ᠾᠧᠪᠸᠢ ᠮᠤᠵᠢ ᠶᠢᠨ ᠴᠧᠩ ᠳ᠋ᠧ ᠬᠤᠲᠠ ᠲᠠᠢ ᠠᠩᠬ᠎ᠠ ᠤᠳᠠᠭ᠎ᠠ ᠣᠷᠣᠨ ᠪᠦᠰᠡ ᠠᠯᠤᠰᠯᠠᠭᠰᠠᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ᠪᠡᠭᠡᠵᠢᠩ | ᠬᠤᠲᠠ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠤᠷᠳᠤᠰ ᠬᠤᠳᠠ ᠶᠢᠨ | ᠬᠤᠭᠤᠷᠣᠨᠳᠣ ᠣᠷᠣᠨ ᠠᠯᠤᠰᠯᠠᠨ ᠠᠷᠠᠯᠵᠢᠶᠠᠯᠠᠬᠤ ᠪᠠᠷ ᠲᠤᠭᠲᠠᠪᠠ᠃ | ᠡᠭᠦᠨ ᠠᠴᠠ ᠡᠮᠦᠨ᠎ᠡ᠂ ᠪᠡᠭᠡᠵᠢᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠥᠪᠥᠷ | ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠪᠣᠯᠤᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ︽ᠪᠡᠭᠡᠵᠢᠩ ᠥᠪᠥᠷ | ᠮᠣᠩᠭᠤᠯ ᠤᠨ ᠣᠷᠣᠨ ᠪᠦᠰᠡ ᠠᠯᠤᠰᠯᠠᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢ | ᠬᠠᠮᠲᠤᠷᠠᠯᠴᠠᠨ ᠦᠷᠨᠢᠭᠦᠯᠬᠦ ᠬᠤᠯᠪᠣᠭᠳᠠᠯ ᠪᠦᠬᠦᠢ ᠤᠴᠢᠷ ᠤᠨ ᠲᠤᠬᠠᠶ ᠮᠡᠳᠡᠭᠳᠡᠯ︾ ᠢ ᠨᠡᠶᠢᠲᠡᠯᠡᠵᠦ᠂ ᠪᠡᠭᠡᠵᠢᠩ | ᠥᠪᠥᠷ ᠮᠣᠩᠭᠤᠯ ᠤᠨ ᠣᠷᠣᠨ ᠪᠦᠰᠡ ᠠᠯᠤᠰᠯᠠᠭᠰᠠᠨ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢ ᠥᠷᠨᠢᠭᠦᠯᠵᠦ᠂ | ᠤᠯᠤᠰ ᠤᠨ ᠲᠦᠷᠤ ᠶᠢᠨ ᠪᠤᠳᠤᠯᠭ᠎ᠠ ᠪᠠ ᠲᠣᠭᠲᠠᠴᠠ ᠶᠢᠨ ᠲᠥᠯᠥᠪ ᠳᠣᠲᠣᠷ᠎ᠠ᠂ ᠪᠡᠭᠡᠵᠢᠩ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠤᠳᠦ ᠶᠢᠨ | ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠦᠯᠭ᠎ᠠ ᠶᠣᠰᠣᠭᠠᠷ᠂ ᠪᠡᠭᠡᠵᠢᠩ ᠥᠪᠥᠷ ᠮᠣᠩᠭᠤᠯ ᠣᠷᠣᠨ ᠪᠦᠰᠡ | ᠠᠯᠤᠰᠯᠠᠨ ᠨᠡᠭᠦᠷᠡᠰᠦᠲᠥ᠋ᠷᠥᠭᠴᠢ ᠠᠷᠠᠯᠵᠢᠶᠠᠯᠠᠬᠤ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠡᠵᠡᠮᠰᠢᠯ ᠳᠤᠤᠷᠠᠬᠢ ᠲᠦᠭᠡᠭᠡᠯ ᠲᠤᠭᠠᠨ ᠤ ᠠᠷᠠᠯᠵᠢᠶᠠᠨ ᠤ | ᠲᠣᠭᠲᠠᠴᠠ ᠶᠢ ᠨᠢᠭᠡᠳᠦᠯᠲᠡᠶ ᠬᠡᠷᠡᠭᠵᠢᠭᠦᠯᠵᠦ᠂ ᠭᠤᠷᠪᠠᠨ ᠭᠠᠵᠠᠷ ᠤᠨ ᠤᠢ ᠰᠢᠭᠤᠶ ᠪᠠ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠯ ᠢ ᠪᠠᠭᠠᠰᠬᠠᠭᠠᠳ ᠪᠡᠭᠡᠵᠢᠩ ᠥᠪᠥᠷ ᠮᠣᠩᠭᠤᠯ ᠤᠨ ᠣᠷᠣᠨ ᠪᠦᠰᠡ | ᠠᠯᠤᠰᠯᠠᠭᠰᠠᠨ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠳᠡᠯᠭᠡᠭᠦᠷ ᠳᠤ ᠤᠷᠤᠵᠤ ᠠᠷᠠᠯᠵᠢᠶ᠎ᠠ ᠬᠢᠬᠦ ᠶᠢ | ᠵᠤᠷᠢᠭᠵᠢᠭᠤᠯᠬᠤ ᠪᠠᠷ ᠳᠤᠭᠲᠠᠪᠠ᠃ | 2014 ᠣᠨ ᠤ ᠰᠡᠭᠦᠯᠴᠢ ᠪᠠᠷ᠂ ᠪᠡᠭᠡᠵᠢᠩ ᠴᠧᠩ ᠳ᠋ᠧ ᠬᠤᠲᠠ ᠲᠠᠢ ︽ᠨᠢᠭᠡᠳᠦᠯᠲᠡᠶ ᠲᠣᠭᠲᠠᠴᠠ᠂ ᠨᠢᠭᠡ | ᠵᠠᠬ᠎ᠠ ᠳᠡᠯᠭᠡᠭᠦᠷ︾ ᠤᠨ ᠣᠷᠣᠨ ᠠᠯᠤᠰᠯᠠᠨ ᠨᠡᠭᠦᠷᠡᠰᠦᠲᠥ᠋ᠷᠥᠭᠴᠢ ᠠᠷᠠᠯᠵᠢᠶᠠᠯᠠᠬᠤ ᠲᠣᠭᠲᠠᠴᠠ ᠶᠢ ᠡᠬᠢᠯᠡᠨ | ᠬᠡᠷᠡᠭᠵᠢᠭᠦᠯᠵᠦ᠂ ᠪᠦᠬᠦ ᠤᠯᠤᠰ ᠤᠨ ᠠᠩᠬᠠᠳᠠᠭᠴᠢ ᠣᠷᠣᠨ ᠪᠦᠰᠡ ᠠᠯᠤᠰᠯᠠᠭᠰᠠᠨ ᠨᠡᠭᠦᠷᠡᠰᠦᠲᠥ᠋ᠷᠥᠭᠴᠢ | ᠠᠷᠠᠯᠵᠢᠶᠠᠯᠠᠬᠤ ᠵᠠᠬ᠎ᠠ ᠳᠡᠯᠭᠡᠭᠦᠷ ᠪᠠᠶᠢᠭᠤᠯᠪᠠ᠃ ᠪᠡᠭᠡᠵᠢᠩ ᠾᠧᠪᠸᠢ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠨᠢ ᠤᠢ ᠰᠢᠭᠤᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠢᠩᠭᠡᠭᠡᠨ ᠬᠤᠷᠠᠮᠳᠤᠭᠤᠯᠬᠤ ᠵᠦᠢᠯᠡᠰ ᠢ ᠤᠷᠢᠳᠠᠪᠠᠷ ᠨᠡᠭᠡᠭᠡᠨ ᠬᠦᠭᠵᠢᠭᠦᠯᠵᠦ᠂ 2015 ᠣᠨ ᠤ ᠡᠴᠦᠰ ᠪᠣᠯᠲᠠᠯ᠎ᠠ | ᠴᠧᠩ ᠳ᠋ᠧ ᠤᠢ ᠰᠢᠭᠤᠶ ᠶᠢᠨ ᠲᠠᠯᠠᠪᠠᠢ ᠳᠤ 250 ᠲᠦᠮᠡᠨ ᠲᠦᠬᠦᠷᠢᠭ ᠤᠨ ᠤᠷᠤᠯᠭ᠎ᠠ ᠶᠢ ᠳᠠᠪᠠᠭᠤᠯᠤᠨ | ᠪᠡᠶᠡᠯᠡᠭᠦᠯᠵᠦ᠂ ᠴᠥᠭᠡᠨ ᠪᠤᠰᠤ ᠤᠢ ᠰᠢᠭᠤᠶ ᠶᠢᠨ ᠲᠠᠯᠠᠪᠠᠢ ᠶᠢᠨ ᠲᠠᠷᠢᠶᠠᠴᠢᠳ ᠴᠤ ᠪᠤᠲᠠᠲᠠᠢ ᠠᠰᠢᠭ ᠲᠤᠰᠠ | ᠬᠥᠷᠳᠡᠭᠰᠡᠨ ᠪᠠᠶᠢᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠨᠡᠶᠢᠲᠡᠯᠡᠭᠰᠡᠨ ᠲᠤᠭ᠎ᠠ | ᠪᠠᠷᠢᠮᠲᠠ ᠠᠴᠠ ᠦᠵᠡᠪᠡᠯ᠂ ᠣᠳᠣᠬᠠᠨ ᠳᠤ ᠨᠢᠭᠡᠨᠲᠡ ᠨᠡᠶᠢᠲᠡ 7.3 ᠲᠦᠮᠡᠨ ᠲᠣᠨ ᠪᠡᠭᠡᠵᠢᠩ ᠾᠧᠪᠸᠢ ᠶᠢᠨ | ᠨᠡᠭᠦᠷᠡᠰᠦᠲᠥ᠋ᠷᠥᠭᠴᠢ ᠶᠢ ᠬᠤᠷᠠᠭᠤᠯᠤᠨ ᠠᠪᠬᠤ ᠠᠷᠠᠯᠵᠢᠶᠠᠨ ᠤ ᠬᠡᠮᠵᠢᠶ᠎ᠡ ᠶᠢ ᠪᠡᠶᠡᠯᠡᠭᠦᠯᠪᠡ᠃ | 2012 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠪᠡᠭᠡᠵᠢᠩ ᠬᠤᠲᠠ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠳᠠᠷᠠᠭ᠎ᠠ ᠵᠢᠯ ᠤᠨ ᠬᠢᠨᠢ 11 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠵᠦ ᠠᠷᠠᠯᠵᠢᠶᠠᠯᠠᠭᠰᠠᠨ | ᠪᠠᠶᠢᠨ᠎ᠠ᠃ ᠬᠤᠶᠠᠷ ᠵᠢᠯ ᠤᠨ ᠲᠤᠷᠰᠢ᠂ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠳᠣᠭᠢᠷᠬᠠᠰᠠᠨ | ᠬᠡᠮᠵᠢᠶ᠎ᠡ ᠨᠢ ᠨᠡᠶᠢᠲᠡ 592 ᠲᠦᠮᠡᠨ ᠲᠣᠨ᠂ ᠠᠷᠠᠯᠵᠢᠶᠠᠯᠠᠭᠰᠠᠨ ᠵᠤᠭᠤᠰ ᠨᠢ 2.56 ᠳ᠋ᠦᠩᠰᠢᠭᠤᠷ ᠲᠦᠬᠦᠶᠢᠭ ᠢ | ᠳᠠᠪᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠡᠩᠴᠡᠭᠦᠷᠢᠲᠡᠶ ᠪᠤᠯᠵᠤ᠂ ᠨᠡᠭᠦᠷᠡᠰᠦᠲᠥ᠋ᠷᠥᠭᠴᠢ ᠶᠢᠨ | ᠦᠨ᠎ᠡ ᠬᠠᠩᠰᠢ ᠲᠣᠭᠲᠠᠭᠤᠨ ᠪᠠᠶᠢᠨ᠎ᠠ᠃ ᠡᠭᠦᠨ ᠠᠴᠠ ᠭᠠᠳᠠᠨ᠎ᠠ᠂ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ | ᠨᠢᠭᠡᠨᠲᠡ ᠴᠠᠬᠢᠯᠭᠠᠨ ᠬᠦᠴᠦ᠂ ᠢᠯᠴᠢ᠂ ᠱᠦᠢᠨᠢ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠪᠤᠰᠤᠳ | ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠵᠠᠮ ᠲᠡᠭᠡᠭᠡᠪᠦᠷᠢ ᠵᠡᠷᠭᠡ 7 ᠠᠵᠢᠯ ᠲᠦᠷᠦᠯ ᠢ ᠬᠠᠮᠤᠷᠴᠤ᠂ | ᠣᠷᠣᠯᠴᠠᠭᠰᠠᠨ ᠪᠠᠶᠢᠭᠤᠯᠭ᠎ᠠ ᠨᠢ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠢ ᠪᠠᠭᠲᠠᠭᠠᠬᠤ ᠪᠠᠷ ᠪᠠᠷᠠᠬᠤ | ᠦᠭᠡᠢ᠂ ᠪᠠᠰᠠ ᠳᠡᠭᠡᠳᠦ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠠᠰᠠᠭ ᠤᠨ ᠣᠷᠳᠣᠨ ᠤ ᠪᠠᠶᠢᠭᠤᠯᠭ᠎ᠠ ᠵᠡᠷᠭᠡ | ᠤᠯᠠᠨ ᠨᠡᠶᠢᠲᠡ ᠶᠢᠨ ᠪᠠᠶᠢᠭᠤᠯᠤᠮᠵᠢ ᠵᠢᠴᠢ ᠣᠯᠠᠨ ᠨᠡᠶᠢᠲᠡ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ ᠵᠡᠷᠭᠡ | ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠴᠡ ᠶᠢ ᠪᠠᠭᠲᠠᠭᠠᠭᠰᠠᠨ ᠪᠦᠭᠡᠳ ᠲᠥᠪ ᠤᠨ ᠠᠵᠤ ᠠᠬᠤᠶᠢᠯᠠᠯ ᠂ | ᠭᠠᠳᠠᠭᠠᠳᠤ ᠶᠢᠨ ᠠᠵᠤ ᠠᠬᠤᠶᠢᠯᠠᠯ ᠪᠠ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠵᠡᠷᠭᠡ ᠤᠯᠠᠨ ᠵᠦᠢᠯ ᠤᠨ ᠲᠦᠷᠦᠯ | ᠬᠡᠯᠪᠡᠷᠢ ᠶᠢ ᠪᠦᠷᠬᠦᠵᠦ᠂ ᠨᠢᠳᠤᠨᠤᠨ ᠤ ᠵᠢᠯ ᠤᠨ ᠡᠴᠦᠰ ᠲᠤ᠂ ᠬᠠᠮᠤᠷᠤᠭᠰᠠᠨ ᠨᠢᠭᠡᠴᠡ ᠨᠢ 500 ᠭᠠᠷᠤᠶ | ᠪᠠᠶᠢᠭᠰᠠᠨ ᠠᠴᠠ ᠪᠠᠷᠤᠭ 1000 ᠭᠠᠷᠤᠶ ᠪᠤᠯᠵᠤ ᠦᠷᠭᠡᠳᠴᠡᠢ᠃ | ᠨᠡᠭᠦᠷᠡᠰᠦᠲᠥ᠋ᠷᠥᠭᠴᠢ ᠠᠷᠠᠯᠵᠢᠶᠠᠯᠠᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠤᠭᠰᠠᠨ ᠬᠤᠶᠠᠷ ᠵᠢᠯ ᠤᠨ | ᠲᠤᠷᠰᠢ᠂ ᠲᠤᠰ ᠬᠤᠲᠠ ᠵᠢᠯ ᠪᠦᠷᠢ ᠳᠤᠮᠳᠠᠴᠢ ᠪᠠᠷ 0.9% ᠶᠢᠨ ᠡᠨᠧᠷᠭᠢ ᠶᠢᠨ ᠬᠤᠷᠤᠭᠳᠠᠯ ᠢᠶᠠᠷ 7.1% ᠤᠨ | ᠠᠵᠤ ᠠᠬᠤᠶ ᠶᠢᠨ ᠨᠡᠮᠡᠭᠳᠡᠯ ᠢ ᠪᠦᠲᠦᠭᠡᠭᠰᠡᠨ ᠲᠦᠰᠢᠭ ᠲᠤᠯᠭᠠᠭᠤᠷᠢ ᠪᠣᠯᠵᠤ᠂ ᠨᠢᠭᠡᠴᠡ ᠶᠢᠨ ᠦᠢᠯᠡᠳᠪᠦᠷᠢᠯᠡᠯ ᠤᠨ | ᠶᠡᠷᠦᠩᠬᠡᠶ ᠥᠷᠳᠡᠭ ᠲᠠᠬᠢ ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠨᠢ ᠲᠤᠰ ᠲᠤᠰ 11.1% ᠪᠠ 13% ᠣᠷᠴᠢᠮ ᠪᠠᠭᠤᠷᠠᠵᠤ᠂ ᠨᠡᠶᠢᠲᠡ ᠪᠠᠷᠤᠭ 860 | ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠶᠢ ᠪᠡᠶᠡᠯᠡᠭᠦᠯᠵᠦ᠂ ᠪᠠᠷᠤᠭ 2000 ᠲᠦᠮᠡᠨ ᠲᠣᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠬᠦᠬᠦᠷ ᠤᠨ ᠳᠠᠪᠬᠤᠷ | ᠢᠰᠦᠯ᠂ ᠠᠽᠣᠲ ᠤᠨ ᠢᠰᠦᠯ᠂ ᠨᠠᠷᠢᠯᠢᠭ ᠮᠥᠬᠦᠯᠢᠭ ᠪᠣᠳᠠᠰ ᠵᠡᠷᠭᠡ ᠠᠭᠠᠷ ᠮᠠᠨᠳᠠᠯ ᠢ ᠪᠣᠬᠢᠷᠲᠤᠭᠤᠯᠤᠭᠴᠢ | ᠪᠤᠳᠠᠰ ᠤᠨ ᠭᠠᠳᠠᠭᠰᠢᠯᠠᠯ ᠢ ᠪᠠᠷᠤᠭ 5 ᠲᠦᠮᠡᠨ ᠲᠣᠨ ᠪᠠᠭᠠᠰᠬᠠᠪᠠ᠃ |