ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠮᠠᠭᠤ ᠲᠡᠮᠳᠡᠭᠯᠡᠯ ︿ᠬᠠᠷ᠎ᠠ ᠳᠠᠩᠰᠠ﹀ ᠤᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ 8 ᠵᠦᠢᠯ ᠤᠨ ᠪᠠᠶᠢᠳᠠᠯ ᠢ | ᠥᠪᠡᠷᠲᠡᠭᠡᠨ ᠵᠠᠰᠠᠭ ᠣᠷᠣᠨ ᠤ ᠳᠡᠰ ᠤᠨ ᠠᠶᠤᠯᠭᠦᠶ ᠦᠢᠯᠡᠳᠪᠦᠷᠢᠯᠡᠯ ᠤᠨ ᠮᠠᠭᠤ ᠲᠡᠮᠳᠡᠭᠯᠡᠯ ᠤᠨ ︽ᠬᠠᠷ᠎ᠠ ᠳᠠᠩᠰᠠ | ︾ ᠳᠤ ᠣᠷᠣᠭᠤᠯᠪᠠ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ︽ᠬᠠᠷ᠎ᠠ ᠳᠠᠩᠰᠠ︾ ᠳᠤ ᠣᠷᠣᠭᠤᠯᠤᠨ | ᠬᠠᠮᠢᠶᠠᠷᠬᠤ ᠬᠤᠭᠤᠴᠠᠭ᠎ᠠ ᠨᠢ ᠶᠡᠷᠦᠩᠬᠡᠢ ᠳᠡᠭᠡᠨ 1 ᠵᠢᠯ᠂ ᠨᠡᠶᠢᠲᠡᠯᠡᠭᠰᠡᠨ ᠡᠳᠦᠷ ᠠᠴᠠ ᠡᠬᠢᠯᠡᠵᠦ ᠪᠤᠳᠤᠨ᠎ᠠ᠃ ︽ | ᠬᠠᠷ᠎ᠠ ᠲᠠᠩᠰᠠ ︾ ᠶᠢᠨ ᠬᠠᠮᠢᠶᠠᠷᠤᠯᠲᠠ ᠳᠤ ᠦᠷᠭᠦᠯᠵᠢᠯᠡᠨ ᠣᠷᠣᠭᠰᠠᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢ ᠬᠤᠶᠠᠷᠳᠠᠭᠢ ᠤᠳᠠᠭ᠎ᠠ ︽ᠬᠠᠷ᠎ᠠ ᠳᠠᠩᠰᠠ︾ ᠳᠤ ᠣᠷᠣᠭᠤᠯᠤᠨ ᠬᠠᠮᠢᠶᠠᠷᠤᠭᠰᠠᠨ ᠠᠴᠠ ᠡᠬᠢᠯᠡᠨ᠂ | ᠬᠠᠮᠢᠶᠠᠷᠬᠤ ᠬᠤᠭᠤᠴᠠᠭ᠎ᠠ ᠨᠢ 3 ᠵᠢᠯ ᠪᠣᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ︽ᠬᠠᠷ᠎ᠠ | ᠳᠠᠩᠰᠠ︾ ᠶᠢᠨ ᠬᠠᠮᠢᠶᠠᠷᠤᠯᠲᠠ ᠳᠤ ᠣᠷᠣᠭᠤᠯᠤᠭᠰᠠᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠭᠠᠵᠠᠷ᠂ ᠡᠯ᠎ᠡ | ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠪᠠ ᠵᠠᠯᠬᠠᠭᠠᠨ | ᠴᠡᠭᠡᠷᠯᠡᠭᠦᠯᠬᠦ ᠲᠦᠷᠢᠮ ᠲᠣᠭᠲᠠᠭᠠᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠲᠦᠷᠦᠯ ᠵᠦᠢᠯ ᠪᠠᠶᠢᠭᠤᠯᠬᠤ᠂ ᠭᠠᠵᠠᠷ ᠰᠢᠷᠣᠶ ᠬᠡᠷᠡᠭᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠢᠷᠢ ᠬᠡᠮ ᠢ | ᠦᠨᠡᠮᠰᠢᠨ ᠲᠣᠭᠲᠠᠭᠠᠬᠤ᠂ ᠡᠳ᠋ ᠤᠨ ᠵᠠᠰᠠᠭ ᠤᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠡᠯᠡ | ᠮᠥᠩᠭᠦ ᠬᠦᠷᠲᠡᠬᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ᠂ ᠠᠭᠤᠷᠬᠠᠶ ᠮᠠᠯᠲᠠᠬᠤ ᠡᠷᠬᠡ | ᠤᠯᠬᠤ ᠵᠡᠷᠭᠡ ᠲᠠᠯ᠎ᠠ ᠪᠠᠷ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠵᠠᠭᠠᠷᠯᠠᠬᠤ ᠪᠤᠶᠤ ᠴᠠᠭᠠᠵᠠᠯᠠᠬᠤ ᠶᠢᠨ ᠬᠠᠮᠲᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠥᠷᠨᠢᠭᠦᠯᠬᠦ ᠶᠢᠨ ᠴᠢᠬᠤᠯᠠ | ᠯᠠᠪᠯᠠᠬᠤ ᠦᠨᠳᠦᠰᠦᠯᠡᠯ ᠪᠣᠯᠭᠠᠬᠤ ᠬᠡᠷᠡᠭᠲᠡᠶ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠵᠢᠴᠢ ᠲᠡᠭᠦᠨ ᠤ ᠭᠤᠣᠯ | ᠬᠠᠷᠢᠭᠤᠴᠠᠯᠭᠠᠲᠠᠨ ᠤ ᠡᠯ᠎ᠡ ᠱᠠᠲᠤ ᠡᠯ᠎ᠡ ᠲᠦᠷᠦᠯ ᠤᠨ ᠲᠡᠷᠢᠭᠦᠨ ᠢᠶᠠᠷ ᠬᠥᠬᠢᠭᠦᠯᠦᠨ ᠰᠠᠶᠢᠰᠢᠶᠠᠭᠳᠠᠬᠤ ᠶᠢ ︽ | ᠭᠠᠭᠴᠠ ᠫᠢᠶᠣᠣ ᠪᠠᠷ ᠦᠭᠡᠶᠢᠰᠬᠡᠬᠦ︾ ᠬᠡᠷᠡᠭᠲᠡᠢ᠃ | 8 ᠵᠦᠢᠯ ᠤᠨ ᠪᠠᠶᠢᠳᠠᠯ ᠳᠤ ᠳᠣᠣᠷᠠᠬᠢ ᠵᠦᠢᠯ ᠪᠠᠭᠲᠠᠨ᠎ᠠ᠄ | 1᠄ ᠠᠶᠤᠯᠭᠦᠶ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠠᠴᠠ ᠪᠣᠯᠵᠤ 1 | ᠵᠢᠯ ᠤᠨ ᠳᠣᠲᠣᠷ᠎ᠠ 2 ᠤᠳᠠᠭ᠎ᠠ ᠠᠴᠠ ᠳᠡᠭᠡᠭᠰᠢ ︵2 ᠤᠳᠠᠭ᠎ᠠ ᠪᠠᠭᠲᠠᠨ᠎ᠠ︶ ᠵᠠᠰᠠᠭ ᠵᠠᠬᠢᠷᠭᠠᠨ ᠤ ᠬᠦᠨᠳᠦ | ᠰᠢᠳᠬᠡᠯ ᠣᠯᠣᠭᠰᠠᠨ︔ | 2᠄ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠤᠭᠰᠠᠨ | ᠪᠤᠶᠤ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠴᠤ ᠬᠥᠮᠦᠨ ᠦᠬᠦᠭᠰᠡᠨ ᠦᠭᠡᠶ ᠪᠣᠯᠪᠠᠴᠤ ᠨᠡᠶᠢᠭᠡᠮ | ᠳᠡᠭᠡᠷ᠎ᠡ ᠮᠠᠭᠤ ᠨᠥᠯᠥᠭᠡ ᠭᠠᠷᠭᠠᠭᠰᠠᠨ︔ | 3᠄ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠬᠦᠨᠳᠦ ᠨᠣᠴᠢᠲᠠᠶ ᠣᠷᠣᠰᠢᠵᠤ ᠪᠠᠶᠢᠬᠤ | ᠪᠥᠭᠡᠳ ᠲᠣᠭᠲᠠᠭᠠᠭᠰᠠᠨ ᠬᠤᠭᠤᠴᠠᠭᠠᠨ ᠳᠤ ᠥᠯᠥ ᠴᠡᠭᠴᠡᠯᠡᠨ ᠰᠠᠶᠢᠵᠢᠷᠠᠭᠤᠯᠤᠭᠰᠠᠨ︔ | 4᠄ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠤᠭᠰᠠᠨ ᠦᠭᠡᠢ᠂ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ | ᠰᠠᠶᠢᠵᠢᠷᠠᠭᠤᠯᠤᠭᠰᠠᠨ ᠦᠭᠡᠢ ᠪᠤᠶᠤ ᠬᠢᠨᠠᠨ ᠬᠠᠮᠢᠶᠠᠷᠬᠤ ᠬᠢᠨᠠᠨ ᠪᠠᠶᠢᠴᠠᠭᠠᠬᠤ ᠶᠢᠨ ᠵᠠᠷᠯᠢᠭ ᠢ ᠭᠦᠢᠴᠡᠳᠬᠡᠬᠦ ᠶᠢ ᠡᠷᠡᠰ | ᠲᠡᠪᠴᠢᠭᠰᠡᠨ︔ | 5᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠠᠮᠤᠷ ᠲᠥᠪᠰᠢᠨ ᠤ ᠪᠡᠯᠡᠳᠬᠡᠮᠵᠢ ᠶᠢᠨ ︽ᠭᠤᠷᠪᠠ ᠶᠢ ᠵᠡᠷᠭᠡ ᠳᠤᠨᠢ︾ | ᠬᠢᠨᠠᠨ ᠵᠥᠪᠰᠢᠶᠡᠷᠡᠭᠦᠯᠬᠦ᠂ ᠬᠢᠨᠠᠨ ᠬᠠᠷᠠᠭᠤᠯᠬᠤ ᠪᠤᠶᠤ ᠳᠠᠩᠰᠠᠯᠠᠭᠤᠯᠬᠤ ᠭᠠᠷᠳᠠᠮ ᠢ ᠲᠣᠭᠲᠠᠭᠠᠯ ᠶᠣᠰᠣᠭᠠᠷ ᠥᠯᠥ | ᠭᠦᠢᠴᠡᠳᠬᠡᠭᠰᠡᠨ᠂ ᠪᠦᠳᠦᠭᠡᠠ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠥᠪᠰᠢᠨ ᠤ ᠪᠡᠯᠡᠳᠬᠡᠮᠵᠢ ᠶᠢ | ᠥᠯᠥ ᠰᠢᠯᠭᠠᠭᠤᠯᠤᠭᠰᠠᠨ ᠪᠣᠶᠣ ᠰᠢᠯᠭᠠᠭᠤᠯᠤᠭᠠᠳ ᠬᠢᠷᠢ ᠲᠡᠩᠴᠡᠭᠰᠡᠨ ᠦᠭᠡᠢ ᠪᠠᠶᠢᠲᠠᠯ᠎ᠠ ᠠᠰᠢᠭᠯᠠᠯᠲᠠ ᠳᠤ | ᠣᠷᠣᠭᠤᠯᠤᠨ ᠡᠵᠡᠩᠨᠡᠭᠰᠡᠨ︔ | 6᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠤᠬᠠᠶ ᠲᠦᠷ ᠬᠡᠷᠡᠭᠵᠢᠭᠦᠯᠬᠦ ᠲᠣᠭᠲᠠᠭᠠᠯ︾ ᠤᠨ ᠱᠠᠭᠠᠷᠳᠠᠯᠭ᠎ᠠ ᠶᠢ ᠪᠦᠲᠦᠮᠵᠢᠲᠡᠶ ᠪᠠᠷ ᠥᠯᠥ | ᠨᠠᠶᠢᠳᠠᠪᠤᠷᠢᠵᠢᠭᠤᠯᠤᠭᠰᠠᠨ᠂ ᠢᠯᠠᠩᠭᠤᠶ᠎ᠠ ᠬᠦᠨᠳᠦ ᠨᠣᠴᠢᠲᠠᠶ ᠲᠠᠯᠳᠠ ᠭᠡᠮ ᠢ ᠪᠠᠶᠢᠴᠠᠭᠠᠵᠤ ᠵᠠᠰᠠᠬᠤ ᠲᠥᠷᠢᠮ ᠢ | ᠥᠯᠥ ᠪᠠᠶᠢᠭᠤᠯᠤᠭᠰᠠᠨ ᠪᠤᠶᠤ ᠬᠡᠷᠡᠭᠵᠢᠭᠦᠯᠦᠯᠲᠡ ᠨᠢ ᠣᠷᠣᠨ ᠪᠠᠶᠢᠷᠢ ᠳᠠᠭᠠᠨ ᠥᠯᠥ ᠬᠦᠷᠴᠦ ᠴᠢᠳᠠᠭᠰᠠᠨ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ ᠢ ᠥᠯᠥ ᠲᠣᠭᠲᠠᠭᠠᠭᠰᠠᠨ ᠪᠤᠶᠤ | ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠥᠯᠥ ᠬᠢᠭᠰᠡᠨ︔ | 7᠄ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ | ︽ᠬᠠᠷ᠎ᠠ ᠲᠠᠩᠰᠠ︾ ᠳᠤ ᠣᠷᠣᠭᠤᠯᠬᠤ ᠨᠥᠬᠦᠴᠡᠯ ᠳᠤ ᠨᠡᠶᠢᠴᠡᠭᠰᠡᠨ︔ | 8᠄ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠤᠳ᠃ | |