ᠥᠪᠥᠷ ᠮᠣᠩᠭᠤᠯ ᠤᠨ ᠶᠠᠳᠠᠭᠤ ᠬᠦᠴᠢᠷᠳᠡᠯᠲᠡᠶ ᠬᠥᠳᠡᠭᠡ ᠲᠣᠰᠬᠤᠨ ᠤ ᠡᠮᠴᠢ ᠵᠢᠯ ᠪᠦᠷᠢ ᠬᠥᠮᠦᠨ ᠨᠢᠭᠡᠪᠦᠷᠢ 8000 ᠲᠥᠭᠦᠷᠢᠭ ᠤᠨ ᠨᠥᠬᠦᠪᠥᠷᠢ ᠤᠯᠬᠤ ᠪᠣᠯᠤᠨ᠎ᠠ
ᠨᠡᠶᠢᠲᠡᠯᠡᠭᠰᠡᠨ ᠴᠠᠭ᠄
2016/4/8
     2016 ᠣᠨ ᠳᠤ ᠥᠪᠥᠷ ᠮᠣᠩᠭᠤᠯ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠶᠠᠳᠠᠭᠤ ᠬᠦᠴᠢᠷᠳᠡᠯᠲᠡᠶ ᠲᠣᠰᠬᠤᠨ ᠤ ᠡᠮᠴᠢ ᠶᠢᠨ ᠬᠠᠷᠠᠭᠠᠯᠵᠠᠯ ᠢ ᠤᠯᠠᠮ  ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠡᠷᠥᠭᠡ ᠠᠮᠠ ᠶᠢᠨ ᠬᠥᠮᠥᠨ ᠤ ᠲᠤᠭ᠎ᠠ ᠪᠠᠷ ᠬᠢᠨᠠᠨ ᠲᠣᠭᠲᠠᠭᠠᠵᠤ᠂ ᠲᠠᠷᠢᠶᠠᠯᠠᠩ ᠤᠨ ᠡᠷᠦᠬᠡ ᠠᠮᠠ ᠶᠢᠨ ᠳᠠᠩᠰᠠ ᠲᠠᠢ 1000 ᠬᠥᠮᠦᠨ  ᠪᠦᠷᠢ ᠪᠤᠶᠤ ᠴᠤᠯᠤ ᠮᠠᠯᠵᠢᠬᠤ ᠬᠤᠰᠢᠭᠤ ᠶᠢᠨ ᠡᠷᠥᠭᠡ ᠠᠮᠠ ᠶᠢᠨ ᠳᠠᠩᠰᠠ ᠲᠠᠢ 600 ᠬᠥᠮᠦᠨ ᠪᠦᠷᠢ ᠳᠤ  ᠨᠢᠭᠡ ᠡᠮᠴᠢ ᠨᠣᠭᠳᠠᠭᠤᠯᠵᠤ᠂ ᠠᠵᠢᠯ ᠤᠨ ᠠᠮᠵᠢᠯᠲᠠ ᠶᠢ ᠨᠢ ᠬᠢᠨᠠᠨ ᠰᠢᠯᠭᠠᠭᠰᠠᠨ ᠤ ᠳᠠᠷᠠᠭ᠎ᠠ ᠵᠢᠯ ᠪᠦᠷᠢ ᠬᠥᠮᠦᠨ ᠨᠢᠭᠡᠪᠦᠷᠢ ᠳᠤ 8000 ᠲᠥᠭᠦᠷᠢᠭ ᠤᠨ ᠨᠥᠬᠦᠪᠦᠷᠢ ᠥᠭᠭᠦᠨ᠎ᠡ᠃      ︽ᠪᠦᠬᠦ ᠤᠯᠤᠰ ᠤᠨ ᠬᠥᠳᠡᠭᠡ ᠲᠣᠰᠬᠤᠨ ᠤ ᠡᠮᠴᠢ ᠬᠥᠮᠥᠵᠢᠭᠦᠯᠬᠦ ᠲᠥᠯᠥᠪᠵᠢᠭᠦᠯᠭᠡ ︵2011~2020 ᠣᠨ︶︾᠎ ᠳᠤ ᠱᠠᠭᠠᠷᠳᠠᠭᠰᠠᠨ ᠢᠶᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠡᠮᠴᠢ ᠶᠢᠨ ᠰᠤᠷᠭᠠᠨ ᠬᠥᠮᠦᠵᠢᠯ ᠪᠠ ᠬᠥᠮᠦᠵᠢᠭᠦᠯᠬᠦ ᠠᠵᠢᠯ ᠢ ᠴᠢᠩᠭᠠᠳᠬᠠᠵᠤ᠂ ᠭᠠᠴᠠᠭ᠎ᠠ ᠲᠣᠰᠬᠤᠨ ᠳᠤ ᠬᠠᠨᠳᠤᠭᠤᠯᠤᠭᠰᠠᠨ 3 ᠵᠢᠯ ᠤᠨ ᠳᠦᠷᠢᠮᠲᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠰᠦᠢᠳᠬᠡᠯ ᠬᠤᠷᠢᠶᠠᠬᠤ ᠦᠭᠡᠶ ᠠᠨᠠᠭᠠᠬᠤ ᠤᠬᠠᠭᠠᠨ ᠤ ᠬᠦᠮᠦᠵᠢᠯ ᠤᠨ ᠲᠥᠯᠥᠪᠯᠡᠭᠡ ︵ᠬᠥᠳᠡᠭᠡ ᠲᠣᠰᠬᠤᠨ ᠤ ᠡᠮᠴᠢ ᠶᠢᠨ ᠲᠤᠰᠬᠠᠶ ᠮᠡᠷᠭᠡᠵᠢᠯ︶᠎ ᠶᠢ ᠭᠤᠣᠯᠳᠠᠯᠭ᠎ᠠ ᠲᠠᠢ ᠴᠢᠩᠭᠠᠳᠬᠠᠵᠤ᠂ ᠲᠡᠭᠦᠰᠦᠭᠰᠡᠨ ᠰᠤᠷᠤᠭᠴᠢᠳ ᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠥᠭᠡ ᠳᠤ ᠭᠤᠣᠯᠳᠠᠯᠭ᠎ᠠ ᠲᠠᠢ ᠪᠠᠷ ᠲᠣᠬᠢᠷᠠᠭᠤᠯᠬᠤ ᠬᠡᠷᠡᠭᠲᠡᠶ︔ ︽ᠲᠤᠰᠬᠤᠨ ᠠᠴᠠ ᠢᠷᠡᠵᠦ ᠲᠤᠰᠬᠤᠨ ᠳᠠᠭᠠᠨ ᠪᠤᠴᠠᠬᠤ︾ ᠵᠠᠷᠴᠢᠮ ᠢᠶᠠᠷ᠂ ᠭᠠᠴᠠᠭ᠎ᠠ ᠲᠤᠰᠬᠤᠨ ᠤ ᠡᠮᠴᠢ ᠶᠢ ᠰᠦᠢᠳᠬᠡᠯ ᠬᠤᠷᠢᠶᠠᠬᠤ ᠦᠭᠡᠢ ᠪᠠᠷ  ᠵᠠᠬᠢᠶᠠᠯᠠᠭ᠎ᠠ ᠶᠢᠨ ᠴᠢᠭᠯᠡᠯ ᠢᠶᠠᠷ ᠬᠦᠮᠦᠵᠢᠭᠦᠯᠬᠦ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠬᠡᠷᠡᠭᠲᠡᠢ︔ ᠬᠥᠳᠡᠭᠡ ᠲᠣᠰᠬᠤᠨ ᠤ ᠡᠮᠴᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠤᠰᠢᠭᠤ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠵᠢᠯ ᠪᠦᠷᠢ ᠬᠦᠳᠡᠭᠡ ᠲᠤᠰᠬᠤᠨ ᠤ ᠡᠮᠴᠢ ᠨᠠᠷ ᠢ 2 ᠤᠳᠠᠭ᠎ᠠ ᠠᠴᠠ ᠳᠡᠭᠡᠭᠰᠢ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠵᠤ᠂ ᠬᠥᠳᠡᠭᠡ ᠲᠣᠰᠬᠤᠨ ᠤ ᠡᠮᠴᠢ ᠨᠡᠷ  3- 5 ᠵᠢᠯ ᠪᠦᠷᠢ ᠰᠦᠢᠳᠬᠡᠯ ᠬᠤᠷᠢᠶᠠᠬᠤ ᠦᠭᠡᠢ ᠪᠠᠷ ᠬᠤᠰᠢᠭᠤ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠶᠤ ᠨᠥᠬᠦᠴᠡᠯ ᠎ ᠲᠠᠢ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠳᠤ ᠣᠴᠢᠵᠤ ᠠᠵᠢᠯ ᠠᠴᠠ ᠪᠠᠨ ᠰᠠᠯᠵᠤ ᠳᠠᠪᠲᠠᠨ ᠪᠣᠯᠪᠠᠰᠤᠷᠠᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ᠤᠯᠠᠨ ᠵᠦᠢᠯ ᠤᠨ ᠠᠷᠭ᠎ᠠ ᠬᠡᠯᠪᠡᠷᠢ ᠪᠣᠯᠣᠨ ᠠᠷᠭ᠎ᠠ ᠪᠠᠷᠢᠯ ᠢᠶᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠶᠡᠷᠦᠩᠬᠡᠶ ᠰᠠᠯᠠᠭᠠᠨ ᠤ ᠡᠮᠴᠢ ᠲᠣᠬᠢᠷᠠᠭᠤᠯᠤᠨ᠎ᠠ᠂ ᠡᠭᠦᠨ ᠳᠤ᠂ 2017 ᠣᠨ ᠠᠴᠠ ᠡᠮᠦᠨ᠎ᠡ ᠶᠡᠷᠦᠩᠬᠡᠶ ᠰᠠᠯᠠᠭᠠᠨ ᠤ 1700 ᠡᠮᠴᠢ ᠨᠡᠮᠡᠵᠦ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠳᠤ 3 ᠨᠡᠷ᠎ᠡ ᠠᠴᠠ ᠳᠡᠭᠡᠭᠰᠢ ᠶᠡᠷᠦᠩᠬᠡᠶ ᠰᠠᠯᠠᠭᠠᠨ ᠤ ᠡᠮᠴᠢ ᠲᠣᠬᠢᠷᠠᠭᠤᠯᠬᠤ ᠬᠡᠷᠡᠭᠲᠡᠶ︔ 2018 ᠣᠨ ~ 2020 ᠣᠨ ᠳᠤ᠂ ᠳᠠᠬᠢᠭᠠᠳ 1100᠎ ᠠᠴᠠ ᠳᠡᠭᠡᠭᠰᠢ ᠲᠣᠭᠠᠨ ᠤ ᠶᠡᠷᠦᠩᠬᠡᠶ ᠰᠠᠯᠠᠭᠠᠨ ᠤ ᠡᠮᠴᠢ ᠨᠡᠮᠡᠭᠳᠡᠭᠦᠯᠦᠨ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠳᠤ 5 ᠨᠡᠷ᠎ᠡ ᠶᠡᠷᠦᠩᠭᠡᠢ ᠰᠠᠯᠠᠭᠠᠨ ᠤ ᠡᠮᠴᠢ ᠲᠣᠬᠢᠷᠠᠭᠤᠯᠬᠤ ᠬᠠᠷᠠᠯᠲᠠ ᠳᠤ ᠬᠦᠷᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号