ᠥᠪᠥᠷ ᠮᠣᠩᠭᠤᠯ ᠤᠨ ᠬᠡᠰᠡᠭ ᠨᠢᠭᠡᠴᠡ ︽ᠠᠯᠪᠠᠨ ᠤ ᠭᠤᠷᠪᠠᠨ ᠵᠠᠷᠤᠳᠠᠯ︾᠎ ᠢᠶᠠᠨ ᠢᠯᠡ ᠪᠣᠯᠭᠠᠪᠠ
ᠨᠡᠶᠢᠲᠡᠯᠡᠭᠰᠡᠨ ᠴᠠᠭ᠄
2016/4/8
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠤᠨ ᠲᠥᠰᠦᠯ ᠤᠨ ᠲᠤᠬᠠᠶ ᠮᠡᠳᠡᠭᠳᠡᠯ︾ ᠪᠠᠭᠤᠯᠭᠠᠪᠠ᠃ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠭᠠᠷᠭᠠᠪᠠᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠦᠴᠢᠷ ᠤᠨ ᠲᠥᠰᠦᠪ ᠤᠨ ᠬᠠᠮᠢᠶᠠᠷᠤᠯᠲᠠ ᠳᠤ ᠣᠷᠤᠭᠤᠯᠤᠭᠰᠠᠨ ᠪᠤᠢ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠴᠥᠮ ᠲᠤᠰ ᠰᠠᠯᠠᠭ᠎ᠠ ᠮᠥᠴᠢᠷ᠂ ᠨᠢᠭᠡᠴᠡ ᠶᠢᠨ ᠢᠶᠠᠨ ᠲᠥᠰᠦᠪ ᠪᠠ ᠲᠥᠰᠦᠪ ᠤᠨ ᠭᠦᠢᠴᠡᠳᠬᠡᠯ ᠵᠢᠴᠢ ᠡᠳ᠋ ᠤᠨ ᠵᠠᠰᠠᠭ ᠤᠨ ᠪᠡᠯᠡ ᠮᠦᠩᠭᠦᠨ ᠤ ᠲᠣᠬᠢᠷᠠᠭᠤᠯᠤᠯᠲᠠ ᠶᠢᠨ ︽ᠠᠯᠪᠠᠨ ᠤ ᠭᠤᠷᠪᠠᠨ ᠵᠠᠷᠤᠳᠠᠯ︾᠎ ᠤᠨ ᠲᠥᠰᠦᠪ ᠪᠠ ᠲᠥᠰᠦᠪ ᠤᠨ ᠭᠦᠢᠴᠡᠳᠬᠡᠯ ᠵᠡᠷᠭᠡ ᠮᠡᠳᠡᠭᠡ ᠵᠠᠩᠭᠢ ᠪᠠᠨ ᠢᠯᠡ ᠪᠣᠯᠭᠠᠬᠤ ᠬᠡᠷᠡᠭᠲᠡᠢ᠂ ᠡᠭᠦᠨ ᠢᠶᠠᠷ ᠢᠷᠡᠵᠦ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ᠂ ᠲᠥᠰᠦᠪ ᠤᠨ ᠬᠠᠮᠢᠶᠠᠷᠤᠯᠲᠠ ᠶᠢᠨ ᠢᠯᠡ ᠪᠣᠯᠭᠠᠬᠤ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠨᠢᠭᠡᠴᠡ ᠪᠠ ᠬᠥᠬᠡᠬᠤᠲᠠ ᠶᠢᠨ ᠬᠡᠰᠡᠭ ᠨᠢᠭᠡᠴᠡ᠂ ᠰᠠᠯᠠᠭ᠎ᠠ ᠮᠦᠴᠢᠷ ᠤᠨ ᠢᠶᠠᠨ ᠠᠯᠪᠠᠨ ᠤ ᠰᠦᠯᠵᠢᠶ᠎ᠡ ᠪᠠ ᠳᠤᠮᠳᠠᠳᠤ ᠤᠯᠤᠰ · ᠬᠥᠬᠡᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠪᠠᠨ 2016 ᠣᠨ ᠤ ᠲᠥᠰᠦᠪ ᠤᠨ ᠪᠠᠶᠢᠳᠠᠯ᠂ ︽ᠠᠯᠪᠠᠨ ᠤ ᠭᠤᠷᠪᠠᠨ ᠵᠠᠷᠤᠳᠠᠯ︾᠎ ᠤᠨ ᠪᠠᠶᠢᠳᠠᠯ ᠢᠶᠠᠨ ᠨᠢᠭᠡᠨᠲᠡ ᠢᠯᠡ ᠪᠣᠯᠭᠠᠪᠠ᠃      ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠵᠢᠴᠢ ᠡᠳ᠋ ᠤᠨ ᠵᠠᠰᠠᠭ ᠤᠨ ᠶᠠᠮᠤᠨ ᠤ 2016 ᠣᠨ ᠤ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠵᠦᠢᠯ ᠢᠯᠭᠠᠯ ᠤᠨ ᠲᠣᠭᠲᠠᠭᠠᠯ ᠶᠣᠰᠣᠭᠠᠷ᠂ 2016 ᠣᠨ ᠤ ᠵᠠᠷᠤᠯᠭ᠎ᠠ ᠶᠢᠨ ᠲᠥᠰᠦᠪ ᠲᠤ ᠨᠡᠶᠢᠲᠡ 6817.40 ᠲᠦᠮᠡᠨ ᠲᠥᠭᠦᠷᠢᠭ ᠲᠣᠬᠢᠷᠠᠭᠤᠯᠵᠤ᠂ 2015 ᠣᠨ ᠤ ᠲᠥᠰᠦᠪ ᠲᠠᠢ ᠠᠳᠠᠯᠢᠳᠬᠠᠪᠠᠯ 956.3 ᠲᠦᠮᠡᠨ ᠲᠥᠭᠦᠷᠢᠭ ᠬᠠᠰᠤᠭᠳᠠᠵᠤ᠂ 12%᠎ ᠢᠶᠠᠷ ᠳᠣᠷᠤᠭᠰᠢᠯᠠᠪᠠ᠃      ︽ᠠᠯᠪᠠᠨ ᠤ ᠭᠤᠷᠪᠠᠨ ᠵᠠᠷᠤᠳᠠᠯ︾᠎ ᠤᠨ ᠲᠥᠰᠦᠪ ᠤᠨ ᠲᠣᠬᠢᠷᠠᠭᠤᠯᠤᠯᠲᠠ ᠶᠢ ᠬᠠᠰᠤᠵᠤ᠂ 2016 ᠣᠨ ᠤ ︽ᠠᠯᠪᠠᠨ ᠤ ᠭᠤᠷᠪᠠᠨ ᠵᠠᠷᠤᠳᠠᠯ︾᠎ ᠤᠨ ᠲᠥᠰᠦᠪ ᠲᠤ ᠨᠡᠶᠢᠲᠡ 89 ᠲᠦᠮᠡᠨ ᠲᠥᠭᠦᠷᠢᠭ ᠲᠣᠬᠢᠷᠠᠭᠤᠯᠤᠨ᠂ 2015 ᠣᠨ ᠤ ᠲᠥᠰᠦᠪ ᠲᠠᠢ ᠠᠳᠠᠯᠢᠳᠬᠠᠪᠠᠯ 93.2%᠎ ᠢᠶᠠᠷ ᠳᠣᠷᠤᠭᠰᠢᠯᠠᠪᠠ᠃ ᠡᠭᠦᠨ ᠤ ᠳᠣᠲᠣᠷ᠎ᠠ᠂ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠲᠥᠰᠦᠪ ᠲᠤ 15 ᠲᠦᠮᠡᠨ ᠲᠥᠭᠦᠷᠢᠭ᠂ 2015 ᠣᠨ ᠤ ᠬᠢ ᠲᠠᠢ ᠠᠳᠠᠯᠢᠬᠠᠨ ᠪᠠᠶᠢᠵᠤ᠂ ᠭᠤᠣᠯ ᠨᠢ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶᠠᠨ ᠤ ᠭᠠᠳᠠᠭᠠᠳᠤ ᠳᠠᠬᠢ ᠪᠣᠯᠪᠠᠰᠤᠷᠠᠭᠤᠯᠤᠯ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠭᠠᠳᠠᠭᠠᠳᠤ ᠬᠠᠷᠢᠯᠴᠠᠭᠠᠨ ᠤ ᠠᠯᠪᠠᠨ ᠶᠠᠪᠤᠳᠠᠯ ᠳᠤ ᠲᠣᠬᠢᠷᠠᠭᠤᠯᠵᠠᠢ᠃ ᠠᠯᠪᠠᠨ ᠵᠣᠴᠢᠯᠠᠭ᠎ᠠ ᠶᠢᠨ ᠲᠥᠰᠦᠪ ᠲᠤ 23 ᠲᠦᠮᠡᠨ ᠲᠥᠭᠦᠷᠢᠭ ᠲᠣᠬᠢᠷᠠᠭᠤᠯᠵᠤ᠂ ᠡᠭᠦᠨ ᠤ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠲᠤᠰ ᠱᠠᠲᠤᠨ ᠳᠤ 20 ᠲᠦᠮᠡᠨ ᠲᠥᠭᠦᠷᠢᠭ ᠲᠣᠬᠢᠷᠠᠭᠤᠯᠵᠤ᠂ 2015 ᠣᠨ ᠤ ᠬᠢ ᠲᠠᠢ ᠠᠳᠠᠯᠢᠬᠠᠨ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠬᠤᠪᠢ ᠶᠢᠨ ᠬᠥᠳᠡᠯᠮᠦᠷᠢᠴᠢᠳ ᠤᠨ ᠨᠡᠶᠢᠭᠡᠮᠯᠢᠭ 1.5 ᠲᠦᠮᠡᠨ ᠲᠥᠭᠦᠷᠢᠭ ᠲᠣᠬᠢᠷᠠᠭᠤᠯᠵᠤ᠂ 2015 ᠣᠨ ᠤ ᠬᠢ ᠲᠠᠢ ᠠᠳᠠᠯᠢᠬᠠᠨ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ 1.5 ᠲᠦᠮᠡᠨ ᠲᠥᠭᠦᠷᠢᠭ ᠲᠣᠬᠢᠷᠠᠭᠤᠯᠵᠠᠢ᠂ ᠲᠤᠰ ᠨᠢᠭᠡᠴᠡ ᠦᠩᠭᠡᠷᠡᠭᠰᠡᠨ ᠵᠢᠯ ᠳᠤ ᠡ᠊ᠨᠡ ᠲᠠᠯ᠎ᠠ ᠶᠢᠨ ᠵᠠᠷᠤᠯᠭ᠎ᠠ ᠲᠣᠬᠢᠷᠠᠭᠤᠯᠤᠭᠰᠠᠨ ᠦᠭᠡᠢ᠃ ᠠᠯᠪᠠᠨ ᠲᠡᠷᠭᠡ ᠶᠢ ᠠᠷᠠᠴᠢᠯᠠᠨ ᠬᠠᠮᠠᠭᠠᠯᠠᠬᠤ ᠵᠠᠷᠤᠳᠠᠯ ᠤᠨ ᠲᠥᠰᠦᠪ ᠲᠤ 51 ᠲᠦᠮᠡᠨ ᠲᠥᠭᠦᠷᠢᠭ ᠲᠣᠬᠢᠷᠠᠭᠤᠯᠵᠤ᠂ 2015 ᠣᠨ ᠤ ᠲᠥᠰᠦᠪ ᠲᠠᠢ ᠠᠳᠠᠯᠢᠳᠬᠠᠪᠠᠯ 53.9%᠎ ᠪᠠᠷ ᠳᠣᠷᠣᠭᠰᠢᠯᠠᠵᠤ᠂ 2016 ᠣᠨ ᠳᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠠᠯᠪᠠᠨ ᠲᠡᠷᠭᠡᠨ ᠤ ᠥᠭᠡᠷᠡᠴᠢᠯᠡᠯᠲᠡ ᠬᠢᠵᠦ ᠬᠠᠤᠯᠢ ᠬᠡᠷᠡᠭᠵᠢᠭᠦᠯᠦᠨ ᠡᠭᠦᠷᠭᠡ ᠭᠦᠢᠴᠡᠳᠬᠡᠬᠦ ᠲᠡᠷᠭᠡ᠂ ᠠᠯᠪᠠᠨ ᠶᠠᠪᠤᠳᠠᠯ ᠤᠨ ᠲᠡᠷᠭᠡ ᠶᠢ ᠲᠤᠰᠪᠦᠷᠢ 5 ᠦᠯᠡᠳᠡᠭᠡᠵᠦ᠂ ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠡ ᠶᠢᠨ 6 ᠮᠠᠰᠢᠨ ᠲᠡᠷᠭᠡ ᠶᠢ ᠨᠢᠭᠡᠳᠦᠯᠲᠡᠶ ᠬᠠᠮᠢᠶᠠᠷᠴᠠᠢ︔ 2016 ᠣᠨ ᠳᠤ ᠠᠯᠪᠠᠨ ᠲᠡᠷᠭᠡ ᠬᠤᠳᠠᠯᠳᠤᠨ ᠠᠪᠬᠤ ᠲᠥᠰᠦᠪ ᠢ ᠲᠣᠬᠢᠷᠠᠭᠤᠯᠤᠭᠰᠠᠨ ᠦᠭᠡᠢ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︵ᠲᠤᠰ ᠱᠠᠲᠤ︶᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠬᠠᠯᠠᠮ ᠤᠲᠠᠰᠤ ᠬᠦᠯᠢᠶᠡᠨ ᠰᠢᠢᠳᠪᠦᠷᠢᠯᠡᠬᠦ ᠠᠯᠪᠠᠨ ᠭᠡᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠵᠢᠴᠢ ᠬᠥᠬᠡᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ ᠵᠡᠷᠭᠡ 5 ᠨᠢᠭᠡᠴᠡ ᠶᠢ ᠪᠠᠭᠲᠠᠭᠠᠵᠤ᠂ ᠰᠠᠯᠠᠭ᠎ᠠ ᠮᠥᠴᠢᠷ ᠤᠨ ᠲᠥᠰᠦᠪ ᠨᠢ ᠨᠡᠶᠢᠲᠡ 3036.05 ᠲᠦᠮᠡᠨ ᠲᠥᠭᠦᠷᠢᠭ ᠪᠠᠶᠢᠪᠠ᠂ ᠡᠭᠦᠨ ᠤ ᠳᠣᠲᠣᠷ᠎ᠠ᠄ ᠦᠨᠳᠦᠰᠦᠨ ᠲᠥᠰᠦᠪ ᠤᠨ ᠣᠷᠣᠯᠭ᠎ᠠ 2497.05 ᠲᠦᠮᠡᠨ ᠲᠥᠭᠦᠷᠢᠭ᠂ ᠲᠥᠷᠦᠯ ᠵᠦᠢᠯ ᠤᠨ ᠵᠠᠷᠤᠯᠭ᠎ᠠ 539 ᠲᠦᠮᠡᠨ ᠲᠥᠭᠦᠷᠢᠭ ᠪᠣᠯᠤᠨ᠎ᠠ᠃ 2016 ᠣᠨ ᠤ ︽ᠠᠯᠪᠠᠨ ᠤ ᠭᠤᠷᠪᠠᠨ ᠵᠠᠷᠤᠳᠠᠯ︾᠎ ᠤᠨ ᠲᠥᠰᠦᠪ ᠤᠨ ᠪᠠᠶᠢᠳᠠᠯ᠄ ᠠᠯᠪᠠᠨ ᠲᠡᠷᠭᠡᠨ ᠤ ᠠᠷᠠᠴᠢᠯᠠᠨ ᠬᠠᠮᠠᠭᠠᠯᠠᠬᠤ ᠵᠠᠷᠤᠳᠠᠯ 140 ᠲᠦᠮᠡᠨ ᠲᠥᠭᠦᠷᠢᠭ᠂ ᠠᠯᠪᠠᠨ ᠵᠣᠴᠢᠯᠠᠭ᠎ᠠ ᠶᠢᠨ ᠵᠠᠷᠤᠳᠠᠯ 10 ᠲᠦᠮᠡᠨ ᠲᠥᠭᠦᠷᠢᠭ ᠪᠣᠯᠤᠨ᠎ᠠ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ 2016 ᠣᠨ ᠤ ᠵᠠᠷᠤᠯᠭ᠎ᠠ ᠶᠢᠨ ᠲᠥᠰᠦᠪ ᠤᠨ ᠶᠡᠷᠦᠩᠬᠡᠶ ᠲᠤᠭ᠎ᠠ ᠨᠢ 413.07 ᠲᠦᠮᠡᠨ ᠲᠥᠭᠦᠷᠢᠭ᠂ ᠡᠭᠦᠨ ᠤ ᠳᠣᠲᠣᠷ᠎ᠠ᠄ ᠦᠨᠳᠦᠰᠦᠨ ᠵᠠᠷᠤᠯᠭ᠎ᠠ 336.76 ᠲᠥᠭᠦᠷᠢᠭ᠂ ᠲᠥᠷᠦᠯ ᠵᠦᠢᠯ ᠤᠨ ᠵᠠᠷᠤᠯᠭ᠎ᠠ 68.31 ᠲᠦᠮᠡᠨ ᠲᠥᠭᠦᠷᠢᠭ᠂ ᠪᠤᠰᠤᠳ ᠪᠡᠯᠡ ᠮᠦᠩᠭᠦᠨ ᠤ ᠲᠥᠷᠦᠯ ᠵᠦᠢᠯ ᠤᠨ ᠵᠠᠷᠤᠯᠭ᠎ᠠ ᠨᠢ 8 ᠲᠦᠮᠡᠨ ᠲᠥᠭᠦᠷᠢᠭ ᠪᠣᠯᠤᠨ᠎ᠠ᠃ ︽ᠠᠯᠪᠠᠨ ᠤ ᠭᠤᠷᠪᠠᠨ ᠵᠠᠷᠤᠳᠠᠯ ︾᠎ ᠤᠨ ᠲᠥᠰᠦᠪ ᠤᠨ ᠲᠣᠬᠢᠷᠠᠭᠤᠯᠤᠯᠲᠠ ᠨᠢ ᠨᠡᠶᠢᠲᠡ 34 ᠲᠦᠮᠡᠨ ᠲᠥᠭᠦᠷᠢᠭ᠂ ᠡᠭᠦᠨ ᠤ ᠳᠣᠲᠣᠷ᠎ᠠ᠂ ᠠᠯᠪᠠᠨ ᠶᠠᠪᠤᠳᠠᠯ ᠢᠶᠠᠷ ᠤᠯᠤᠰ ︵ᠬᠢᠯᠢ︶᠎ ᠠᠴᠠ ᠭᠠᠷᠬᠤ ᠵᠠᠷᠤᠳᠠᠯ 10 ᠲᠦᠮᠡᠨ ᠲᠥᠭᠦᠷᠢᠭ᠂ ᠠᠯᠪᠠᠨ ᠵᠣᠴᠢᠯᠠᠭ᠎ᠠ ᠶᠢᠨ ᠵᠠᠷᠤᠳᠠᠯ 17.5 ᠲᠦᠮᠡᠨ ᠲᠥᠭᠦᠷᠢᠭ᠂ ᠠᠯᠪᠠᠨ ᠲᠡᠷᠭᠡ ᠶᠢᠨ ᠠᠷᠠᠴᠢᠯᠠᠨ ᠬᠠᠮᠠᠭᠠᠯᠠᠬᠤ ᠵᠠᠷᠤᠳᠠᠯ 6.5 ᠲᠦᠮᠡᠨ ᠲᠥᠭᠦᠷᠢᠭ ᠪᠣᠯᠤᠨ᠎ᠠ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ 2016 ᠣᠨ ᠤ ᠵᠠᠷᠤᠯᠭ᠎ᠠ ᠶᠢᠨ ᠲᠥᠰᠦᠪ  ᠎ ᠲᠤ 590.06 ᠲᠦᠮᠡᠨ ᠲᠥᠭᠦᠷᠢᠭ ᠲᠣᠬᠢᠷᠠᠭᠤᠯᠵᠤ᠂ ᠡᠭᠦᠨ ᠤ ᠳᠣᠲᠣᠷ᠎ᠠ ᠠᠯᠪᠠᠨ ᠵᠠᠷᠤᠳᠠᠯ ᠰᠠᠯᠭᠠᠨ ᠥᠭᠭᠦᠭᠰᠡᠨ ᠵᠣᠭᠤᠰ ᠢᠶᠠᠷ ᠲᠣᠬᠢᠷᠠᠭᠤᠯᠤᠭᠰᠠᠨ ᠦᠨᠳᠦᠰᠦᠨ ᠵᠠᠷᠤᠯᠭ᠎ᠠ 379.06 ᠲᠦᠮᠡᠨ ᠲᠥᠭᠦᠷᠢᠭ᠂ ᠲᠥᠷᠦᠯ ᠵᠦᠢᠯ ᠤᠨ ᠵᠠᠷᠤᠯᠭ᠎ᠠ 211 ᠲᠦᠮᠡᠨ ᠲᠥᠭᠦᠷᠢᠭ ᠪᠣᠯᠤᠨ᠎ᠠ᠃ ︽ᠠᠯᠪᠠᠨ ᠤ ᠭᠤᠷᠪᠠᠨ ᠵᠠᠷᠤᠳᠠᠯ ︾᠎ ᠤᠨ ᠲᠥᠰᠦᠪ ᠤᠨ ᠵᠠᠷᠤᠯᠭ᠎ᠠ ᠶᠢᠨ ᠪᠠᠶᠢᠳᠠᠯ᠄ ᠠᠯᠪᠠᠨ ᠵᠣᠴᠢᠯᠠᠭ᠎ᠠ ᠶᠢᠨ ᠵᠠᠷᠤᠳᠠᠯ 90 ᠲᠦᠮᠡᠨ ᠲᠥᠭᠦᠷᠢᠭ︔ ᠠᠯᠪᠠᠨ ᠲᠡᠷᠭᠡ ᠠᠷᠠᠴᠢᠯᠠᠨ ᠬᠠᠮᠠᠭᠠᠯᠠᠬᠤ ᠵᠠᠷᠤᠳᠠᠯ 99 ᠲᠦᠮᠡᠨ ᠲᠦᠭᠦᠷᠢᠭ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号