ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ | ᠲᠦᠯᠦᠭᠡ᠂ ᠥᠪᠥᠷ ᠮᠣᠩᠭᠤᠯ ᠤᠨ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ | ᠣᠶᠢᠷ᠎ᠠ ᠳᠤ ︽ᠥᠪᠥᠷ ᠮᠣᠩᠭᠤᠯ ᠤᠯᠤᠰ ᠤᠨ ᠤᠮᠠᠷᠠᠰᠢ ᠨᠡᠭᠡᠭᠡᠬᠦ ᠬᠦᠭᠦᠷᠭᠡ ᠪᠣᠯᠤᠨ ᠬᠢᠯᠢ ᠳᠠᠭᠠᠤ ᠠᠵᠤ | ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠤᠳᠤᠷᠢᠳᠬᠤ ᠠᠵᠢᠯ ᠳᠤ ᠬᠡᠷᠡᠭᠯᠡᠬᠦ ᠵᠢᠷᠤᠭ︾ | ︵ᠳᠣᠷᠣᠭᠰᠢ ︽ᠠᠵᠢᠯ ᠤᠨ ᠵᠢᠷᠤᠭ︾ ᠭᠡᠵᠦ ᠲᠣᠪᠴᠢᠯᠠᠨ᠎ᠠ︶ ᠪᠠ ︽ᠳᠤᠮᠳᠠᠳᠤ ᠤᠯᠤᠰ ᠤᠨ ︿ᠨᠢᠭᠡ ᠪᠦᠰᠡ | ᠨᠢᠭᠡ ᠵᠠᠮ﹀ ᠤᠨ ᠳᠤᠮᠳᠠᠬᠢ ᠥᠪᠥᠷ ᠮᠣᠩᠭᠤᠯ ᠤᠨ ᠲᠣᠷᠭᠠᠨ ᠵᠠᠮ ᠤᠨ ᠠᠵᠤ ᠠᠬᠤᠶ ᠶᠢᠨ ᠪᠦᠰᠡ︾ ᠶᠢᠨ | ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠤᠰᠬᠠᠪᠠ᠃ | ︽ᠠᠵᠢᠯ ᠤᠨ ᠵᠢᠷᠤᠭ︾ ᠨᠢ ︽ᠬᠤᠣᠰ ᠪᠦᠭᠡᠮᠳᠦ᠂ ᠤᠯᠠᠨ ᠴᠢᠭ᠋︾ ᠢᠶᠠᠷ ᠲᠦᠰᠢᠭ ᠪᠤᠯᠭᠠᠭᠰᠠᠨ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠨᠡᠭᠡᠭᠡᠨ ᠬᠦᠭᠵᠢᠭᠦᠯᠬᠦ ᠠᠵᠤ ᠠᠬᠤᠶ ᠶᠢᠨ ᠪᠦᠰᠡ᠂ | ᠥᠪᠡᠷᠲᠡᠭᠡᠨ ᠵᠠᠰᠠᠭ ᠣᠷᠣᠨ ᠤ ᠳᠤᠲᠤᠷ ᠭᠠᠵᠠᠷ ᠤᠨ ᠭᠤᠣᠯ ᠬᠤᠳᠠᠳ ︵ᠬᠦᠷᠢᠶᠡᠯᠡᠩ ᠲᠣᠭᠤᠷᠢᠭ︶ ᠤᠨ ᠰᠠᠴᠤᠷᠠᠨ | ᠲᠤᠯᠤᠬᠤ ᠣᠷᠣᠨ ᠵᠢᠴᠢ ᠬᠢᠯᠢ ᠳᠠᠭᠠᠤ ᠣᠷᠣᠨ ᠤ ᠠᠵᠤ ᠠᠬᠤᠶ ᠶᠢᠨ ᠪᠦᠰᠡ᠂ ᠣᠷᠣᠰ ᠮᠣᠩᠭᠤᠯ ᠪᠠ ᠮᠠᠨ ᠤ | ᠤᠯᠤᠰ ᠤᠨ ᠳᠣᠲᠣᠷ᠎ᠠ ᠭᠠᠵᠠᠷ ᠢ ᠬᠤᠯᠪᠤᠨ ᠨᠡᠪᠲᠡᠷᠡᠭᠦᠯᠦᠭᠰᠡᠨ ᠵᠢᠷᠭᠤᠭᠠᠨ ᠶᠡᠭᠡ ᠠᠵᠤ ᠠᠬᠤᠶ ᠶᠢᠨ ᠬᠤᠩᠭᠢᠯ᠂ | ᠥᠪᠡᠷᠲᠡᠭᠡᠨ ᠵᠠᠰᠠᠬᠤ ᠣᠷᠣᠨ ᠤᠯᠤᠰ ᠤᠨ ᠤᠮᠠᠷᠠᠰᠢ ᠨᠡᠭᠡᠭᠡᠬᠦ ᠬᠦᠭᠦᠷᠭᠡ ᠪᠣᠯᠤᠨ ᠬᠢᠯᠢ ᠳᠠᠭᠠᠤ ᠠᠵᠤ ᠠᠬᠤᠶ ᠶᠢᠨ | ᠪᠦᠰᠡ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠠᠭᠤᠯᠭ᠎ᠠ ᠶᠢ ᠵᠢᠷᠤᠭ ᠦᠰᠦᠭ ᠬᠤᠤᠰᠯᠠᠭᠤᠯᠵᠤ | ᠢᠯᠡᠳᠬᠡᠪᠡ︔ ᠥᠪᠡᠷᠲᠡᠭᠡᠨ ᠵᠠᠰᠠᠬᠤ ᠣᠷᠣᠨ ᠤ 16 ᠠᠯᠪᠠᠨ ᠶᠣᠰᠣᠭᠠᠷ ᠭᠠᠳᠠᠭᠰᠢ ᠨᠡᠭᠡᠭᠡᠬᠦ ᠪᠣᠭᠤᠮᠲᠠ ᠪᠣᠯᠤᠨ | ᠬᠢᠯᠢ ᠶᠢᠨ19 ᠬᠤᠰᠢᠭᠤ ᠰᠢᠶᠠᠨ ᠤ ︵ᠬᠤᠳᠠ︶ ᠴᠠᠬᠢᠯᠭᠠᠨ ᠬᠦᠴᠦ᠂ ᠤᠰᠤᠨ ᠠᠰᠢᠭᠯᠠᠯᠲᠠ᠂ ᠮᠡᠳᠡᠭᠡ ᠵᠠᠩᠭᠢ | ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠦᠪᠯᠡᠷᠡᠭᠦᠯᠦᠨ ᠢᠯᠡᠷᠡᠭᠦᠯᠪᠡ︔ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠪᠣᠭᠤᠮᠲᠠ ᠶᠢᠨ ᠡᠷᠬᠢᠨ ᠲᠣᠭᠤᠷᠢᠨ ᠤ | ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠤᠷᠤᠨ ᠤ ᠪᠦᠲᠦᠭᠡᠨ ᠪᠠᠶᠢᠭᠤᠯᠤᠯᠲᠠ ᠵᠢᠴᠢ ᠲᠡᠭᠦᠨ ᠤ ᠭᠤᠣᠯ | ᠪᠣᠯᠪᠠᠰᠤᠷᠠᠭᠤᠯᠬᠤ ᠠᠵᠤ ᠦᠢᠯᠡᠰ ᠵᠢᠴᠢ ᠬᠢᠯᠢ ᠶᠢᠨ ᠭᠠᠳᠠᠨᠠᠬᠢ ᠭᠤᠣᠯ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠲᠠᠷᠬᠠᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠷ ᠲᠤᠰᠬᠠᠵᠤ᠂ ᠤᠯᠤᠰ ᠤᠨ ᠤᠮᠠᠷᠠᠰᠢ ᠨᠡᠭᠡᠭᠡᠬᠦ | ᠬᠦᠭᠦᠷᠭᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ | ᠣᠷᠣᠨ ᠤ ᠳᠣᠲᠣᠷᠠᠬᠢ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠤᠰᠤᠨ ᠵᠠᠮ ᠤᠨ ᠲᠡᠭᠡᠭᠡᠪᠦᠷᠢ ᠵᠡᠷᠭᠡ ᠵᠠᠮ | ᠬᠠᠷᠢᠯᠴᠠᠭᠠᠨ ᠤ ᠲᠤᠤᠷ ᠢ ᠨᠠᠷᠢᠯᠢᠭ ᠣᠨᠣᠴᠢᠲᠠᠶ ᠪᠠᠷ ᠢᠯᠡᠷᠬᠡᠶᠢᠯᠡᠪᠡ᠃ ᠡᠭᠦᠨ ᠤ ᠬᠠᠮᠲᠤ᠂ ᠦᠰᠦᠭ ᠪᠢᠴᠢᠭ ᠤᠨ | ᠲᠠᠨᠢᠯᠴᠠᠭᠤᠯᠭ᠎ᠠ ᠲᠠᠢ ᠤᠶᠠᠯᠳᠠᠭᠤᠯᠵᠤ᠂ ᠪᠦᠬᠦ᠋ᠢᠯᠡ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ᠂ | ᠪᠠᠶᠢᠯᠳᠤᠬᠤ ᠪᠣᠳᠣᠯᠭ᠎ᠠ ᠶᠢᠨ ᠪᠠᠶᠢᠷᠢ᠂ ᠦᠨᠳᠦᠰᠦᠨ ᠵᠠᠷᠴᠢᠮ᠂ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠨᠠᠷᠢᠨ | ᠵᠢᠷᠤᠭᠯᠠᠪᠠ᠃ ︽ᠳᠤᠮᠳᠠᠳᠤ ᠤᠯᠤᠰ ᠤᠨ ︿ᠨᠢᠭᠡ ᠪᠦᠰᠡ ᠨᠢᠭᠡ ᠵᠠᠮ﹀ ᠤᠨ ᠳᠤᠮᠳᠠᠬᠢ ᠥᠪᠥᠷ ᠮᠣᠩᠭᠤᠯ ᠤᠨ | ᠲᠣᠷᠭᠠᠨ ᠵᠠᠮ ᠤᠨ ᠠᠵᠤ ᠠᠬᠤᠶ ᠶᠢᠨ ᠪᠦᠰᠡ︾ ᠨᠢ ︽ᠥᠪᠥᠷ ᠮᠣᠩᠭᠤᠯ ᠤᠨ ᠤᠯᠤᠰ ᠤᠨ ᠤᠮᠠᠷᠠᠰᠢ ᠨᠡᠭᠡᠭᠡᠬᠦ | ᠬᠦᠭᠦᠷᠭᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ | ᠤᠳᠤᠷᠢᠳᠬᠤ ᠠᠵᠢᠯ ᠳᠤ ᠬᠡᠷᠡᠭᠯᠡᠬᠦ ᠵᠢᠷᠤᠭ︾ ᠢᠶᠠᠷ ᠰᠠᠭᠤᠷᠢᠯᠠᠵᠤ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠳᠠᠬᠢ ᠬᠠᠷᠠᠮᠦᠷᠡᠨ ᠪᠤᠯᠤᠨ ᠧᠦ᠋ᠷᠣᠫᠠ ᠶᠢᠨ ᠬᠤᠭᠤᠷᠤᠨᠳᠤᠬᠢ ᠡᠭᠡᠯᠵᠢ ᠶᠢᠨ ᠭᠠᠯᠲᠤ ᠲᠡᠷᠭᠡᠨ ᠤ | ᠲᠡᠮᠦᠷ ᠵᠠᠮ ᠢᠶᠠᠷ ᠲᠡᠩᠭᠡᠯᠢᠭ ᠱᠤᠭᠤᠮ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠣᠷᠭᠠᠨ ᠵᠠᠮ ᠤᠨ ᠠᠵᠤ | ᠠᠬᠤᠶ ᠶᠢᠨ ᠪᠦᠰᠡ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠥᠭᠵᠢᠯᠲᠡ ᠶᠢᠨ ᠬᠠᠷᠠᠯᠲᠠ ᠪᠠ | ᠪᠠᠶᠢᠯᠳᠤᠬᠤ ᠪᠤᠳᠤᠯᠭ᠎ᠠ ᠶᠢᠨ ᠬᠠᠨᠳᠤᠰᠢ ᠶᠢ ᠳᠦᠷᠰᠦᠯᠡᠨ ᠵᠢᠷᠤᠪᠠ᠃ ᠭᠠᠵᠠᠷ ᠤᠨ ᠵᠢᠷᠤᠭ ᠤᠨ ᠵᠠᠩᠭᠢᠯᠠᠭ᠎ᠠ | ᠨᠢᠭᠡᠪᠦᠷᠢ ᠶᠢᠨ ᠬᠤᠲᠠ ᠪᠠᠯᠭᠠᠰᠤ ᠪᠣᠯᠤᠨ ᠪᠣᠭᠤᠮᠲᠠ ᠶᠢᠨ ᠪᠡᠯᠭᠡᠳᠡᠯ ᠪᠣᠳᠠᠰ ᠪᠠ ᠪᠣᠳᠠᠰ ᠤᠨ ᠭᠠᠷᠤᠯᠲᠠ ᠶᠢᠨ | ᠢᠯᠡᠳᠬᠡᠮᠵᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠣᠷᠭᠠᠨ ᠵᠠᠮ ᠤᠨ ᠠᠵᠤ ᠠᠬᠤᠶ ᠶᠢᠨ | ᠪᠦᠰᠡ︾ ᠬᠢᠯᠢ ᠠᠯᠤᠰᠯᠠᠭᠰᠠᠨ ᠠᠷᠠᠯᠵᠢᠶ᠎ᠠ ᠪᠣᠯᠤᠨ ᠲᠡᠭᠡᠭᠡᠪᠦᠷᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ | ᠲᠤᠶᠢᠮᠤ ᠵᠢᠷᠤᠭ ᠢ ᠠᠮᠢᠳᠤᠯᠢᠭ ᠢᠶᠠᠷ ᠢᠯᠡᠷᠡᠭᠦᠯᠪᠡ᠃ |