᠠᠷ ᠳᠡᠯᠡᠬᠡᠶ ᠶᠢᠨ ᠪᠥᠮᠪᠥᠷᠴᠡᠭ ᠲᠤ ᠪᠣᠴᠠᠨ ᠢᠷᠡᠬᠦ ᠪᠥᠭᠡᠳ ᠮᠠᠨ ᠤ ᠣᠷᠣᠨ ᠤ ᠳᠥᠷᠪᠡᠳ ᠬᠤᠰᠢᠭᠤᠨ ᠳᠤ ᠭᠠᠵᠠᠷ ᠪᠠᠭᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号